ᠡᠨᠡ ᠵᠢᠯ 72 ᠨᠠᠰᠤᠲᠠᠢ ᠣᠶᠤᠨᠴᠢᠮᠡᠭ ᠪᠣᠯ ᠰᠢᠯᠢ ᠶᠢᠨ ᠭᠤᠣᠯ ᠠᠶᠢᠮᠠᠭ ᠲᠡᠰ ᠤᠨ ᠪᠣᠳᠠᠰ ᠤᠨ ᠪᠤᠰᠤ | ᠰᠣᠶᠣᠯ ᠤᠨ ᠥᠪ ᠲᠥᠷᠥᠯ ᠵᠦᠢᠯ ᠤᠨ ᠴᠠᠬᠠᠷ ᠬᠤᠪᠴᠠᠰᠤ ᠵᠠᠰᠠᠯ ᠤᠨ ᠲᠥᠯᠥᠭᠡᠯᠡᠭᠴᠢ᠂ ᠥᠪᠯᠡᠨ ᠤᠯᠠᠮᠵᠢᠯᠠᠭᠴᠢ | ᠪᠣᠯᠣᠨ᠎ᠠ᠃ | ᠬᠥᠪᠡᠭᠡᠲᠦ ᠰᠢᠷ᠎ᠠ ᠬᠤᠰᠢᠭᠤᠨ ᠤ ᠵᠠᠩ ᠦᠢᠯᠡ ᠰᠣᠶᠣᠯ ᠤᠨ ᠵᠡᠭᠡᠯᠢ ᠶᠢᠨ ︽ᠤᠶᠤᠠ ᠲᠡᠷᠯᠢᠭ ᠤᠨ | ᠣᠶᠣᠳᠠᠯ ᠤᠨ ᠭᠠᠵᠠᠷ︾ ᠪᠣᠯ ᠳᠠᠷᠤᠢ ᠣᠶᠤᠨᠴᠢᠮᠡᠭ ᠨᠠᠰᠤᠲᠠᠨ ᠤ ᠳᠥᠴᠢᠭᠡᠳ ᠵᠢᠯ ᠤᠨ ᠬᠢᠨᠢ ᠬᠥᠯᠥᠰᠦ ᠬᠦᠴᠦ | ᠪᠣᠯᠣᠨ᠎ᠠ᠃ ᠲᠡᠷᠡ ᠬᠡᠳᠦᠶᠢᠪᠡᠷ ᠲᠠᠯ᠎ᠠ ᠶᠢᠨ ᠳᠠᠪᠠᠭ᠎ᠠ ᠶᠢ ᠳᠠᠪᠠᠭᠰᠠᠨ ᠪᠤᠯᠪᠠᠴᠥ᠂ ᠦᠨᠳᠦᠰᠦᠲᠡᠨ ᠤ ᠬᠤᠪᠴᠠᠰᠤ | ᠵᠠᠰᠠᠯ ᠢᠶᠠᠨ ᠣᠶᠣᠵᠤ ᠤᠷᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ ᠥᠪ ᠰᠣᠶᠣᠯ ᠢᠶᠠᠨ ᠤᠯᠠᠮᠵᠢᠯᠠᠨ | ᠵᠠᠯᠭᠠᠮᠵᠢᠯᠠᠭᠰᠠᠭᠠᠷ ᠢᠷᠡᠵᠠᠢ᠃ | | | ᠣᠶᠤᠨᠴᠢᠮᠡᠭ ᠪᠣᠯ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠡᠬᠢᠨ ᠤᠰᠤ | ᠭᠠᠴᠠᠭᠠᠨ ᠤ ᠮᠠᠯᠴᠢᠨ ᠪᠣᠯᠣᠨ᠎ᠠ᠃ ᠲᠡᠷᠡ 20 ᠵᠢᠯ ᠤᠨ ᠡᠮᠦᠨ᠎ᠡ᠂ ᠡᠵᠢ ᠠᠴᠠ ᠪᠠᠨ ᠰᠤᠷᠤᠠᠠᠰᠠᠠ ᠣᠶᠣᠳᠠᠯ ᠤᠨ ᠤᠷ᠎ᠠ | ᠠᠪᠢᠶᠠᠰ ᠢᠶᠠᠷ ᠢᠶᠠᠨ ᠪᠣᠭᠳᠠ ᠶᠢᠨ ᠭᠤᠣᠯ ᠰᠤᠮᠤᠨ ᠲᠥᠪ ᠲᠤ ᠬᠤᠪᠴᠠᠰᠤ ᠣᠶᠣᠬᠤ ᠭᠠᠵᠠᠷ ᠭᠠᠷᠭᠠᠨ | ᠤᠷᠤᠯᠭ᠎ᠠ ᠪᠠᠨ ᠨᠡᠮᠡᠭᠳᠡᠭᠦᠯᠳᠡᠭ ᠪᠠᠶᠢᠨ᠎ᠠ᠃ 2006 ᠣᠨ ᠳᠤ ᠬᠤᠲᠠ ᠣᠷᠣᠵᠤ ᠦᠢᠯᠡᠰ ᠪᠣᠰᠬᠠᠨ ᠰᠢᠨᠡᠪᠤᠯᠠᠭ | ᠪᠠᠯᠭᠠᠰᠤᠨ ᠳᠤ ᠦᠨᠳᠦᠰᠦᠲᠡᠨ ᠤ ᠬᠤᠪᠴᠠᠰᠤ ᠵᠠᠰᠠᠯ ᠤᠨ ᠳᠡᠯᠭᠡᠭᠦᠷ ᠡᠷᠬᠢᠯᠡᠭᠰᠡᠨ ᠠᠴᠠ ᠨᠠᠭᠠᠰᠢ᠂ ᠣᠶᠤᠨᠴᠢᠮᠡᠭ | ᠤᠷᠢᠳ ᠬᠤᠵᠢᠳ ᠠᠷᠪᠠᠨ ᠬᠡᠳᠦᠨ ᠱᠠᠪᠢ ᠬᠥᠮᠥᠵᠢᠭᠦᠯᠵᠦ᠂ ᠲᠡᠳᠡᠨ ᠳᠤ ᠴᠠᠬᠠᠷ ᠬᠤᠪᠴᠠᠰᠤ ᠵᠠᠰᠠᠯ᠂ ᠵᠡᠭᠦᠦ | ᠣᠷᠢᠶᠠᠬᠤ᠂ ᠡᠰᠬᠡᠯᠲᠡ᠂ ᠲᠣᠯᠣᠭᠠᠢ ᠶᠢᠨ ᠵᠠᠰᠠᠯ ᠵᠡᠷᠭᠡ ᠠᠯᠢ ᠣᠯᠠᠨ ᠤᠯᠠᠮᠵᠢᠯᠠᠯᠲᠤ ᠤᠷ᠎ᠠ ᠮᠡᠷᠭᠡᠵᠢᠯ ᠢ ᠵᠢᠭᠠᠵᠠᠢ᠃ | ︽ᠪᠢ ᠠᠷᠪᠠᠨ ᠳᠣᠯᠣᠭᠠᠨ ᠨᠠᠰᠤᠲᠠᠢ ᠠᠴᠠ ᠪᠠᠨ ᠣᠶᠣᠳᠠᠯ ᠬᠢᠭᠰᠡᠨ︔ ᠤᠭ ᠠᠴᠠ ᠪᠠᠨ ᠳᠤᠷ᠎ᠠ ᠪᠠᠭ᠋ᠠᠲᠠᠢ︔ | ᠣᠶᠣᠳᠠᠯ ᠤᠨ ᠮᠡᠷᠭᠡᠵᠢᠯ ᠢᠶᠠᠨ ᠵᠠᠯᠠᠭᠤᠴᠤᠳ ᠳᠠᠭᠠᠨ ᠢᠯᠡᠭᠦᠦ ᠵᠢᠭᠠᠵᠤ ᠤᠯᠠᠮᠵᠢᠯᠠᠶ᠎ᠠ ᠭᠡᠵᠦ ᠪᠤᠳᠤᠵᠤ ᠪᠠᠶᠢᠨ᠎ᠠ︾ | ᠭᠡᠵᠦ ᠣᠶᠤᠨᠴᠢᠮᠡᠭ ᠶᠠᠷᠢᠯ᠎ᠠ᠃ | | | ᠦᠨᠳᠦᠰᠦᠲᠡᠨ ᠤ ᠬᠤᠪᠴᠠᠰᠤ ᠵᠠᠰᠠᠯ ᠨᠢ ᠦᠢ ᠤᠯᠠᠨ ᠣᠶᠣᠳᠠᠯᠴᠢᠳ ᠤᠨ ᠪᠠᠷᠢᠮᠲᠠᠯᠠᠯ ᠪᠠ ᠳᠤᠷ᠎ᠠ | ᠪᠠᠬ᠎ᠠ ᠶᠢᠨ ᠦᠷ᠎ᠡ ᠪᠦᠲᠦᠭᠡᠯ ᠪᠠᠶᠢᠵᠤ᠂ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠨᠢᠭᠡ ᠠᠭᠤᠯᠭ᠎ᠠ ᠪᠣᠯᠤᠭᠰᠠᠨ | ᠪᠠᠶᠢᠨ᠎ᠠ᠃ | | |