ᠤᠯᠠᠭᠠᠢ ᠬᠠᠮᠢᠶᠠᠷᠤᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10

    7 ᠰᠠᠷ᠎ᠠ ᠶᠢᠨ 8 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ ᠲᠣᠪᠴᠢᠶ᠎ᠠ

ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠪᠣᠯᠣᠨ ᠠᠶᠤᠯ

ᠲᠦᠭᠰᠢᠭᠦᠷᠢ ᠶᠢᠨ ᠲᠠᠯᠳᠠ ᠬᠡᠮ ᠢ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂

ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠥᠷᠡᠨ ᠨᠥᠬᠦᠷ

ᠡᠷᠬᠢᠯᠡᠵᠣ᠂ ᠣᠰᠣᠨ ᠠᠰᠢᠭᠯᠠᠯᠲᠠ ᠶᠢᠨ ᠲᠣᠪᠴᠢᠶᠠᠨ ᠤ ᠤᠳᠤᠷᠢᠳᠬᠤ ᠪᠠᠭ ᠤᠨ ᠭᠡᠰᠢᠭᠦᠨ᠂ ᠡᠯ᠎ᠡ ᠲᠠᠰᠤᠭ ᠤᠨ

ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

    ᠬᠤᠷᠠᠯ ᠠᠴᠠ ︽ᠤᠯᠠᠭᠠᠢ ᠬᠠᠮᠢᠶᠠᠷᠤᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠵᠥᠪᠯᠡᠯ ᠤᠨ ᠠᠯᠪᠠᠨ ᠭᠡᠷ ᠤᠨ ︿ᠤᠯᠠᠭᠠᠢ ᠬᠠᠮᠢᠶᠠᠷᠤᠯᠲᠠ ᠶᠢᠨ ᠣᠷᠣᠨ ᠤ ᠠᠮᠢ ᠠᠬᠤᠢ ᠣᠷᠴᠢᠨ

ᠲᠣᠭᠤᠷᠢᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ

ᠪᠠᠶᠢᠴᠠᠭᠠᠵᠤ ᠴᠡᠭᠴᠡᠯᠡᠨ ᠵᠠᠰᠠᠬᠤ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠢᠴᠢ ︽ᠤᠯᠠᠭᠠᠢ

ᠬᠠᠮᠢᠶᠠᠷᠤᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠪᠠ

ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠰᠠᠭᠤᠳᠠᠯ ᠤᠨ ᠨᠠᠷᠢᠨ

ᠲᠠᠩᠰᠠ︾ ᠶᠢ ᠨᠠᠷᠢᠨ ᠲᠠᠶᠢᠯᠪᠤᠷᠢᠯᠠᠭᠰᠠᠨ ᠪᠥᠭᠡᠳ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠭᠦᠷᠭᠡ ᠶᠢ

ᠲᠣᠬᠢᠷᠠᠭᠤᠯᠤᠨ ᠪᠠᠶᠢᠷᠢᠯᠠᠭᠤᠯᠪᠠ᠃

    ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ

ᠲᠣᠪᠴᠢᠶ᠎ᠠ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ  ᠪᠠᠶᠢᠯᠭᠠᠬᠤ᠂

ᠰᠢᠰᠲ᠋ᠧᠮ ᠢ ᠵᠠᠰᠠᠬᠤ᠂ ᠬᠤᠶᠠᠷ  ᠲᠠᠯ᠎ᠠ  ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠪᠠᠷᠢᠮᠲᠠᠯᠠᠵᠤ᠂

ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠵᠢᠴᠢ ᠳᠡᠭᠡᠳᠦ

ᠱᠠᠲᠤᠨ ᠤ ᠣᠰᠣᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪ ᠤᠳᠤᠷᠢᠳᠤᠯᠭ᠎ᠠ

ᠳᠣᠣᠷ᠎ᠠ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠣᠰᠣᠨ ᠤ

ᠡᠬᠢ ᠪᠠᠶᠠᠯᠢᠭ ᠤᠨ ᠬᠠᠮᠢᠶᠠᠷᠤᠯᠲᠠ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠵᠡᠷᠭᠡ ᠭᠤᠣᠯ ᠠᠵᠢᠯ ᠢ

