︽︿ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ᠂ ᠰᠢᠨᠵᠢᠯᠡᠬᠦ ᠤᠬᠠᠭᠠᠨᠴᠢ᠂ ᠦᠨᠡᠨ ᠢ | ᠪᠠᠷᠢᠮᠲᠠᠯᠠᠬᠤ᠂ ᠰᠢᠨ᠎ᠡ ᠶᠢ ᠡᠭᠦᠳᠬᠦ﹀ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠵᠣᠷᠢᠭ ᠰᠠᠨᠠᠭ᠎ᠠ ᠶᠢ | ᠤᠯᠠᠮᠵᠢᠯᠠᠨ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠨ᠎ᠡ︾ ᠭᠡᠵᠦ ᠰᠢᠯᠢ ᠶᠢᠨ ᠭᠤᠣᠯ ᠠᠶᠢᠮᠠᠭ ᠤᠨ ᠤᠰᠤᠨ ᠠᠰᠢᠭᠯᠠᠯᠲᠠ ᠶᠢᠨ ᠦᠢᠯᠡᠰ ᠤᠨ | ᠬᠥᠭᠵᠢᠭᠦᠯᠦᠯᠲᠡ ᠶᠢᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠵᠠᠩ ᠬᠠᠢ ᠬᠤᠸᠠ ᠰᠤᠷᠪᠤᠯᠵᠢᠯᠠᠬᠴᠢ ᠳᠤ | ᠶᠠᠷᠢᠨ᠎ᠠ᠃ ᠡᠨᠡ ᠪᠣᠯ ᠲᠡᠭᠦᠨ ᠤ ᠬᠤᠷᠢ ᠭᠠᠷᠤᠢ ᠵᠢᠯ ᠤᠨ ᠠᠵᠢᠯ ᠤᠨ ᠳᠤᠮᠳᠠᠬᠢ ᠴᠢᠬᠤᠯᠠ ᠪᠠᠷᠢᠮᠲᠠᠯᠠᠯ ᠶᠤᠮ᠃ | ᠣᠶᠢᠷ᠎ᠠ ᠳᠤ᠂ ᠵᠠᠩ ᠬᠠᠢ ᠬᠤᠸᠠ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽5 · | 1︾ ᠤ ᠡᠮᠡᠭᠲᠡᠢ ᠳᠠᠭᠤᠷᠢᠶᠠᠯ ᠤᠨ ᠢᠷᠠᠭᠤ ᠠᠯᠳᠠᠷ ᠢ ᠬᠦᠷᠲᠡᠵᠡᠢ᠃ | ᠲᠠᠷᠢᠶᠠᠯᠠᠬᠤ ᠣᠷᠣᠨ ᠳᠤ ᠲᠦᠷᠦᠵᠦ ᠥᠰᠦᠭᠰᠡᠨ ᠵᠠᠩ ᠬᠠᠢ ᠬᠤᠸᠠ ᠬᠠᠷᠠᠬᠠᠨ ᠪᠠᠭ᠎ᠠ ᠠᠴᠠ ᠪᠠᠨ ᠤᠤᠭᠤᠬᠤ | ᠤᠰᠤᠨ ᠤ ᠬᠦ᠋ᠴᠢᠷᠳᠡᠯ ᠢ ᠰᠠᠶᠢᠨ ᠣᠶᠢᠯᠠᠭᠠᠳᠠᠭ ᠪᠠᠶᠢᠵᠤ᠂ ᠡᠨᠡ ᠬᠦ ᠪᠠᠶᠢᠳᠠᠯ ᠢ ᠬᠤᠪᠢᠷᠠᠭᠤᠯᠬᠤ ᠪᠠᠷ ᠡᠷᠲᠡ ᠵᠣᠷᠢᠭ | ᠰᠢᠭᠤᠳᠤᠭᠰᠠᠨ ᠪᠠᠶᠢᠵᠠᠢ᠃ 2000 ᠣᠨ ᠳᠤ᠂ ᠲᠡᠷᠡ ᠠᠵᠢᠯ ᠤᠨ ᠭᠠᠷᠤᠭ᠎ᠠ ᠪᠠᠨ ᠠᠪᠤᠭᠰᠠᠨ ᠠᠴᠠ ᠤᠳᠤ ᠪᠤᠯᠲᠠᠯ᠎ᠠ | ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠳᠤ 24 ᠵᠢᠯ ᠤᠶᠤᠨ | ᠤᠬᠠᠭᠠᠨ ᠬᠦᠴᠦ ᠬᠥᠯᠥᠰᠦ ᠪᠠᠨ ᠡᠷᠭᠦᠭᠰᠡᠭᠡᠷ ᠢᠷᠡᠵᠠᠢ᠃ ᠬᠤᠷᠢ ᠭᠠᠷᠤᠢ ᠵᠢᠯ ᠤᠨ ᠲᠤᠷᠰᠢ᠂ ᠲᠡᠷᠡ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠨ᠂ | ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠮᠡᠷᠭᠡᠵᠢᠯ ᠤᠨ ᠭᠤᠣᠯᠯᠠᠭᠴᠢ ᠬᠦᠴᠦᠨ ᠪᠣᠯᠵᠠᠢ᠃ | | ᠤᠯᠠᠨ ᠵᠢᠯ ᠤᠨ ᠲᠤᠷᠰᠢ᠂ ᠵᠠᠩ ᠬᠠᠢ ᠬᠤᠸᠠ ᠤᠨᠤᠯ ᠪᠣᠯᠣᠨ ᠦᠢᠯᠡᠳᠦᠯᠭᠡ ᠶᠢ ᠤᠶᠠᠯᠳᠤᠭᠤᠯᠬᠤ ᠶᠢ | ᠴᠢᠬᠤᠯᠠᠴᠢᠯᠠᠵᠤ᠂ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠰᠢᠨ᠎ᠡ ᠮᠡᠷᠭᠡᠵᠢᠯ ᠰᠢᠨ᠎ᠡ | ᠮᠡᠳᠡᠯᠭᠡ ᠶᠢ ᠴᠠᠭ ᠲᠤᠬᠠᠢ ᠳᠤᠨᠢ ᠡᠵᠡᠮᠰᠢᠵᠦ᠂ ᠲᠤᠰ ᠪᠡᠶ᠎ᠡ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠪᠣᠯᠣᠨ | ᠤᠰᠤᠨ ᠠᠰᠢᠭᠯᠠᠯᠲᠠ ᠶᠢᠨ ᠦᠢᠯᠡᠰ ᠲᠤ ᠦᠢᠯᠡᠴᠢᠯᠡᠬᠦ ᠴᠢᠳᠠᠪᠤᠷᠢ ᠬᠢᠷᠢ ᠲᠦᠪᠰᠢᠨ ᠢᠶᠠᠨ ᠲᠠᠰᠤᠷᠠᠯᠳᠡ ᠦᠭᠡᠢ | ᠳᠡᠭᠡᠭᠰᠢᠯᠡᠭᠦᠯᠵᠡᠢ᠃ ᠣᠶᠢᠷ᠎ᠠ ᠶᠢᠨ ᠵᠢᠯ ᠠᠴᠠ᠂ ᠲᠡᠷᠡ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠲᠡᠰ ᠤᠨ | ᠰᠡᠳᠬᠦᠯ ᠳᠡᠭᠡᠷ᠎ᠡ ᠤᠯᠠᠨ ᠥᠭᠦᠯᠡᠯ ᠨᠡᠶᠢᠲᠡᠯᠡᠵᠦ᠂ ᠤᠯᠠᠨ ᠤᠳᠠᠭ᠎ᠠ ᠤᠷᠢᠯᠭ᠎ᠠ ᠪᠠᠷ ᠬᠤᠯᠪᠣᠭᠳᠠᠯ ᠪᠦᠬᠦᠢ ᠪᠠᠶᠢᠭᠤᠯᠭ᠎ᠠ | ᠪᠣᠯᠣᠨ ᠬᠤᠰᠢᠭᠤ ᠰᠢᠶᠠᠨ ᠬᠤᠳᠠ ᠳᠤ ᠬᠦᠷᠴᠦ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠥᠷᠨᠢᠭᠦᠯᠦᠭᠰᠡᠨ ᠶᠤᠮ᠃ ᠲᠡᠷᠡ ᠡᠯ᠎ᠡ ᠵᠦᠢᠯ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ | ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠤᠨ ᠲᠥᠯᠦᠪᠵᠢᠭᠦᠯᠭᠡ᠂ ᠵᠢᠷᠤᠭ ᠲᠥᠯᠥᠪᠯᠡᠭᠡ ᠶᠢᠨ | ᠠᠵᠢᠯ ᠳᠤ ᠪᠡᠶ᠎ᠡ ᠪᠠᠷ ᠢᠶᠠᠨ ᠣᠷᠣᠯᠴᠠᠵᠦ᠂ ︽ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ | ᠬᠡᠷᠡᠭᠵᠢᠭᠦᠯᠬᠦ ᠲᠥᠰᠥᠯ︾ ᠢ 152᠂ ︽ᠤᠰᠤᠨ ᠳᠤ ᠠᠷᠪᠢᠲᠠᠢ ᠤᠰᠤᠯᠠᠯᠲᠠ ᠶᠢᠨ ᠢᠨᠵᠧᠨᠧᠷᠢᠩ ᠤᠨ ᠠᠩᠬ᠎ᠠ | ᠠᠯᠬᠤᠮ ᠤᠨ ᠵᠢᠷᠤᠭ ᠲᠥᠯᠥᠪᠯᠡᠭᠡ︾ ᠶᠢ 15 ᠶᠢ ᠲᠤᠰᠠᠭᠠᠷ ᠪᠡᠶᠡᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ ᠵᠡᠷᠭᠡ ᠥᠪᠡᠷᠲᠡᠭᠡᠨ | ᠵᠠᠰᠠᠬᠤ ᠣᠷᠣᠨ᠂ ᠠᠶᠢᠮᠠᠭ ᠤᠨ ᠱᠠᠲᠤᠨ ᠤ ᠴᠢᠬᠤᠯᠠ ᠲᠥᠯᠦᠪᠵᠢᠭᠦᠯᠭᠡ ᠶᠢᠨ ᠲᠥᠰᠥᠯ ᠤᠨ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠬᠤ ᠳᠤ ᠬᠤᠯᠪᠣᠭᠳᠠᠭᠰᠠᠨ 19 ᠲᠦᠷᠦᠯ ᠵᠦᠢᠯ ᠤᠨ ᠠᠵᠢᠯ ᠳᠤ ᠣᠷᠣᠯᠴᠠᠵᠤ᠂ ᠮᠠᠯᠵᠢᠬᠤ | ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ᠂ | ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠤᠰᠤᠨ ᠤ ᠴᠢᠨᠠᠷ ᠢ ᠳᠡᠭᠡᠭᠰᠢᠯᠡᠭᠦᠯᠬᠦ ᠬᠡᠷᠡᠭᠵᠢᠭᠦᠯᠬᠦ | ᠲᠥᠰᠥᠯ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠲᠥᠯᠦᠪᠵᠢᠭᠦᠯᠭᠡ ᠵᠡᠷᠭᠡ 75 ᠲᠥᠷᠥᠯ ᠵᠦᠢᠯ ᠤᠨ ᠠᠵᠢᠯ ᠳᠤ ᠣᠷᠣᠯᠴᠠᠵᠤ᠂ ᠮᠠᠰᠢ ᠣᠯᠠᠨ ᠢᠨᠵᠧᠨᠧᠷᠢᠩ ᠨᠢ | ᠰᠢᠯᠢᠳᠡᠭ ᠢᠨᠵᠧᠨᠧᠷᠢᠩ ᠪᠠ ᠵᠢᠱᠢᠶ᠎ᠡ ᠦᠵᠡᠭᠦᠯᠬᠦ ᠢᠨᠵᠧᠨᠧᠷᠢᠩ ᠢᠶᠠᠷ ᠦᠨᠡᠯᠡᠭᠳᠡᠪᠡ᠃ | ︽ᠬᠤᠶᠢᠰᠢᠳᠠ ᠶᠢᠨ ᠠᠵᠢᠯ ᠤᠨ ᠳᠤᠮᠳᠠ ᠪᠢ ᠡᠨᠡ ᠬᠦ ᠢᠷᠠᠭᠤ ᠠᠯᠳᠠᠷ ᠢᠶᠠᠨ ᠬᠤᠪᠢ ᠲᠠᠬᠢᠨ ᠨᠠᠨᠳᠢᠩᠨᠠᠵᠤ᠂ | ᠡᠭᠦᠨ ᠢᠶᠠᠷ ᠢᠶᠠᠨ ᠬᠥᠳᠡᠯᠭᠡᠬᠦ ᠬᠦᠴᠦᠨ ᠪᠣᠯᠭᠠᠨ᠂ ᠨᠡᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠨᠡᠩ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯᠯᠠᠵᠤ᠂ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠵᠠᠩ ᠬᠠᠢ ᠬᠤᠸᠠ ᠬᠡᠯᠡᠪᠡ᠃ | | |