ᠤᠯᠠᠭᠠᠢ ᠬᠠᠮᠢᠶᠠᠷᠤᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠤᠷ ᠲᠦᠪᠰᠢᠨ ᠤ ᠳᠠᠯᠳᠠ ᠬᠡᠮ ᠤᠨ ᠶᠡᠭᠡ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/11

    ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂

ᠠᠶᠤᠯᠭᠦᠢ ᠦᠢᠯᠡᠳᠪᠦᠷᠢᠯᠡᠯ ᠤᠨ ᠬᠡᠷᠡᠭ ᠡᠭᠦᠰᠬᠦ ᠶᠢ ᠬᠤᠷᠢᠭᠯᠠᠬᠤ ᠶᠢᠨ ᠲᠥᠯᠥᠭᠡ᠂ 7 ᠰᠠᠷ᠎ᠠ ᠶᠢᠨ 9 ᠤ ᠡᠳᠦᠷ᠂

ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ ᠲᠣᠪᠴᠢᠶᠠᠨ ᠤ ᠭᠤᠣᠯ ᠤᠳᠤᠷᠢᠳᠤᠯᠭ᠎ᠠ ᠨᠠᠷ ᠣᠰᠣᠨ

ᠠᠰᠢᠭᠯᠠᠯᠲᠠ ᠶᠢᠨ ᠪᠠᠷᠢᠯᠭ᠎ᠠ ᠳᠤ ᠬᠦᠷᠴᠦ ᠠᠶᠤᠯ ᠲᠦᠭᠰᠢᠭᠦᠷᠢ ᠶᠢᠨ ᠬᠡᠮ ᠰᠣᠭᠤᠭ ᠤᠨ ᠶᠡᠭᠡ ᠪᠠᠶᠢᠴᠠᠭᠠᠯᠲᠠ ᠬᠢᠵᠡᠢ᠃

    ᠪᠠᠶᠢᠴᠠᠭᠠᠬᠤ ᠳᠤᠭᠤᠶᠢᠯᠠᠩ ᠤᠨ ᠬᠢᠨ ᠤᠯᠠᠭᠠᠢ ᠤᠰᠤᠨ ᠴᠥᠭᠦᠷᠥᠮ ᠤᠨ ᠡᠷᠭᠢ ᠶᠢᠨ ᠪᠡᠯ ᠢ ᠴᠡᠭᠴᠡᠯᠡᠨ

ᠵᠠᠰᠠᠬᠤ ᠵᠢᠴᠢ ᠤᠰᠤᠨ ᠴᠥᠭᠦᠷᠥᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢᠨ

ᠢᠨᠵᠧᠨᠧᠷᠢᠩ ᠤᠨ ᠠᠶᠤᠯ ᠲᠦᠭᠰᠢᠭᠦᠷᠢ ᠶᠢᠨ ᠳᠠᠯᠳᠠ ᠬᠡᠮ ᠤᠨ ᠴᠡᠭ ᠢ ᠭᠤᠣᠯᠳᠠᠯᠭ᠎ᠠ ᠲᠠᠢ ᠪᠠᠶᠢᠴᠠᠭᠠᠵᠤ᠂

ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠳᠠᠯᠳᠠ ᠬᠡᠮ ᠤᠨ ᠠᠰᠠᠭᠤᠳᠠᠯ ᠤᠨ ᠨᠠᠷᠢᠨ ᠲᠠᠩᠰᠠ

ᠪᠠᠶᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂

ᠵᠣᠬᠢᠴᠠᠩᠭᠤᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠰᠠᠨᠠᠭᠤᠯᠭ᠎ᠠ ᠳᠤᠷᠠᠳᠴᠤ᠂ ᠬᠠᠮᠢᠶ᠎ᠠ ᠪᠦᠬᠦᠢ

ᠬᠠᠷᠢᠭᠤᠴᠠᠯᠭᠠᠲᠤ ᠨᠢᠭᠡᠴᠡ ᠶᠢ ᠵᠢᠯᠣᠭᠤᠳᠤᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠪᠠ᠃ ᠬᠡᠰᠡᠭ ᠠᠭᠤᠯᠠ

ᠤᠰᠤᠨ ᠴᠥᠭᠦᠷᠥᠮ ᠳᠤ ᠤᠰᠤᠨ ᠴᠥᠭᠦᠷᠥᠮ ᠤᠨ ᠠᠵᠢᠯᠲᠠᠨ ᠢ ᠱᠠᠭᠠᠷᠳᠠᠭᠰᠠᠨ ᠨᠢ᠂ ᠨᠢᠭᠡ ᠳᠤ ᠭᠤᠣᠯᠳᠠᠯᠭ᠎ᠠ ᠲᠠᠢ

ᠣᠷᠣᠨ ᠪᠠᠶᠢᠷᠢ ᠶᠢ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠭᠤᠣᠯᠳᠠᠯᠭ᠎ᠠ ᠲᠠᠢ ᠣᠷᠣᠨ ᠪᠠᠶᠢᠷᠢ ᠶᠢᠨ

ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠵᠤ᠂ ᠳᠠᠯᠳᠠ ᠬᠡᠮ ᠢ ᠣᠯᠵᠤ ᠮᠡᠳᠡᠪᠡᠯ ᠳᠠᠷᠤᠢ ᠲᠦᠷᠭᠡᠨ

ᠳᠡᠭᠡᠭᠰᠢ ᠮᠡᠳᠡᠭᠦᠯᠵᠦ᠂ ᠬᠠᠮᠵᠢᠯᠴᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠬᠤᠶᠠᠷ ᠲᠤ᠂ ᠤᠰᠤᠨ ᠴᠥᠭᠦᠷᠥᠮ ᠤᠨ

ᠤᠰᠤᠨ ᠲᠦᠪᠰᠢᠨ ᠤ ᠬᠤᠪᠢᠷᠠᠯᠲᠠ ᠶᠢ ᠨᠢᠭᠲᠠ ᠠᠩᠬᠠᠷᠴᠤ᠂ ᠤᠰᠤᠨ ᠤ ᠪᠠᠶᠢᠳᠠᠯ ᠪᠣᠷᠣᠭᠠᠨ ᠤ ᠪᠠᠶᠢᠳᠠᠯ ᠢ ᠬᠢᠨᠠᠨ

ᠬᠡᠮᠵᠢᠬᠦ ᠶᠢ ᠴᠢᠩᠭᠠᠳᠬᠠᠵᠤ᠂ ᠰᠢᠷᠦᠭᠦᠨ ᠪᠣᠷᠣᠭᠠᠨ ᠪᠤᠶᠤ ᠭᠡᠨᠡᠳᠲᠡ ᠶᠢᠨ ᠲᠦᠭᠰᠢᠭᠦᠷᠢᠲᠦ ᠪᠠᠶᠢᠳᠠᠯ ᠭᠠᠷᠤᠮᠠᠭᠴᠠ

ᠲᠦᠷᠭᠡᠨ ᠪᠠᠴᠢᠮ ᠪᠠᠶᠢᠳᠠᠯ ᠢ ᠠᠷᠭᠠᠴᠠᠬᠤ᠂ ᠬᠥᠮᠥᠰ ᠢ ᠲᠦᠷᠭᠡᠨ ᠪᠣᠳᠠᠲᠠᠶᠢᠵᠢᠭᠤᠯᠬᠤ᠂ ᠲᠣᠬᠢᠲᠠᠢ ᠪᠦᠲᠦᠮᠵᠢᠲᠡᠶ

ᠠᠷᠭᠠᠴᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ

ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃

    ᠲᠠᠷᠠᠭᠠᠴᠢ ᠶᠢᠨ ᠠᠯᠬᠤᠮ ᠳᠤ᠂ ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ ᠲᠣᠪᠴᠢᠶ᠎ᠠ ᠣᠰᠣᠨ

ᠠᠰᠢᠭᠯᠠᠯᠲᠠ ᠶᠢᠨ ᠪᠠᠷᠢᠯᠭ᠎ᠠ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠬᠤ ᠡᠷᠴᠢᠮ ᠢᠶᠠᠨ

ᠦᠷᠬᠦᠯᠵᠢᠯᠡᠨ ᠴᠢᠩᠭᠠᠷᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠵᠣᠬᠢᠬᠤ ᠴᠡᠭᠴᠡᠯᠡᠨ ᠵᠠᠰᠠᠬᠤ ᠠᠷᠭ᠎ᠠ

ᠬᠡᠮᠵᠢᠶ᠎ᠡ ᠲᠣᠭᠲᠠᠭᠠᠵᠤ᠂ ᠴᠠᠭ ᠲᠤᠬᠠᠢ ᠳᠤᠨᠢ ᠴᠡᠭᠴᠡᠯᠡᠨ ᠵᠠᠰᠠᠨ᠎ᠠ᠃ ᠡᠭᠦᠨ ᠤ ᠬᠠᠮᠲᠤ᠂ ᠬᠢᠨᠠᠨ ᠬᠡᠮᠵᠢᠵᠦ

ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠲᠣᠬᠢᠷᠠᠭᠤᠯᠤᠨ ᠲᠤᠷᠰᠢᠬᠤ ᠶᠢ

ᠴᠢᠩᠭᠠᠳᠬᠠᠵᠤ᠂ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠵᠡᠷᠭᠡ ᠶᠢ

ᠲᠡᠭᠦᠯᠳᠡᠷᠵᠢᠭᠦᠯᠵᠦ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠦᠶᠡᠷ ᠤᠨ ᠬᠤᠭᠤᠴᠠᠭᠠᠨ ᠤ ᠦᠶᠡᠷ ᠢ ᠰᠡᠷᠭᠡᠶᠢᠯᠡᠬᠦ

ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号