ᠨᠢᠭᠡᠳᠦᠯᠲᠡᠢ ᠲᠥᠯᠥᠪᠯᠡᠨ ᠠᠬᠢᠭᠤᠯᠵᠤ᠂ ᠣᠰᠣᠨ ᠤ ᠡᠬᠢ ᠰᠣᠷᠪᠣᠯᠵᠢ ᠶᠢ ᠨᠡᠭᠡᠭᠡᠨ ᠠᠰᠢᠭᠯᠠᠬᠤ ᠳᠤ ᠡᠮᠬᠢ

ᠳᠢᠭᠯᠢᠮ ᠲᠠᠢ ᠪᠠᠶᠢᠬᠤ ᠶᠢ ᠪᠡᠶᠡᠯᠡᠭᠦᠯᠵᠡᠢ᠃

    ᠬᠤᠷᠠᠯ ᠠᠴᠠ᠂ ᠡᠯ᠎ᠡ ᠡᠭᠦᠷᠭᠡ ᠴᠢᠳᠠᠪᠬᠢ ᠶᠢᠨ ᠲᠠᠰᠤᠭ ᠬᠠᠮᠢᠶᠠᠷᠤᠯᠲᠠ ᠶᠢᠨ ᠣᠷᠣᠨ ᠤ ᠠᠮᠢ ᠠᠬᠤᠢ ᠣᠷᠴᠢᠨ

ᠲᠣᠭᠤᠷᠢᠨ ᠤ ᠬᠦᠷᠢᠶᠡᠨ ᠤ ᠲᠣᠪᠣᠶᠢᠮ᠎ᠠ ᠠᠰᠠᠭᠤᠳᠠᠯ ᠪᠣᠯᠣᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ

ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ

ᠬᠦᠷᠢᠶᠡᠨ ᠤ ᠲᠣᠪᠣᠶᠢᠮ᠎ᠠ ᠠᠰᠠᠭᠤᠳᠠᠯ ᠢ ᠨᠠᠷᠢᠨ ᠬᠢᠨᠠᠮᠠᠭᠠᠢ  ᠵᠢᠭᠰᠠᠭᠠᠨ  ᠪᠠᠶᠢᠴᠠᠭᠠᠬᠤ  ᠬᠡᠷᠡᠭᠲᠡᠢ᠃ ᠨᠢᠭᠡ ᠳᠤ᠂

ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂

ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠪᠣᠯᠣᠨ ᠬᠥᠷᠥᠰᠥ ᠰᠢᠷᠣᠢ ᠶᠢ

ᠬᠠᠮᠠᠭᠠᠯᠠᠬᠤ ︽ᠭᠤᠷᠪᠠ ᠶᠢ ᠬᠠᠮᠲᠤ ᠳᠤᠨᠢ ᠬᠢᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ

ᠪᠠᠶᠠᠯᠢᠭ ᠢ ᠪᠦᠲᠦᠮᠵᠢᠲᠡᠶ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠵᠦᠢ ᠵᠣᠬᠢᠰᠲᠠᠢ ᠲᠣᠬᠢᠷᠠᠭᠤᠯᠬᠤ᠂

ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ ᠬᠡᠷᠡᠭᠲᠡᠢ︔ ᠬᠤᠶᠠᠷ ᠲᠤ᠂ ᠭᠤᠣᠯ ᠮᠥᠷᠡᠨ ᠨᠠᠭᠤᠷ

ᠴᠥᠭᠦᠷᠥᠮ ᠢ ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠤᠯᠠᠨ ᠲᠦᠮᠡᠨ ᠢ

ᠬᠥᠲᠥᠯᠥᠨ ᠵᠢᠯᠤᠭᠤᠳᠴᠤ ᠪᠠᠶᠢᠭᠠᠳ ᠭᠤᠣᠯ ᠮᠥᠷᠡᠨ ᠨᠠᠭᠤᠷ ᠴᠥᠭᠦᠷᠥᠮ ᠢ ᠬᠠᠶᠢᠷᠠᠯᠠᠨ ᠬᠠᠯᠠᠮᠵᠢᠯᠠᠵᠤ᠂ ᠭᠤᠣᠯ

ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ ᠢ ᠠᠷᠢᠯᠭᠠᠬᠤ︾ ᠠᠵᠢᠯ ᠢ ᠭᠦᠨᠵᠡᠭᠡᠢ ᠦᠷᠭᠦᠯᠵᠢᠯᠡᠨ

ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠢᠮᠠᠭᠲᠠ ᠴᠢᠩᠭᠠᠳᠬᠠᠬᠤ

ᠬᠡᠷᠡᠭᠲᠡᠢ︔ ᠭᠤᠷᠪᠠ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ

ᠪᠣᠯᠣᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠤᠨ ᠡᠬᠡ ᠲᠠᠩᠰᠠ ᠶᠢ

ᠪᠠᠶᠢᠭᠤᠯᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ

ᠲᠣᠪᠣᠶᠢᠮ᠎ᠠ ᠠᠰᠠᠭᠤᠳᠠᠯ ᠪᠣᠯᠣᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠳᠤ

ᠰᠠᠶᠢᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号