ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠶᠠᠪᠤᠭᠤᠯᠪᠠ  ᠰᠢ ᠶᠢᠨ ᠫᠢᠩ ᠵᠠᠷᠯᠢᠭ ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ ᠳᠡᠪᠰᠢᠭᠰᠡᠨ ᠣᠹᠢᠼᠧᠷ ᠲᠤ ᠪᠠᠶᠠᠷ ᠬᠦᠷᠭᠡᠵᠡᠢ
ᠨᠡᠶᠢᠲᠡᠯᠡᠭᠰᠡᠨ ᠴᠠᠭ᠄
2024/7/10

    ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 9 ᠤ ᠴᠠᠭᠢᠯᠭᠠᠨ ᠮᠡᠳᠡᠭᠡ   ᠲᠥᠪ ᠤᠨ ᠴᠡᠷᠢᠭ ᠤᠨ

ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 9 ᠤ ᠡᠳᠦᠷ

ᠪᠡᠭᠡᠵᠢᠩ ᠤᠨ ︽8 · 1︾ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ

ᠲᠡᠷᠢᠭᠦᠯᠡᠭᠴᠢ ᠰᠢ ᠶᠢᠨ ᠫᠢᠩ ᠴᠣᠯᠠ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃

    7 ᠰᠠᠷ᠎ᠠ ᠶᠢᠨ 9 ᠤ ᠡᠳᠦᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ

ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠪᠡᠭᠡᠵᠢᠩ ᠤᠨ ︽8 · 1︾ ᠶᠡᠭᠡ ᠠᠰᠠᠷ ᠲᠤ ᠶᠠᠪᠤᠭᠳᠠᠪᠠ᠃ ᠲᠥᠪ ᠤᠨ

ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ

ᠳᠡᠪᠰᠢᠭᠰᠡᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ

ᠪᠠᠶᠢᠩᠭᠤ ᠶᠢᠨ ᠳᠡᠳ᠋ ᠡᠷᠭᠢᠯᠡᠭᠴᠢ ᠾᠧ ᠬᠤᠩ ᠵᠢᠶᠦ᠋ᠨ ᠳᠤ ᠵᠠᠷᠯᠢᠭ ᠤᠨ ᠪᠢᠴᠢᠭ ᠭᠠᠷᠳᠠᠭᠤᠯᠪᠠ᠃

    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ

    ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ᠂ ᠴᠣᠯᠠ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠪᠦᠭᠦᠳᠠ

ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠲᠥᠪ ᠤᠨ

ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ

ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠡᠯ ᠤᠨ ᠴᠡᠷᠢᠭ ᠤᠨ

ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋

ᠲᠡᠷᠢᠭᠦᠯᠡᠭᠴᠢ ᠾᠧ ᠸᠧᠢ ᠳ᠋ᠦᠩ ᠴᠣᠯᠠ ᠳᠡᠪᠰᠢᠭᠦᠯᠬᠦ ᠶᠣᠰᠣᠯᠠᠯ ᠢ ᠡᠷᠭᠢᠯᠡᠪᠡ᠃

    ᠰᠢ ᠶᠢᠨ ᠫᠢᠩ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠲᠥᠪ ᠤᠨ ᠴᠡᠷᠢᠭ ᠤᠨ ᠶᠠᠪᠤᠳᠠᠯ ᠤᠨ

ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠪᠠᠶᠢᠩᠭᠤ ᠶᠢᠨ ᠳᠡᠳ᠋ ᠡᠷᠭᠢᠯᠡᠭᠴᠢ ᠾᠧ ᠬᠤᠩ ᠵᠢᠶᠦ᠋ᠨ ᠳᠤ

ᠵᠠᠷᠯᠢᠭ ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠬᠤᠷᠠᠩᠳᠠ ᠭᠧᠨᠧᠷᠡᠯ ᠤᠨ ᠴᠡᠷᠢᠭ ᠤᠨ

ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ ᠾᠧ ᠬᠤᠩ ᠵᠢᠶᠦ᠋ᠨ ᠰᠢ ᠶᠢᠨ ᠫᠢᠩ ᠳᠤ ᠶᠣᠰᠣᠯᠠᠵᠤ᠂ ᠶᠣᠰᠣᠯᠠᠯ ᠳᠤ

ᠣᠷᠣᠯᠴᠠᠬᠰᠠᠨ ᠪᠦᠭᠦ ᠨᠥᠬᠦᠳ ᠲᠤ ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃

    ᠴᠣᠯᠠ ᠳᠡᠪᠰᠢᠭᠦᠯᠬᠦ ᠶᠣᠰᠣᠯᠠᠯ ᠨᠢ ᠬᠠᠩᠭᠢᠨᠠᠮ᠎ᠠ ᠵᠢᠪᠬᠤᠭᠠᠲᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ

ᠴᠡᠷᠢᠭ ᠤᠨ ᠴᠡᠷᠢᠭ ᠤᠨ ᠳᠠᠭᠤᠤ ᠶᠢᠨ ᠠᠶᠠᠰ ᠳᠤᠮᠳᠠ ᠲᠡᠭᠦᠰᠪᠡ᠃

    ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ᠂

ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ ᠪᠡᠭᠡᠵᠢᠩ ᠳᠤ

ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ ᠳᠡᠪᠰᠢᠭᠦᠯᠬᠦ ᠶᠣᠰᠣᠯᠠᠯ ᠳᠤ

ᠣᠷᠣᠯᠴᠠᠵᠠᠢ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号