ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠲᠠᠶᠢᠴᠢᠯᠠᠨ ᠬᠦᠴᠦ ᠪᠠᠨ ᠬᠠᠮᠲᠤᠳᠬᠠᠵᠤ ︿ᠤᠮᠠᠷᠠᠲᠤ ᠶᠢᠨ | ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠰᠠᠨᠠᠯ︾ | ᠢ ᠣᠶᠢᠷ᠎ᠠ ᠶᠢᠨ ᠡᠳᠦᠷ ᠳᠠᠷᠤᠮᠠᠯᠯᠠᠨ ᠲᠠᠷᠬᠠᠭᠠᠪᠠ᠂ ᠪᠦᠭᠦ ᠠᠭᠤᠯᠭ᠎ᠠ ᠨᠢ ᠳᠣᠣᠷᠠᠬᠢ ᠮᠡᠲᠦ᠃ | ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠡᠯ᠎ᠡ ᠲᠠᠯ᠎ᠠ ᠶᠢᠨ ᠬᠢᠨ ᠤ | ᠢᠳᠡᠪᠬᠢᠵᠢᠯ ᠢ ᠭᠦᠢᠴᠡᠳ ᠳᠠᠶᠢᠴᠢᠯᠠᠨ ᠬᠦᠴᠦ ᠪᠠᠨ ᠬᠠᠮᠲᠤᠳᠬᠠᠵᠤ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠨᠡᠶᠢᠲᠡᠯᠡᠭᠰᠡᠨ ᠪᠡᠯᠡ ᠮᠥᠩᠭᠦ ᠶᠢᠨ ᠲᠤᠰᠠᠯᠠᠮᠵᠢ᠂ ᠡᠳ᠋ ᠤᠨ ᠵᠠᠰᠠᠭ ᠠᠴᠠ ᠬᠦᠦ ᠮᠥᠩᠭᠦ ᠶᠢᠨ ᠨᠥᠬᠦᠪᠦᠷᠢ | ᠥᠭᠬᠦ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠥᠷᠨᠢᠭᠦᠯᠵᠦ ᠪᠠᠶᠢᠭ᠎ᠠ | ᠭᠤᠣᠯ ᠴᠣᠭᠴᠠ ᠳᠤ ᠳᠡᠮᠵᠢᠯᠭᠡ ᠦᠵᠡᠭᠦᠯᠭᠦ ᠬᠡᠷᠡᠭᠲᠡᠢ᠃ ᠨᠢᠭᠡᠴᠢ ᠪᠠ ᠬᠤᠪᠢ ᠬᠥᠮᠥᠨ ᠤ ᠪᠤᠰᠤᠳ ᠠᠷᠭ᠎ᠠ | ᠮᠠᠶ᠋ᠢᠭ ᠢᠶᠠᠷ ᠳᠠᠭᠠᠭᠠᠴᠢᠯᠠᠨ ᠡᠵᠡᠩᠨᠡᠬᠦ ᠡᠷᠬᠡ ᠣᠯᠣᠭᠰᠠᠨ ᠡᠯᠡᠰᠦᠷᠬᠡᠭᠵᠢᠭᠰᠡᠨ ᠭᠠᠵᠠᠷ ᠰᠢᠷᠣᠢ ᠳᠡᠭᠡᠷ᠎ᠡ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠵᠠᠰᠠᠯᠲᠠ ᠨᠢ ᠦᠷ᠎ᠡ | ᠪᠦᠲᠦᠮᠵᠢ ᠲᠠᠢ ᠪᠣᠯ ᠡᠵᠡᠩᠨᠡᠯᠲᠡ ᠶᠢᠨ ᠡᠷᠬᠡ ᠶᠢ ᠰᠢᠯᠵᠢᠭᠦᠯᠦᠭᠰᠡᠨ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠤ | ᠲᠠᠷᠠᠭ᠎ᠠ ᠠᠳᠠᠯᠢ ᠨᠥᠬᠦᠴᠡᠯ ᠤᠨ ᠳᠣᠣᠷ᠎ᠠ ᠳᠠᠭᠠᠭᠠᠴᠢᠯᠠᠯᠲᠠ ᠶᠢᠨ ᠭᠠᠵᠠᠷ ᠰᠢᠷᠣᠢ ᠶᠢ ᠨᠢ ᠲᠡᠷᠡ ᠬᠥᠮᠥᠨ | ᠤᠷᠢᠳ ᠢᠶᠠᠷ ᠦᠷᠭᠦᠯᠵᠢᠯᠡᠨ ᠲᠦᠷᠢᠶᠡᠰᠦᠯᠡᠵᠦ ᠪᠣᠯᠣᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠠᠵᠢᠯ ᠤᠨ ᠳᠤᠮᠳᠠ ᠲᠣᠪᠣᠶᠢᠮ᠎ᠠ ᠠᠮᠵᠢᠯᠲᠠ ᠭᠠᠷᠭᠠᠭᠰᠠᠨ ᠨᠢᠭᠡᠴᠢ ᠪᠣᠯᠣᠨ ᠬᠤᠪᠢ ᠬᠥᠮᠥᠨ ᠢ ᠡᠯ᠎ᠡ ᠱᠠᠲᠤᠨ ᠤ | ᠵᠠᠰᠠᠭ ᠤᠨ ᠣᠷᠳᠣᠨ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠂ | ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢ ᠶᠡᠭᠡ ᠪᠠᠷ ᠱᠠᠩᠨᠠᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠳᠤᠮᠳᠠ ᠰᠢᠨ᠎ᠡ ᠮᠡᠷᠭᠡᠵᠢᠯ ᠢ ᠨᠡᠭᠡᠭᠡᠨ ᠬᠥᠭᠵᠢᠭᠦᠯᠵᠦ᠂ ᠰᠢᠨ᠎ᠡ ᠲᠥᠬᠦᠭᠡᠷᠦᠮᠵᠢ ᠶᠢ ᠬᠡᠷᠡᠭᠯᠡᠭᠰᠡᠨ ᠪᠠᠶᠢᠪᠠᠯ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤᠨᠢ | ᠨᠥᠬᠦᠪᠦᠷᠢ ᠥᠭᠬᠦ ᠵᠡᠷᠭᠡ ᠲᠥᠷᠥ ᠶᠢᠨ ᠪᠣᠳᠣᠯᠭ᠎ᠠ ᠪᠠᠷ ᠳᠠᠮᠵᠢᠨ ᠳᠡᠮᠵᠢᠯᠭᠡ ᠦᠵᠡᠭᠦᠯᠦᠨ᠎ᠡ᠃ | ᠬᠤᠶᠠᠷ᠂ ᠡᠯ᠎ᠡ ᠭᠠᠵᠠᠷ ᠤᠨ ᠬᠢᠨ ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠵᠦ ᠪᠠᠶᠢᠭ᠎ᠠ | ᠨᠢᠭᠡᠴᠢ ᠪᠣᠯᠣᠨ ᠬᠤᠪᠢ ᠬᠥᠮᠥᠨ ᠢ ᠱᠠᠯᠠᠪᠳᠠᠨ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠡᠷᠭᠡ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠤᠢ ᠮᠣᠳᠣᠨ ᠤ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠳᠦᠷ ᠲᠤᠳᠤᠮ ᠤᠨ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠲᠣᠭᠲᠠᠭᠠᠯ ᠠᠴᠠ ᠵᠥᠷᠢᠴᠡᠨ | ᠪᠡᠯᠴᠢᠭᠡᠷᠯᠡᠭᠦᠯᠬᠦ ᠶᠢ ᠴᠠᠭᠠᠵᠠᠯᠠᠬᠤ ᠪᠤᠶᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠪᠡᠯᠴᠢᠭᠡᠷᠯᠡᠭᠦᠯᠬᠦ᠂ | ᠳᠤᠷ᠎ᠠ ᠪᠠᠷ ᠢᠶᠠᠨ ᠮᠠᠯᠲᠠᠵᠤ ᠤᠬᠤᠬᠤ᠂ ᠳᠤᠷ᠎ᠠ ᠪᠠᠷ ᠢᠶᠠᠨ ᠬᠠᠭᠠᠯᠪᠤᠷᠢᠯᠠᠨ ᠡᠵᠡᠯᠡᠬᠦ᠂ ᠳᠤᠷ᠎ᠠ ᠪᠠᠷ ᠢᠶᠠᠨ ᠴᠠᠪᠴᠢᠵᠤ | ᠳᠤᠷ᠎ᠠ ᠪᠠᠷ ᠢᠶᠠᠨ ᠣᠭᠲᠣᠯᠬᠤ ᠵᠡᠷᠭᠡ ᠠᠵᠢᠯᠯᠠᠭ᠎ᠠ ᠶᠢ ᠦᠨᠡᠨ ᠬᠦ ᠵᠣᠭᠰᠤᠭᠠᠬᠤ ᠬᠡᠷᠡᠭᠲᠡᠢ᠃ | ᠭᠤᠷᠪᠠ᠂ ᠡᠯ᠎ᠡ ᠭᠠᠵᠠᠷ ᠤᠨ ᠬᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠨᠡᠭᠡᠭᠡᠯᠲᠡ ᠬᠢᠬᠦ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠴᠢᠨᠠᠷᠲᠠᠢ ᠰᠢᠨ᠎ᠡ ᠡᠨᠧᠷᠭᠢ ᠶᠢᠨ ᠵᠢᠭᠠᠯᠲᠠ ᠲᠤᠭ᠎ᠠ ᠪᠠᠷ | ᠬᠥᠲᠥᠯᠥᠮᠵᠢ ᠪᠤᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠪᠠ ᠰᠢᠨ᠎ᠡ ᠡᠨᠧᠷᠭᠢ ᠶᠢ | ᠨᠡᠭᠡᠭᠡᠬᠦ ᠬᠡᠪᠴᠢᠶ᠎ᠡ ᠵᠢᠴᠢ ᠪᠦᠲᠦᠭᠡᠨ ᠪᠠᠶᠢᠭᠤᠯᠤᠯᠲᠠ ᠶᠢᠨ ᠠᠶᠢᠵᠠᠮ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ︔ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ | ᠰᠢᠯᠵᠢᠭᠦᠯᠦᠨ ᠲᠦᠷᠢᠶᠡᠰᠦᠯᠡᠭᠦᠯᠦᠭᠰᠡᠨ ᠰᠦᠢᠳᠬᠡᠯ ᠢ ︽ᠤᠨᠠᠯᠲᠠ ᠪᠠᠷ ᠲᠦᠷᠢᠶᠡᠰᠦᠨ ᠮᠥᠩᠭᠦ ᠶᠢ ᠲᠣᠭᠲᠠᠭᠠᠬᠤ︾ | ᠭᠡᠯᠪᠡᠷᠢ ᠪᠠᠷ ᠵᠦᠢ ᠵᠣᠬᠢᠰᠲᠠᠢ ᠲᠣᠭᠲᠠᠭᠠᠨ᠎ᠠ᠃ ᠰᠢᠨ᠎ᠡ ᠡᠨᠧᠷᠭᠢ ᠶᠢᠨ ᠠᠵᠤ ᠠᠬᠤᠶᠢᠯᠠᠯ ᠲᠦᠷᠦᠭᠦᠯᠡᠨ ᠬᠢᠬᠦ ᠶᠢ | ᠵᠣᠷᠢᠭᠵᠢᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢ ᠠᠬᠤᠢ ᠶᠢ ᠵᠠᠰᠠᠬᠤ ᠠᠵᠤ | ᠠᠬᠤᠶᠢᠯᠠᠯ ᠵᠢᠴᠢ ᠠᠶᠢᠮᠠᠭ ᠬᠤᠲᠠ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠬᠤᠯᠪᠤᠭᠠᠯᠠᠨ ᠬᠤᠯᠪᠣᠭᠠᠲᠤ | ᠴᠣᠭᠴᠠ ᠪᠠᠶᠢᠭᠤᠯᠵᠤ᠂ ᠬᠤᠯᠪᠣᠭᠠᠲᠤ ᠴᠣᠭᠴᠠ ᠶᠢᠨ ᠳᠣᠲᠣᠭᠠᠳᠤ ᠳᠤ ᠲᠣᠨᠤᠭ ᠲᠥᠬᠦᠭᠡᠷᠦᠮᠵᠢ᠂ ᠮᠠᠲ᠋ᠧᠷᠢᠶᠠᠯ᠂ ᠣᠶ | ᠰᠢᠭᠤᠢ ᠡᠪᠡᠰᠦᠨ ᠤ ᠦᠷ᠎ᠡ ᠴᠢᠬᠢ ᠵᠡᠷᠭᠡ ᠶᠢ ᠵᠠᠬᠢᠶᠠᠯᠠᠭ᠎ᠠ ᠶᠢᠨ ᠮᠠᠶ᠋ᠢᠭ ᠢᠶᠠᠷ ᠬᠤᠳᠠᠯᠳᠤᠨ ᠠᠪᠬᠤ ᠪᠠ | ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠶᠢ ᠨᠠᠶᠢᠳᠠᠵᠤ ᠪᠦᠲᠦᠭᠡᠨ ᠪᠠᠶᠢᠭᠤᠯᠬᠤ ᠶᠢ ᠰᠦᠪᠡᠭᠴᠢᠯᠡᠵᠦ᠂ ᠭᠠᠵᠠᠷ | ᠰᠢᠷᠣᠢ ᠨᠥᠭᠡᠴᠡᠯᠡᠬᠦ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠰᠠᠶᠢᠲᠤᠷ ᠬᠢᠨ᠎ᠡ᠃ ᠡᠯᠡᠰᠦᠷᠬᠡᠭᠵᠢᠭᠰᠡᠨ ᠭᠠᠵᠠᠷ | ᠰᠢᠷᠣᠢ ᠶᠢ ᠵᠠᠰᠠᠬᠤ ᠶᠢᠨ ᠪᠦᠭᠦ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠡᠯ᠎ᠡ ᠲᠠᠯ᠎ᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠠᠰᠠᠭᠰᠠᠨ ᠦᠷ᠎ᠡ ᠪᠦᠲᠦᠮᠵᠢ ᠶᠢ ᠦᠨᠡᠯᠡᠬᠦ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠬᠦ ᠶᠢᠨ ᠬᠠᠮᠲᠤ ᠦᠨᠡᠯᠡᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠤᠯᠭᠠᠵᠤ᠂ | ᠭᠡᠷ᠎ᠡ ᠶᠢ ᠭᠦᠢᠴᠡᠳᠬᠡᠬᠦ ᠲᠤᠬᠠᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠡᠷ᠎ᠡ ᠠᠴᠠ ᠵᠥᠷᠢᠴᠡᠭᠰᠡᠨ ᠭᠤᠣᠯ | ᠴᠣᠭᠴᠠ ᠶᠢ ᠰᠢᠢᠳᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠳᠥᠷᠪᠡ᠂ ᠡᠯ᠎ᠡ ᠭᠠᠵᠠᠷ ᠤᠨ ᠬᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠭᠡᠯᠪᠡᠷᠢ ᠪᠠᠷ | ᠳᠠᠮᠵᠢᠭᠤᠯᠤᠨ ᠵᠠᠰᠠᠯᠲᠠ ᠶᠢᠨ ᠭᠤᠣᠯ ᠴᠣᠭᠴᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ | ᠵᠦᠢᠯ ᠢ ᠲᠣᠭᠲᠠᠭᠠᠵᠤ᠂ ᠵᠠᠰᠠᠬᠤ ᠳᠦᠷᠢᠮ ᠪᠣᠯᠣᠨ ᠪᠠᠷᠢᠮᠵᠢᠶ᠎ᠠ ᠪᠠᠨ ᠤᠷᠢᠳᠴᠢᠯᠠᠨ ᠲᠣᠳᠣᠷᠬᠠᠶᠢᠯᠠᠵᠤ᠂ | ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠥᠷᠢᠰᠦᠯᠳᠦᠭᠡᠨ ᠤ ᠲᠣᠭᠲᠠᠴᠠ ᠶᠢ ᠣᠷᠣᠭᠤᠯᠵᠤ᠂ | ᠳᠠᠭᠠᠭᠠᠴᠢᠯᠠᠯᠲᠠ ᠣᠨᠤᠬᠤ ᠭᠤᠣᠯ ᠴᠣᠭᠴᠠ ᠶᠢ ᠬᠠᠷᠢᠴᠠᠭᠤᠯᠤᠨ ᠰᠣᠩᠭᠤᠵᠤ ᠲᠣᠭᠲᠠᠭᠠᠵᠤ ᠪᠣᠯᠣᠨ᠎ᠠ︔ | ᠳᠠᠭᠠᠭᠠᠴᠢᠯᠠᠯᠲᠠ ᠣᠨᠤᠬᠴᠢ ᠠᠴᠠ ᠵᠠᠰᠠᠯᠲᠠ ᠶᠢᠨ ᠲᠥᠰᠥᠯ ᠢ ᠴᠢᠩᠭ᠎ᠠ ᠵᠢᠷᠤᠮᠯᠠᠨ ᠵᠠᠰᠠᠬᠤ ᠬᠡᠷᠡᠭᠲᠡᠢ᠃ | ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ ᠶᠢ ᠳᠡᠮᠵᠢᠵᠦ᠂ | ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠠᠶᠢᠴᠢᠯᠠᠬᠤ | ᠬᠡᠷᠡᠭᠲᠡᠢ᠃ ︽ᠤᠷᠢᠳ ᠢᠶᠠᠷ ᠳᠠᠭᠠᠭᠠᠴᠢᠯᠠᠯᠲᠠ ᠵᠠᠷᠯᠠᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠢᠳᠡᠪᠬᠢᠲᠡᠢ | ᠰᠦᠪᠡᠭᠴᠢᠯᠡᠵᠦ᠂ ᠤᠯᠤᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠳᠤ ᠨᠡᠶᠢᠴᠡᠬᠦ ᠮᠥᠷᠲᠡᠭᠡᠨ ᠨᠢᠭᠡᠨᠲᠡ | ᠭᠤᠶᠤᠴᠢᠯᠠᠨ ᠮᠡᠳᠡᠭᠦᠯᠵᠦ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠳᠤ ᠤᠯᠤᠰ ᠤᠨ ᠪᠡᠯᠡ | ᠣᠷᠣᠭᠤᠯᠤᠯᠲᠠ ᠶᠢᠨ ᠲᠥᠯᠥᠪᠯᠡᠭᠡ ᠶᠢ ᠪᠠᠭᠤᠯᠭᠠᠬᠤ ᠠᠴᠠ ᠡᠮᠦᠨ᠎ᠡ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠶᠢ ᠤᠷᠢᠳ ᠢᠶᠠᠷ ᠵᠣᠬᠢᠶᠠᠨ ᠪᠠᠶᠢᠭᠤᠯᠬᠤ ᠶᠢᠨ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠥᠷᠨᠢᠭᠦᠯᠬᠦ ᠶᠢ ᠵᠥᠪᠰᠢᠶᠡᠷᠡᠨ᠎ᠡ᠃ | ᠲᠠᠪᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠳᠡᠯᠭᠡᠷᠡᠭᠦᠯᠵᠦ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ︽ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ︾ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠬᠡᠪᠴᠢᠶ᠎ᠡ ᠶᠢ ᠲᠥᠷᠥᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ ᠶᠢᠨ 10% ᠠᠴᠠ ᠳᠣᠣᠷ᠎ᠠ ᠦᠭᠡᠢ ᠪᠠᠶᠢᠯᠭᠠᠬᠤ ᠬᠡᠷᠡᠭᠲᠡᠢ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠭᠤᠭᠴᠤᠭ᠎ᠠ ᠶᠢᠨ | ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ ᠠᠭᠤᠳᠠᠯᠵᠤ᠂ ᠮᠠᠯᠴᠢᠨ ᠲᠠᠷᠢᠶᠠᠴᠢᠳ ᠢ ᠬᠥᠲᠥᠯᠥᠨ | ᠵᠢᠯᠤᠭᠤᠳᠴᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠪᠠᠷ ᠳᠠᠮᠵᠢᠭᠤᠯᠤᠨ ᠭᠦᠳᠡᠯᠮᠦᠷᠢ | ᠦᠢᠯᠡᠴᠢᠯᠡᠭᠡᠨ ᠤ ᠨᠡᠩ ᠣᠯᠠᠨ ᠬᠥᠯᠥᠰᠦ ᠣᠯᠭᠤᠮᠵᠢ ᠣᠯᠭᠤᠨ᠎ᠠ᠃ | ᠵᠢᠷᠭᠤᠭ᠎ᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ︽ᠤᠷᠢᠳ ᠢᠶᠠᠷ | ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠰᠦᠪᠡᠭᠴᠢᠯᠡᠵᠦ᠂ ᠬᠤᠰᠢᠭᠤ ᠰᠢᠶᠠᠨ ᠠᠴᠠ ᠭᠤᠶᠤᠴᠢᠯᠠᠵᠤ᠂ | ᠠᠶᠢᠮᠠᠭ ᠬᠤᠲᠠ ᠠᠴᠠ ᠬᠢᠨᠠᠨ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠤᠨ | ᠳᠠᠩᠰᠠᠯᠠᠭᠤᠯᠤᠭᠰᠠᠨ ᠤ ᠳᠠᠷᠠᠭ᠎ᠠ᠂ ᠵᠠᠰᠠᠯᠲᠠ ᠶᠢᠨ ᠭᠤᠣᠯ ᠴᠣᠭᠴᠠ ᠨᠢ ᠥᠪᠡᠷ ᠲᠡᠭᠡᠨ ᠪᠡᠯᠡ ᠮᠥᠩᠭᠦ ᠴᠤᠭᠯᠠᠭᠤᠯᠵᠤ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠤᠷᠢᠳ ᠢᠶᠠᠷ ᠥᠷᠨᠢᠭᠦᠯᠵᠦ᠂ ᠰᠡᠭᠦᠯᠴᠢ ᠶᠢᠨ | ᠬᠤᠭᠤᠴᠠᠭᠠᠨ ᠳᠤ ᠮᠡᠳᠡᠭᠦᠯᠬᠦ ᠲᠥᠷᠥᠯ ᠵᠦᠢᠯ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠵᠦ᠂ | ᠬᠢᠨᠠᠨ ᠰᠢᠯᠭᠠᠬᠤ ᠪᠠᠷ ᠳᠠᠮᠵᠢᠭᠠᠳ ᠨᠥᠬᠦᠪᠦᠷᠢ ᠶᠢᠨ ᠪᠡᠯᠡ ᠮᠥᠩᠭᠦ ᠶᠢ ᠨᠢ ᠰᠣᠯᠢᠵᠤ ᠥᠭᠴᠦ ᠪᠣᠯᠣᠨ᠎ᠠ᠃ ᠣᠲᠤᠭ | ᠬᠤᠰᠢᠭᠤ ᠵᠡᠷᠭᠡ ᠭᠠᠵᠠᠷ ᠤᠨ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ | ᠲᠡᠭᠦᠯᠳᠡᠷᠵᠢᠭᠦᠯᠬᠦ ᠶᠢ ᠳᠡᠮᠵᠢᠨ᠎ᠡ᠃ | ᠳᠣᠯᠤᠭ᠎ᠠ᠂ ᠮᠠᠯᠴᠢᠨ ᠲᠠᠷᠢᠶᠠᠴᠢᠳ ᠤᠨ ᠳᠠᠭᠠᠭᠠᠴᠢᠯᠠᠨ ᠡᠵᠡᠩᠨᠡᠭᠰᠡᠨ ᠭᠠᠵᠠᠷ ᠰᠢᠷᠣᠢ ᠳᠡᠭᠡᠷ᠎ᠡ ︽ᠤᠷᠢᠳ ᠢᠶᠠᠷ | ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠵᠠᠭᠪᠤᠷ ᠢᠶᠠᠷ ᠥᠷᠨᠢᠭᠦᠯᠦᠭᠰᠡᠨ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠲᠥᠷᠥᠯ ᠵᠦᠢᠯ ᠳᠤ᠂ ᠮᠠᠯᠴᠢᠨ ᠲᠠᠷᠢᠶᠠᠴᠢᠳ ᠤᠨ ᠥᠪᠡᠷ ᠲᠡᠭᠡᠨ ᠪᠠᠶᠢᠭᠤᠯᠬᠤ᠂ ᠡᠷᠦᠭᠡ | ᠬᠤᠯᠪᠤᠭᠠᠯᠠᠨ ᠬᠠᠮᠲᠤᠷᠠᠨ ᠪᠠᠶᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠪᠠᠶᠢᠭᠤᠯᠬᠤ ᠵᠡᠷᠭᠡ ᠭᠡᠯᠪᠡᠷᠢ ᠪᠠᠷ ᠰᠠᠶᠢᠨ ᠳᠤᠷ᠎ᠠ ᠠᠴᠠ ᠪᠠᠨ ᠮᠡᠳᠡᠭᠦᠯᠬᠦ᠂ ᠪᠡᠶ᠎ᠡ ᠪᠠᠨ ᠳᠠᠭᠠᠭᠠᠵᠤ | ᠪᠦᠲᠦᠭᠡᠨ ᠪᠠᠶᠢᠭᠤᠯᠬᠤ᠂ ᠮᠠᠯᠴᠢᠨ ᠲᠠᠷᠢᠶᠠᠴᠢᠨ ᠤ ᠥᠪᠡᠷ ᠲᠡᠭᠡᠨ ᠪᠠᠶᠢᠭᠤᠯᠬᠤ ᠵᠡᠷᠭᠡ ᠬᠤᠯᠪᠣᠭᠳᠠᠯ ᠪᠦᠬᠦᠢ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠰᠢᠭᠤᠳ | ᠣᠯᠭᠤᠵᠤ ᠪᠣᠯᠣᠨ᠎ᠠ᠃ | ᠨᠠᠢᠮᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ | ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ | ᠲᠥᠷᠥᠯ ᠤᠨ ᠠᠵᠤ ᠠᠬᠤᠶᠢᠯᠠᠯ᠂ ᠨᠡᠶᠢᠭᠡᠮ ᠤᠨ ᠪᠦᠯᠭᠦᠮ᠂ ᠬᠤᠪᠢ ᠬᠥᠮᠥᠨ ᠢ ᠳᠠᠶᠢᠴᠢᠯᠠᠨ ᠵᠣᠭᠤᠰ ᠮᠥᠩᠭᠦ | ᠬᠠᠨᠳᠢᠪᠯᠡᠵᠤ᠂ ᠰᠠᠭᠤᠷᠢ ᠮᠥᠩᠭᠦ ᠶᠢᠨ ᠬᠡᠪᠴᠢᠶ᠎ᠡ ᠶᠢ ᠥᠷᠭᠡᠳᠬᠡᠨ᠂ ᠠᠵᠢᠯᠯᠠᠭᠠᠨ ᠤ ᠲᠣᠭᠲᠠᠴᠠ ᠪᠣᠯᠣᠨ | ᠬᠠᠮᠢᠶᠠᠷᠤᠯᠲᠠ ᠶᠢᠨ ᠬᠡᠪ ᠵᠠᠭᠪᠤᠷ ᠢ ᠲᠡᠭᠦᠯᠳᠡᠷᠵᠢᠭᠦᠯᠵᠦ᠂ ᠮᠥᠩᠭᠦ ᠨᠢᠭᠡ ᠪᠦᠷᠢ ᠶᠢ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ | ᠶᠢᠰᠦ᠂ ᠡᠯ᠎ᠡ ᠭᠠᠵᠠᠷ ᠤᠨ ᠬᠢᠨ ᠤ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ | ᠪᠠᠶᠢᠭᠤᠯᠤᠯᠲᠠ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠬᠠᠮᠲᠤᠷᠠᠯᠴᠠᠬᠤ᠂ ᠬᠤᠪᠢ ᠣᠷᠣᠬᠤ᠂ | ᠳᠠᠭᠠᠭᠠᠴᠢᠯᠠᠬᠤ᠂ ᠨᠡᠷ᠎ᠡ ᠬᠠᠳᠠᠬᠤ᠂ ᠡᠷᠭᠦᠨ ᠲᠡᠵᠢᠭᠡᠬᠦ᠂ ᠬᠠᠨᠳᠤᠯᠭ᠎ᠠ ᠲᠠᠢ ᠪᠠᠷ ᠬᠠᠨᠳᠢᠪᠯᠡᠨ ᠬᠦᠷᠭᠡᠬᠦ ᠵᠡᠷᠭᠡ ᠣᠯᠠᠨ | ᠵᠦᠢᠯ ᠤᠨ ᠭᠡᠯᠪᠡᠷᠢ ᠶᠢ ᠠᠪᠴᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠤᠨ᠎ᠠ᠃ ᠨᠡᠶᠢᠭᠡᠮ ᠤᠨ ᠬᠥᠷᠥᠩᠭᠡ ᠠᠴᠠ ᠪᠡᠯᠡ ᠣᠷᠣᠭᠤᠯᠤᠭᠰᠠᠨ᠂ ᠤᠯᠤᠰ ᠠᠴᠠ | ᠳᠡᠮᠵᠢᠬᠦ ᠴᠢᠭᠯᠡᠯ ᠳᠤ ᠨᠡᠶᠢᠴᠡᠭᠰᠡᠨ ᠣᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠤᠨ ᠴᠢᠬᠤᠯᠠ ᠶᠡᠭᠡ | ᠲᠥᠷᠥᠯ ᠵᠦᠢᠯ ᠳᠤ᠂ ᠵᠠᠰᠠᠯᠲᠠ ᠶᠢᠨ ᠭᠤᠣᠯ ᠴᠣᠭᠴᠠ ᠶᠢ ᠢᠳᠡᠪᠬᠢᠲᠡᠢ ᠪᠠᠷ ᠬᠠᠪᠰᠤᠷᠴᠤ ᠤᠯᠤᠰ ᠠᠴᠠ ᠬᠤᠯᠪᠣᠭᠳᠠᠯ | ᠪᠦᠬᠦᠢ ᠪᠡᠯᠡ ᠮᠥᠩᠭᠦ ᠶᠢᠨ ᠳᠡᠮᠵᠢᠯᠭᠡ ᠶᠢ ᠲᠡᠮᠡᠴᠡᠨ ᠣᠯᠬᠤ ᠪᠠᠷ ᠴᠢᠷᠮᠠᠶᠢᠨ᠎ᠠ᠃ | ᠠᠷᠪᠠ᠂ ᠨᠤᠲᠤᠭ ᠪᠡᠯᠴᠢᠭᠡᠷ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠣᠶ ᠰᠢᠭᠤᠢ ᠶᠢᠨ | ᠳᠠᠭᠠᠳᠬᠠᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠤᠳᠠᠯᠳᠤᠭᠠᠨ ᠤ ᠴᠢᠨᠠᠷᠲᠠᠢ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠳᠠᠭᠠᠳᠬᠠᠯ ᠢ ᠰᠦᠪᠡᠭᠴᠢᠯᠡᠨ ᠨᠡᠭᠡᠭᠡᠨ | ᠬᠥᠭᠵᠢᠭᠦᠯᠬᠦ ᠶᠢ ᠵᠣᠷᠢᠭᠵᠢᠭᠤᠯᠤᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠷᠢᠭᠵᠢᠭᠤᠯᠤᠨ ᠦᠶᠡᠯᠡᠯ ᠤᠨ ᠬᠤᠭᠤᠴᠠᠭ᠎ᠠ ᠨᠢ ᠤᠷᠳᠤ᠂ ᠬᠦᠦ ᠮᠥᠩᠭᠦ ᠶᠢᠨ ᠨᠣᠷᠮ᠎ᠠ ᠨᠢ ᠳᠣᠣᠷ᠎ᠠ᠂ ᠪᠠᠷᠢᠴᠠᠭᠠᠯᠠᠨ | ᠳᠠᠨᠵᠢᠯᠠᠭᠰᠠᠨ ᠪᠣᠳᠠᠰ ᠪᠠ ᠵᠢᠭᠡᠯᠡᠯᠭᠡ ᠶᠢ ᠪᠤᠴᠠᠭᠠᠬᠤ ᠭᠡᠯᠪᠡᠷᠢ ᠨᠢ ᠠᠮᠢᠳᠤᠯᠢᠭ ᠮᠥᠩᠭᠦᠨ ᠭᠦᠢᠯᠭᠡᠭᠡᠨ ᠤ | ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠤᠯᠪᠣᠭᠳᠠᠯ ᠪᠦᠬᠦᠢ ᠠᠮᠢ ᠠᠬᠤᠢ ᠶᠢᠨ ᠠᠵᠤ ᠦᠢᠯᠡᠰ ᠤᠨ | ᠬᠥᠭᠵᠢᠯᠲᠡ ᠶᠢ ᠳᠡᠮᠵᠢᠨ᠎ᠡ᠃ ᠡᠯ᠎ᠡ ᠭᠠᠵᠠᠷ ᠤᠨ ᠬᠢᠨ ᠢ ᠵᠣᠷᠢᠭᠵᠢᠭᠤᠯᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ | ᠵᠢᠭᠡᠯᠡᠯᠭᠡ ᠶᠢ ᠢᠳᠡᠪᠬᠢᠯᠡᠨ ᠣᠯᠵᠤ᠂ ᠡᠯᠡᠰᠦ ᠶᠢ ᠵᠠᠰᠠᠭᠰᠠᠨ ᠠᠰᠢᠭ ᠣᠯᠵᠠᠪᠤᠷᠢ ᠪᠠᠷ ᠵᠢᠭᠡᠯᠡᠯᠭᠡ ᠶᠢ ᠪᠤᠴᠠᠭᠠᠬᠤ ᠬᠡᠪ | ᠵᠠᠭᠪᠤᠷ ᠢ ᠰᠦᠪᠡᠭᠴᠢᠯᠡᠨ᠎ᠡ᠃ | ᠠᠷᠪᠠᠨ ᠨᠢᠭᠡ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ᠲᠥᠷᠥ ᠶᠢᠨ ᠪᠣᠳᠣᠯᠭ᠎ᠠ᠂ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ | ᠲᠠᠯ᠎ᠠ ᠪᠠᠷ ᠳᠡᠮᠵᠢᠯᠭᠡ ᠦᠵᠡᠭᠦᠯᠭᠦ ᠡᠷᠴᠢᠮ ᠢᠶᠠᠨ ᠴᠢᠩᠭᠠᠷᠠᠭᠤᠯᠵᠤ᠂ ᠣᠶ ᠶᠢᠨ ᠳᠣᠲᠣᠷᠠᠬᠢ ᠠᠵᠤ ᠠᠬᠤᠢ᠂ | ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ ᠶᠢ ᠶᠡᠭᠡ ᠪᠠᠷ ᠬᠥᠭᠵᠢᠭᠦᠯᠦᠨ᠂ ᠣᠨᠴᠠᠯᠢᠭᠲᠤ | ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠠᠵᠤ ᠠᠬᠤᠶᠢᠯᠠᠯ ᠤᠳ ᠢ ᠵᠣᠷᠢᠭᠵᠢᠭᠤᠯᠤᠨ | ᠡᠯᠡᠰᠦᠨ ᠤᠷᠭᠤᠮᠠᠯ ᠤᠨ ᠠᠵᠤ ᠠᠬᠤᠢ ᠶᠢᠨ ᠥᠷᠲᠡᠭ ᠢ ᠭᠦᠢᠴᠡᠳ ᠠᠭᠤᠳᠠᠯᠵᠤ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ᠂ ᠨᠡᠮᠡᠯᠲᠡ ᠥᠷᠲᠡᠭ ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ | ᠳᠠᠶᠢᠴᠢᠯᠠᠨ᠎ᠠ᠃ | ᠠᠷᠪᠠᠨ ᠬᠤᠶᠠᠷ᠂ ᠨᠡᠭᠦᠷᠡᠰᠦᠲᠥ᠋ᠷᠥᠭᠴᠢ ᠬᠤᠷᠠᠮᠳᠤᠭᠤᠯᠵᠤ ᠣᠶᠢᠵᠢᠭᠤᠯᠬᠤ ᠶᠢ ᠢᠳᠡᠪᠬᠢᠲᠡᠢ ᠳᠡᠯᠭᠡᠷᠡᠭᠦᠯᠵᠦ᠂ | ᠨᠡᠭᠦᠷᠡᠰᠦᠲᠥ᠋ᠷᠥᠭᠴᠢ ᠶᠢᠨ ᠲᠦᠭᠡᠮᠡᠯ ᠬᠠᠷᠠᠭᠠᠯᠵᠠᠯᠲᠤ ᠲᠣᠭᠲᠠᠴᠠ ᠳᠣᠣᠷ᠎ᠠ ᠣᠶ ᠰᠢᠭᠤᠢ ᠡᠪᠡᠰᠦ ᠪᠡᠯᠴᠢᠭᠡᠷ ᠤᠨ | ᠨᠡᠭᠦᠷᠡᠰᠦᠲᠥ᠋ᠷᠥᠭᠴᠢ ᠬᠤᠷᠠᠮᠳᠤᠭᠤᠯᠬᠤ ᠪᠦᠲᠦᠭᠡᠭᠳᠡᠬᠦᠨ ᠢ ᠰᠢᠩᠭᠡᠭᠡᠬᠦ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢ ᠵᠣᠷᠢᠭᠵᠢᠭᠤᠯᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠣᠶ ᠶᠢ ᠪᠤᠶ | ᠪᠤᠯᠭᠠᠬᠤ ᠵᠡᠷᠭᠡ ᠭᠡᠯᠪᠡᠷᠢ ᠪᠠᠷ ᠳᠠᠮᠵᠢᠭᠤᠯᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠵᠤ᠂ ᠪᠠᠭ᠎ᠠ ᠨᠡᠭᠦᠷᠡᠰᠦᠲᠥ᠋ᠷᠥᠭᠴᠢᠲᠦ ᠨᠡᠭᠦᠷᠡᠰᠦᠲᠥ᠋ᠷᠥᠭᠴᠢ ᠦᠯᠦ | ᠭᠠᠳᠠᠭᠰᠢᠯᠠᠭᠤᠯᠬᠤ ᠪᠠᠶᠢᠭᠤᠯᠭ᠎ᠠ᠂ ᠬᠦᠷᠢᠶᠡᠯᠡᠩ ᠲᠣᠭᠤᠷᠢᠭ ᠢ ᠪᠤᠶ ᠪᠣᠯᠭᠠᠨ᠎ᠠ︔ ᠠᠵᠤ ᠠᠬᠤᠶᠢᠯᠠᠯ ᠤᠨ ᠤᠯᠤᠰ ᠤᠨ | ᠬᠢᠨᠠᠨ ᠵᠥᠪᠰᠢᠶᠡᠷᠡᠭᠰᠡᠨ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠪᠠᠭᠠᠰᠬᠠᠬᠤ | ︵CCER︶ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠥᠷᠥᠯ ᠵᠦᠢᠯ ᠢᠶᠠᠷ ᠣᠶᠢᠵᠢᠭᠤᠯᠬᠤ ᠶᠢ ᠳᠡᠮᠵᠢᠵᠦ᠂ ᠨᠢᠭᠡ | ᠪᠦᠯᠦᠭ ᠨᠡᠭᠦᠷᠡᠰᠦᠲᠥ᠋ᠷᠥᠭᠴᠢ ᠬᠤᠷᠠᠮᠳᠤᠭᠤᠯᠬᠤ ᠣᠶ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ | ᠰᠠᠭᠤᠷᠢᠨ ᠢ ᠪᠤᠶ ᠪᠣᠯᠭᠠᠨ᠎ᠠ᠃ | ᠠᠷᠪᠠᠨ ᠭᠤᠷᠪᠠ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤ ᠠᠷᠠᠳ ᠤᠨ ᠪᠠᠩᠬᠢ ᠶᠢᠨ ᠲᠤᠰᠬᠠᠢ ᠬᠡᠷᠡᠭᠯᠡᠬᠦ | ᠪᠡᠯᠡ ᠮᠥᠩᠭᠦ ᠶᠢᠨ ᠳᠠᠩᠰᠠᠨ ᠡᠷᠦᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠡᠯᠡ ᠮᠥᠩᠭᠦ ᠶᠢ ᠲᠤᠰᠠᠭᠠᠷ ᠰᠠᠯᠭᠠᠨ | ᠥᠭᠬᠦ ᠲᠣᠭᠲᠠᠴᠠ ᠶᠢ ᠪᠠᠶᠢᠭᠤᠯᠵᠤ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠤᠯᠤᠰ ᠤᠨ ᠥᠮᠴᠢᠯᠡᠯ ᠤᠨ ᠣᠶ ᠰᠢᠭᠤᠢ ᠶᠢᠨ | ᠲᠠᠯᠠᠪᠠᠶ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠷ᠎ᠡ ᠪᠠ ᠴᠢᠬᠢ | ᠮᠣᠳᠣ ᠶᠢ ᠪᠠᠲᠤᠯᠠᠬᠤ ᠪᠠ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠲᠤᠯᠠᠭ᠎ᠠ ᠶᠢᠨ | ᠴᠢᠨᠠᠷᠲᠠᠢ ᠴᠢᠬᠢ ᠮᠣᠳᠣᠨ ᠤ ᠬᠦᠷᠢᠶᠡᠯᠡᠩ ᠪᠣᠯᠣᠨ ᠨᠤᠲᠤᠭ ᠤᠨ ᠡᠪᠡᠰᠦᠨ ᠦᠷ᠎ᠡ ᠶᠢ ᠦᠷᠡᠵᠢᠭᠦᠯᠦᠨ ᠪᠣᠶᠢᠵᠢᠭᠤᠯᠬᠤ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠲᠤᠬᠠᠢ ᠶᠢᠨ ᠭᠠᠵᠠᠷ ᠣᠶᠢᠷ᠎ᠠ ᠬᠠᠪᠢ ᠠᠴᠠ ᠪᠠᠨ ᠮᠠᠲ᠋ᠧᠷᠢᠶᠠᠯ ᠠᠪᠴᠤ᠂ ᠡᠯᠡᠰᠦ ᠶᠢ ᠵᠠᠰᠠᠬᠤ | ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠢᠨᠵᠧᠨᠧᠷᠢᠩ ᠤᠨ ᠤᠰᠤ ᠬᠡᠷᠡᠭᠯᠡᠬᠦ᠂ ᠭᠠᠵᠠᠷ ᠰᠢᠷᠣᠢ ᠬᠡᠷᠡᠭᠯᠡᠬᠦ᠂ ᠴᠠᠭᠢᠯᠭᠠᠨ ᠬᠡᠷᠡᠭᠯᠡᠬᠦ ᠵᠡᠷᠭᠡ ᠬᠡᠷᠡᠭᠴᠡᠭᠡ ᠶᠢ ᠡᠩ | ᠲᠡᠷᠢᠭᠦᠨ ᠳᠤ ᠪᠠᠲᠤᠯᠠᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠤᠨ ᠬᠤᠪᠠᠭ᠋ᠠᠢ ᠡᠯᠡᠰᠦᠷᠬᠡᠭ | ᠭᠠᠵᠠᠷ᠂ ᠲᠠᠴᠢᠷᠳᠠᠭᠰᠠᠨ ᠣᠶᠢᠲᠤ ᠭᠠᠵᠠᠷ ᠪᠣᠯᠣᠨ ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ ᠨᠤᠲᠤᠭ | ᠪᠡᠯᠴᠢᠭᠡᠷ ᠢ ᠬᠤᠳᠠᠯᠳᠤᠨ ᠠᠪᠴᠤ ᠨᠥᠭᠡᠴᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠡᠪᠴᠢᠶᠡᠵᠢᠭᠦᠯᠦᠨ | ᠵᠠᠰᠠᠬᠤ ᠶᠢ ᠥᠷᠨᠢᠭᠦᠯᠬᠦ ᠬᠡᠷᠡᠭᠲᠡᠢ᠃ | ᠠᠷᠪᠠᠨ ᠳᠥᠷᠪᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠠᠷᠭ᠎ᠠ ᠬᠡᠮᠵᠢᠶ᠎ᠡ ᠠᠪᠤᠭᠰᠠᠨ ᠢᠶᠠᠷ ᠬᠦᠴᠦᠨ ᠦᠭᠡᠢ | ᠨᠢᠭᠡᠴᠢ ᠪᠣᠯᠣᠨ ᠬᠤᠪᠢ ᠬᠥᠮᠥᠨ ᠳᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠰᠠᠭᠤᠯᠬᠤ᠂ ᠵᠣᠭᠤᠰ ᠢᠶᠠᠷ | ᠲᠣᠷᠭᠠᠬᠤ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠢ ᠡᠭᠡᠭᠦᠯᠦᠨ ᠬᠤᠷᠢᠶᠠᠨ ᠠᠪᠬᠤ | ᠵᠡᠷᠭᠡ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ︔ ᠡᠵᠡᠩᠨᠡᠯᠲᠡ ᠶᠢᠨ ᠡᠷᠬᠡ ᠶᠢ | ᠰᠢᠯᠵᠢᠭᠦᠯᠦᠭᠰᠡᠨ ᠭᠡᠷ᠎ᠡ ᠲᠣᠭᠲᠠᠴᠢᠬᠠᠭᠠᠳ ᠵᠠᠰᠠᠬᠤ ᠶᠣᠰᠣᠲᠠᠢ ᠪᠠᠶᠢᠲᠠᠯ᠎ᠠ ᠵᠠᠰᠠᠭᠰᠠᠨ ᠦᠭᠡᠢ ᠪᠤᠶᠤ ᠬᠡᠷᠡᠭᠴᠡᠭᠡ ᠶᠢ | ᠨᠢ ᠬᠤᠪᠢᠷᠠᠭᠤᠯᠤᠭᠰᠠᠨ ᠪᠣᠯ ᠬᠠᠤᠯᠢ ᠶᠣᠰᠣᠭᠠᠷ ᠭᠡᠷ᠎ᠡ ᠶᠢ ᠨᠢ ᠵᠣᠭᠰᠣᠭᠠᠵᠤ᠂ ᠭᠠᠵᠠᠷ ᠰᠢᠷᠣᠢ ᠶᠢ ᠨᠢ ᠬᠤᠷᠢᠶᠠᠨ | ᠠᠪᠬᠤ ᠬᠡᠷᠡᠭᠲᠡᠢ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ | ᠪᠡᠯᠴᠢᠭᠡᠷ ᠢ ᠠᠮᠠᠷᠠᠭᠤᠯᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠨᠢᠭᠡᠴᠢ ᠪᠠ ᠬᠤᠪᠢ ᠬᠥᠮᠥᠨ ᠳᠤ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠠᠴᠠ ᠨᠢ | ᠰᠠᠭᠤᠯᠭᠠᠨ ᠠᠪᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ | ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ ᠳᠦᠷᠢᠮ︾ ᠵᠡᠷᠭᠡ ᠲᠣᠭᠲᠠᠭᠠᠯ ᠠᠴᠠ | ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠵᠤ᠂ ᠬᠤᠭᠤᠴᠠᠭ᠎ᠠ ᠲᠣᠭᠲᠠᠭᠠᠨ ᠤᠤᠯ | ᠪᠠᠶᠢᠳᠠᠯ ᠢ ᠨᠢ ᠰᠡᠷᠭᠦᠭᠡᠵᠦ᠂ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠵᠡᠷᠭᠡ ᠰᠢᠢᠳᠬᠡᠯ ᠲᠣᠷᠭᠠᠭᠤᠯᠢ ᠥᠭᠬᠦ | ᠬᠡᠷᠡᠭᠲᠡᠢ᠃ ᠥᠪᠡᠷ ᠢᠶᠠᠨ ᠵᠠᠰᠠᠵᠤ ᠳᠡᠶᠢᠯᠭᠦ ᠦᠭᠡᠢ ᠮᠥᠷᠲᠡᠭᠡᠨ ᠪᠤᠰᠤᠳ ᠲᠤ ᠨᠠᠶᠢᠳᠠᠵᠤ ᠵᠠᠰᠠᠭᠤᠯᠬᠤ ᠦᠭᠡᠢ ᠪᠤᠶᠤ | ᠬᠠᠮᠲᠤ ᠪᠠᠷ ᠵᠠᠰᠠᠬᠤ ᠳᠤ ᠬᠠᠮᠵᠢᠯᠴᠠᠬᠤ ᠦᠭᠡᠢ ᠨᠢᠭᠡᠴᠢ ᠪᠠ ᠬᠤᠪᠢ ᠬᠥᠮᠥᠨ ᠢ ᠬᠠᠤᠯᠢ ᠲᠣᠭᠲᠠᠭᠠᠯ ᠶᠣᠰᠣᠭᠠᠷ | ᠰᠢᠢᠳᠬᠡᠨ ᠲᠣᠷᠭᠠᠬᠤ ᠬᠡᠷᠡᠭᠲᠡᠢ᠃ | ᠠᠷᠪᠠᠨ ᠲᠠᠪᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ᠂ | ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠢ᠃ ᠡᠯ᠎ᠡ ᠭᠠᠵᠠᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠴᠦ᠂ ᠥᠷᠢ | ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ᠂ ᠲᠠᠩᠰᠠᠨ ᠳᠠᠬᠢ ᠵᠣᠭᠤᠰ ᠢ ᠥᠷᠢᠲᠦᠬᠦ ᠵᠡᠷᠭᠡ ᠠᠰᠠᠭᠤᠳᠠᠯ ᠢ ᠭᠠᠷᠭᠠᠵᠤ | ᠪᠤᠯᠬᠤ ᠦᠭᠡᠢ᠃ |