ᠬᠠᠯᠠᠭᠤᠨ ᠰᠡᠳᠬᠢᠯ ᠲᠠᠢ ᠣᠷᠴᠢᠨ ᠲᠣᠭᠤᠷᠢᠨ ᠤ ᠰᠠᠬᠢᠨ ᠬᠠᠮᠠᠭᠠᠯᠠᠭᠴᠢ ᠰᠢᠦᠢ ᠾᠦᠢ
ᠨᠡᠶᠢᠲᠡᠯᠡᠭᠰᠡᠨ ᠴᠠᠭ᠄
2024/6/7

    ᠰᠢᠦᠢ ᠾᠦᠢ ᠪᠣᠯ ᠪᠠᠷᠠᠭᠤᠨ ᠦᠵᠦᠮᠦᠴᠢᠨ ᠬᠤᠰᠢᠭᠤᠨ ᠤ ᠣᠷᠴᠢᠨ ᠲᠣᠭᠤᠷᠢᠨ ᠤ ᠴᠡᠪᠡᠷᠯᠡᠭᠴᠢ᠂ 15 ᠵᠢᠯ

ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠳᠤ ᠭᠠᠪᠰᠢᠭᠠᠶᠢᠯᠠᠨ᠂ ᠬᠠᠲᠠᠭᠤᠵᠢᠯᠲᠠᠢ ᠠᠵᠢᠯᠯᠠᠵᠤ᠂ ᠴᠡᠪᠡᠷ

ᠲᠠᠭᠠᠯᠠᠮᠵᠢᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠳᠤ ᠥᠪᠡᠷ ᠤᠨ ᠭᠡᠰᠡᠨ ᠬᠤᠪᠢ ᠨᠡᠮᠡᠷᠢ ᠪᠠᠨ

ᠦᠵᠡᠭᠦᠯᠦᠭᠰᠡᠭᠡᠷ ᠢᠷᠡᠵᠡᠢ  ᠃

    2023 ᠣᠨ ᠤ10 ᠰᠠᠷ᠎ᠠ ᠶᠢᠨ 31 ᠤ ᠣᠷᠣᠢ᠂ ᠰᠢᠦᠢ ᠾᠦᠢ ᠠᠵᠢᠯᠯᠠᠵᠤ ᠪᠠᠶᠢᠭ᠎ᠠ ᠶᠠᠪᠤᠴᠠ ᠳᠠᠭᠠᠨ

ᠨᠢᠭᠡᠨ 2 ᠨᠠᠰᠤᠲᠠᠢ ᠬᠡᠦᠬᠡᠳ ᠵᠠᠰᠠᠮᠠᠯ ᠵᠠᠮ ᠢᠶᠠᠷ ᠭᠠᠭᠴᠠᠭᠠᠷ ᠢᠶᠠᠨ ᠤᠭᠢᠯᠠᠨ ᠶᠠᠪᠤᠵᠤ ᠪᠠᠶᠢᠭ᠎ᠠ ᠶᠢ ᠣᠯᠵᠤ

ᠬᠠᠷᠠᠭᠠᠳ ᠳᠠᠷᠤᠢ ᠲᠦᠷᠭᠡᠨ ᠬᠡᠦᠬᠡᠳ ᠢ ᠠᠮᠤᠷ ᠢ ᠬᠠᠮᠠᠭᠠᠯᠠᠬᠤ ᠭᠠᠵᠠᠷ ᠳᠠᠭᠠᠭᠤᠯᠵᠤ ᠣᠴᠢᠨ᠂ ᠬᠡᠦᠬᠡᠳ ᠢ

ᠠᠷᠭᠠᠳᠠᠬᠤ ᠶᠢᠨ ᠳᠠᠭᠠᠤ ᠬᠡᠦᠬᠡᠳ ᠤᠨ ᠶᠠᠷᠢᠶᠠᠨ ᠠᠴᠠ ᠡᠵᠢ ᠲᠠᠢ ᠪᠠᠨ ᠬᠠᠮᠲᠤ ᠣᠶᠢᠷ᠎ᠠ ᠬᠤᠪᠢ ᠶᠢᠨ

ᠴᠡᠴᠡᠷᠯᠢᠭ ᠠᠴᠠ ᠠᠬ᠎ᠠ ᠪᠠᠨ ᠲᠤᠰᠬᠤ ᠭᠡᠵᠦ ᠢᠷᠡᠭᠡᠳ ᠪᠤᠴᠠᠬᠤ ᠵᠠᠮ ᠳᠠᠭᠠᠨ ᠡᠵᠢ ᠠᠴᠠ ᠪᠠᠨ ᠰᠠᠯᠤᠭᠠᠳ

ᠶᠠᠪᠤᠭᠰᠠᠨ ᠢ ᠮᠡᠳᠡᠭᠰᠡᠨ ᠪᠠᠶᠢᠨ᠎ᠠ᠃ ᠰᠢᠦᠢ ᠾᠦᠢ ᠴᠡᠴᠡᠷᠯᠢᠭ ᠤᠨ ᠪᠠᠭᠰᠢ ᠲᠠᠢ ᠨᠢ ᠢᠳᠡᠪᠬᠢᠲᠡᠢ ᠬᠠᠷᠢᠯᠴᠠᠨ᠂

ᠬᠡᠦᠬᠡᠳ ᠤᠨ ᠭᠡᠷ ᠤᠨ ᠠᠬᠠᠮᠠᠳ ᠢ ᠨᠢ ᠣᠯᠵᠤ ᠥᠭᠭᠦᠭᠰᠡᠨ ᠪᠠᠶᠢᠨ᠎ᠠ᠃

    ᠬᠡᠦᠬᠡᠳ ᠤᠨ ᠠᠪᠤ ᠡᠵᠢ ᠨᠢ ᠰᠢᠦᠢ ᠾᠦᠢ ᠳᠤ ᠬᠡᠮᠡᠷᠯᠢᠭ ᠲᠤᠭ  ᠬᠦᠷᠭᠡᠵᠦ᠂ ᠲᠡᠭᠦᠨ ᠤ ᠰᠠᠶᠢᠨ ᠰᠠᠶᠢᠬᠠᠨ

ᠦᠢᠯᠡ ᠠᠵᠢᠯᠯᠠᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠡᠢ᠃ ᠰᠢᠦᠢ ᠾᠦᠢ᠄ ︿︿ᠮᠢᠨᠤ ᠪᠣᠳᠤᠬᠤ ᠪᠠᠷ

ᠡᠶᠢᠮᠦ ᠪᠠᠶᠢᠳᠠᠯ ᠳᠤ ᠬᠥᠮᠥᠨ ᠪᠣᠯᠭᠠᠨ ᠬᠠᠪᠰᠤᠷᠤᠯᠭ᠎ᠠ ᠦᠵᠡᠭᠦᠯᠬᠦ ᠪᠠᠶᠢᠬ᠎ᠠ᠂  ᠪᠢ  ᠵᠥᠪᠬᠡᠨ ᠬᠥᠮᠥᠨ ᠪᠣᠯᠭᠠᠨ ᠤ

ᠬᠢᠳᠡᠭ ᠠᠵᠢᠯ ᠢ ᠬᠢᠯ᠎ᠡ﹀﹀ ᠭᠡᠯ᠎ᠡ᠃

    ᠪᠠᠷᠠᠭᠤᠨ ᠦᠵᠦᠮᠦᠴᠢᠨ ᠬᠤᠰᠢᠭᠤᠨ ᠳᠤ ᠰᠢᠦᠢ ᠾᠦᠢ ᠰᠢᠭ ᠣᠷᠴᠢᠨ ᠲᠣᠭᠤᠷᠢᠨ ᠤ ᠠᠷᠢᠭᠤᠨ ᠴᠡᠪᠡᠷ ᠤᠨ

ᠠᠵᠢᠯᠴᠢᠨ  ᠣᠯᠠᠨ ᠪᠠᠶᠢᠳᠠᠭ᠃ ᠲᠡᠳᠡᠨᠡᠷ ᠤᠨ ᠴᠢᠷᠮᠠᠶᠢᠯᠭ᠎ᠠ ᠵᠢᠳᠬᠦᠯ ᠨᠢ ᠦᠵᠡᠰᠬᠦᠯᠡᠩᠲᠦ ᠰᠠᠶᠢᠬᠠᠨ ᠬᠤᠳᠠ

ᠪᠠᠯᠭᠠᠰᠤᠨ᠎ᠠ ᠪᠢᠴᠢᠭᠯᠡᠭᠳᠡᠵᠦ᠂ ᠡᠬᠡᠯ ᠵᠢᠷ ᠤᠨ ᠠᠵᠢᠯ ᠤᠨ ᠪᠠᠶᠢᠷᠢᠨ ᠳᠠᠭᠠᠨ ᠵᠢᠷ ᠤᠨ ᠪᠤᠰᠤ ᠬᠤᠪᠢ ᠨᠡᠮᠡᠷᠢ ᠪᠠᠨ

ᠦᠵᠡᠭᠦᠯᠵᠦ ᠶᠠᠪᠤᠨ᠎ᠠ᠃

 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号