ᠤᠯᠠᠭᠠᠢ ᠬᠠᠮᠢᠶᠠᠷᠤᠯᠲᠠ ᠶᠢᠨ ᠣᠷᠣᠨ ᠤ ᠴᠠᠬᠢᠯᠭᠠᠨ ᠬᠠᠩᠭᠠᠬᠤ ᠨᠠᠶᠢᠳᠠᠪᠤᠷᠢᠲᠠᠢ ᠭᠦᠢᠴᠡᠳᠬᠡᠯ ᠲᠤᠭ᠎ᠠ ᠶᠢ | ᠬᠢᠨᠠᠨ ᠬᠠᠮᠢᠶᠠᠷᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠤᠯᠠᠭᠠᠢ ᠴᠠᠬᠢᠯᠭᠠᠨ ᠬᠠᠩᠭᠠᠬᠤ ᠬᠤᠪᠢᠶᠠᠷᠢ | ᠺᠣᠮᠫᠠᠨᠢ ᠶᠢᠨ 2024 ᠣᠨ ᠤ ᠬᠤᠶᠠᠳᠤᠭᠠᠷ ᠤᠯᠠᠷᠢᠯ ᠤᠨ ᠴᠠᠬᠢᠯᠭᠠᠨ ᠬᠠᠩᠭᠠᠬᠤ ᠨᠠᠶᠢᠳᠠᠪᠤᠷᠢᠲᠠᠢ ᠭᠦᠢᠴᠡᠳᠬᠡᠯ | ᠲᠤᠭ᠎ᠠ ᠶᠢ ᠬᠢᠨᠠᠨ ᠬᠠᠷᠭᠤᠭᠤᠯᠵᠤ ᠪᠦᠷᠢᠳᠬᠡᠨ᠂ ᠲᠤᠬᠠᠢ ᠶᠢᠨ ᠲᠠᠯᠠᠪᠤᠷ ᠤᠨ ᠬᠢᠨᠠᠨ ᠬᠠᠷᠭᠤᠭᠤᠯᠤᠯᠲᠠ ᠪᠠ | ᠰᠢᠰᠲ᠋ᠧᠮ ᠤᠨ ᠪᠦᠷᠢᠳᠬᠡᠯ ᠤᠨ ᠦᠷ᠎ᠡ ᠳ᠋ᠦᠩ ᠢ ᠦᠨᠳᠦᠰᠦᠯᠡᠨ᠂ ᠣᠲᠣ 2024 ᠣᠨ ᠤ ᠬᠤᠶᠠᠳᠤᠭᠠᠷ | ᠤᠯᠠᠷᠢᠯ ᠤᠨ ᠨᠠᠶᠢᠳᠠᠪᠤᠷᠢᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄ | 2024 ᠣᠨ ᠤ ᠬᠤᠶᠠᠳᠤᠭᠠᠷ ᠤᠯᠠᠷᠢᠯ ᠳᠤ᠂ ᠪᠥᠬᠦ ᠰᠢᠰᠲ᠋ᠧᠮ ᠤᠨ ᠬᠡᠷᠡᠭᠯᠡᠭᠴᠢ ︵1+2+3+4︶ ᠶᠢᠨ | ᠳᠤᠮᠳᠠᠴᠢ ᠴᠠᠬᠢᠯᠭᠠᠨ ᠵᠣᠭᠰᠣᠭᠰᠠᠨ ᠴᠠᠭ ᠨᠡᠶᠢᠲᠡ 4.03h/ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 1.27h / ᠡᠷᠦᠬᠡ ᠨᠡᠮᠡᠭᠳᠡᠪᠡ᠃ ᠡᠭᠦᠨ ᠳᠤ ᠬᠤᠲᠠ ᠪᠠᠯᠭᠠᠰᠤ ᠶᠢᠨ ᠬᠡᠷᠡᠭᠯᠡᠭᠴᠢ ︵1+2+3ᠠᠮᠠ ᠰᠡᠭᠡᠷ︶ ᠶᠢᠨ | ᠳᠤᠮᠳᠠᠴᠢ ᠴᠠᠬᠢᠯᠭᠠᠨ ᠵᠣᠭᠰᠣᠭᠰᠠᠨ ᠴᠠᠭ ᠨᠢ ᠨᠡᠶᠢᠲᠡ 0.02 h/ᠡᠷᠦᠬᠡ ᠪᠠᠶᠢᠵᠤ᠂ ᠠᠳᠠᠯᠢ ᠬᠤᠭᠤᠴᠠᠭᠠᠨ ᠤ | ᠬᠢ ᠠᠴᠠ 0.35h/ᠡᠷᠦᠬᠡ ᠪᠠᠭᠤᠷᠠᠵᠤ᠂ ᠬᠥᠳᠡᠭᠡ ᠲᠣᠰᠬᠤᠨ ᠤ ᠬᠡᠷᠡᠭᠯᠡᠭᠴᠢ ︵4︶ ᠶᠢᠨ ᠳᠤᠮᠳᠠᠴᠢ ᠴᠠᠬᠢᠯᠭᠠᠨ | ᠵᠣᠭᠰᠣᠭᠰᠠᠨ ᠴᠠᠭ ᠨᠢ ᠨᠡᠶᠢᠲᠡ 4.64h / ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.45h/ | ᠡᠷᠦᠬᠡ ᠨᠡᠮᠡᠭᠳᠡᠪᠡ᠃ | ︽ᠤᠯᠠᠭᠠᠢ ᠬᠠᠮᠢᠶᠠᠷᠤᠯᠲᠠ ᠶᠢᠨ ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠬᠠᠩᠭᠠᠬᠤ ᠨᠠᠶᠢᠳᠠᠪᠤᠷᠢᠲᠤ | ᠴᠢᠨᠠᠷ ᠤᠨ ᠬᠠᠮᠢᠶᠠᠷᠤᠯᠲᠠ ᠱᠠᠩᠨᠠᠯ ᠲᠣᠷᠭᠠᠭᠤᠯᠢ ᠶᠢᠨ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠨ᠂ ᠤᠯᠠᠭᠠᠢ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠤᠶᠠᠳᠤᠭᠠᠷ ᠤᠯᠠᠷᠢᠯ ᠤᠨ ᠭᠦᠢᠴᠡᠳᠬᠡᠯ | ᠲᠤᠭ᠎ᠠ ᠶᠢᠨ ᠭᠦᠢᠴᠡᠳᠬᠡᠯ ᠲᠤᠭ᠎ᠠ ᠶᠢᠨ ᠶᠡᠷᠦᠩᠬᠡᠢ ᠭᠦᠢᠴᠡᠳᠬᠡᠯ ᠲᠤᠭ᠎ᠠ ᠶᠢᠨ ᠬᠢᠨᠠᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠬᠠᠩᠭᠠᠵᠤ᠂ ᠤᠯᠠᠭᠠᠢ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠭᠦᠢᠴᠡᠳᠬᠡᠯ ᠲᠤᠭ᠎ᠠ ᠶᠢᠨ | ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠨ ᠤ ᠬᠢᠨᠠᠨ ᠬᠠᠮᠢᠶᠠᠷᠤᠯᠲᠠ ᠶᠢᠨ ᠭᠦᠢᠴᠡᠳᠬᠡᠯ | ᠲᠤᠭ᠎ᠠ ᠶᠢ ᠪᠡᠶᠡᠯᠡᠭᠦᠯᠬᠦ ᠶᠢ ᠪᠠᠲᠤᠯᠠᠵᠤ᠂ ᠤᠯᠠᠭᠠᠢ ᠭᠠᠵᠠᠷ ᠣᠷᠣᠨ ᠤ ᠴᠠᠬᠢᠯᠭᠠᠨ ᠬᠠᠩᠭᠠᠬᠤ ᠢᠲᠡᠭᠡᠮᠵᠢ ᠶᠢᠨ ᠬᠢᠷᠢ | ᠲᠦᠪᠰᠢᠨ ᠢ ᠦᠷᠬᠦᠯᠵᠢᠯᠡᠨ ᠲᠡᠭᠡᠭᠰᠢᠯᠡᠬᠦᠯᠦᠨ᠎ᠡ᠃ | ᠤᠯᠠᠭᠠᠢ ᠬᠠᠮᠢᠶᠠᠷᠤᠯᠲᠠ ᠶᠢᠨ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ | 2024 ᠣᠨ ᠤ 7 ᠰᠠᠷ᠎ᠠ ᠶᠢᠨ 2 ᠤᠨ ᠡᠳᠦᠷ | | |