ᠤᠯᠠᠭᠠᠢ ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠠᠬᠢᠭᠤᠯᠵᠤ᠂ ᠪᠦᠬᠦ ᠺᠠᠳ᠋ᠷ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠬᠦ ᠶᠢᠨ ᠲᠥᠯᠥᠭᠡ᠃ 7 ᠰᠠᠷ᠎ᠠ ᠶᠢᠨ 9 ᠤ ᠡᠳᠦᠷ᠂ ᠤᠯᠠᠭᠠᠢ | ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ ᠲᠣᠪᠴᠢᠶ᠎ᠠ ᠣᠰᠣᠨ ᠠᠰᠢᠭᠯᠠᠯᠲᠠ ᠶᠢᠨ ᠠᠵᠢᠯ | ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠤᠷᠠᠯ ᠬᠢᠪᠡ᠃ | ᠬᠤᠷᠠᠯ ᠤᠨ ᠲᠠᠷᠠᠭ᠎ᠠ᠂ ᠲᠣᠪᠴᠢᠶᠠᠨ ᠳᠠᠷᠤᠭ᠎ᠠ ᠮᠥᠷᠡᠨ ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ | ᠵᠢᠴᠢ ᠬᠡᠰᠡᠭ ᠠᠭᠤᠯᠠ ᠤᠰᠤᠨ ᠴᠥᠭᠦᠷᠥᠮ ᠤᠨ ᠬᠠᠷᠢᠭᠤᠴᠠᠯᠭᠠᠲᠠᠨ ᠢ ᠳᠠᠭᠠᠭᠤᠯᠤᠨ᠂ ᠤᠷᠢᠳᠠᠪᠠᠷ ︽ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠮᠤᠷ ᠲᠦᠪᠰᠢᠨ ᠤ ᠬᠡᠮ | ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠬᠠᠢ ᠪᠠᠴᠢᠮ ᠮᠡᠳᠡᠭᠳᠡᠯ︾ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠳᠣᠣᠷ᠎ᠠ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ | ᠪᠠᠶᠢᠷᠢᠯᠠᠭᠤᠯᠤᠯᠲᠠ ᠬᠢᠵᠦ᠂ ᠳᠠᠷᠠᠭ᠎ᠠ ᠨᠢ ︽ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ︾᠂ ︽ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠳᠦᠷᠢᠮ ᠲᠣᠭᠲᠠᠭᠠᠯ ᠢ ᠰᠤᠷᠤᠯᠴᠠᠪᠠ᠃ | ᠬᠤᠷᠠᠯ ᠠᠴᠠ ᠱᠠᠭᠠᠷᠳᠠᠭᠰᠠᠨ ᠨᠢ᠂ ᠬᠤᠯᠪᠣᠭᠳᠠᠯ ᠪᠦᠬᠦᠢ ᠲᠠᠰᠤᠭ ᠤᠨ ᠬᠠᠷᠢᠭᠤᠴᠠᠯᠭᠠᠲᠠᠨ ᠵᠢᠴᠢ ᠬᠡᠰᠡᠭ | ᠠᠭᠤᠯᠠ ᠤᠰᠤᠨ ᠴᠥᠭᠦᠷᠥᠮ ᠤᠨ ᠬᠠᠷᠢᠭᠤᠴᠠᠯᠭᠠᠲᠠᠨ ᠠᠶᠤᠯᠭᠦᠢ ᠦᠢᠯᠡᠳᠪᠦᠷᠢᠯᠡᠯ ᠢ ᠰᠠᠶᠢᠲᠤᠷ ᠬᠢᠬᠦ ᠤᠯᠤᠰ | ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ | ᠴᠢᠩᠭᠠᠳᠬᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠣᠨ | ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ | ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠨ ᠨᠠᠷᠢᠯᠢᠭ | ᠠᠳᠬᠤᠵᠤ᠂ ᠪᠦᠬᠦ ᠵᠢᠯ ᠤᠨ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ | ᠪᠡᠶᠡᠯᠡᠭᠦᠯᠦᠨ᠎ᠡ᠃ | | |