7 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠤᠨ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨᠲᠠᠨᠢᠯᠴᠠᠭᠤᠯᠬᠤ ᠳᠤ ᠪᠠᠨ᠂ ᠥᠪᠥᠷ ᠮᠣᠩᠭᠤᠯ ᠤᠨ ᠳᠡᠭᠡᠳᠦ ᠳᠣᠣᠷᠠᠳᠤ ᠱᠠᠲᠤ ᠪᠠᠷ ᠢᠶᠠᠨ | ᠲᠤᠶᠢᠯ ᠤᠨ ᠶᠡᠭᠡ ᠠᠴᠢ ᠬᠠᠷᠢᠭᠤᠯᠠᠬᠤ ᠰᠡᠳᠬᠢᠯ ᠪᠣᠯᠣᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ︽ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ︽ᠲᠠᠪᠤᠨ ᠶᠡᠭᠡ ᠡᠭᠦᠷᠭᠡ︾ ᠶᠢ ᠨᠡᠶᠢᠭᠡᠮ ᠵᠢᠷᠤᠮᠲᠤ ᠣᠳᠣᠬᠢᠴᠢᠯᠠᠯᠲᠠ ᠶᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠦᠷᠭᠦᠯᠵᠢᠯᠡᠬᠦ ᠴᠢᠨᠠᠷᠲᠠᠢ ᠭᠠᠷᠳᠠᠴᠠ᠂ ᠶᠡᠷᠦᠩᠬᠡᠶᠢᠯᠡᠨ ᠬᠠᠮᠢᠶᠠᠷᠬᠤ | ᠴᠢᠨᠠᠷᠲᠠᠢ ᠱᠠᠭᠠᠷᠳᠠᠯᠭ᠎ᠠ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠣᠨ ᠡᠯ᠎ᠡ | ᠲᠤᠰᠬᠠᠢ ᠳᠤᠭᠤᠶᠢᠯᠠᠩ ᠤᠨ ᠬᠢᠨ ᠨᠢᠭᠲᠠ ᠬᠠᠮᠵᠢᠯᠴᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ︽ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ︾ | ᠶᠣᠰᠣᠭᠠᠷ ᠨᠢᠭᠡ ᠯᠡ ᠬᠥᠭ ᠢᠶᠠᠷ ᠬᠦᠴᠦᠯᠡᠨ ᠯᠠᠪᠳᠠᠭᠤᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢᠨ ᠡᠯ᠎ᠡ | ᠵᠦᠢᠯ ᠤᠨ ᠠᠵᠢᠯ ᠴᠢᠬᠤᠯᠠ ᠠᠬᠢᠴᠠ ᠪᠠ ᠢᠳᠡᠪᠬᠢᠲᠡᠢ ᠦᠷ᠎ᠡ ᠪᠦᠲᠦᠭᠡᠯ ᠣᠯᠵᠠᠢ ᠭᠡᠪᠡ᠃ | ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠬᠥᠭᠵᠢᠯᠲᠡ ᠶᠢᠨ ᠪᠥᠬᠦ | ᠲᠠᠯ᠎ᠠ ᠠᠴᠠ ᠡᠭᠦᠰᠴᠦ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ | ᠮᠥᠨ᠂ ᠡᠨᠡ ᠨᠢ ᠨᠠᠮ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠵᠢᠷᠤᠭᠯᠠᠯ ᠪᠠ ᠠᠯᠤᠰ ᠬᠡᠲᠦ ᠶᠢᠨ | ᠪᠣᠳᠣᠯᠬᠢᠯᠠᠯ ᠢ ᠭᠦᠨᠵᠡᠭᠡᠢ ᠬᠠᠷᠠᠭᠤᠯᠵᠠᠢ᠃ ᠡᠨᠡ ᠲᠠᠪᠤᠨ ᠲᠠᠯ᠎ᠠ ᠶᠢᠨ ᠴᠢᠬᠤᠯᠠ ᠶᠡᠭᠡ ᠡᠭᠦᠷᠭᠡ ᠨᠢ ᠥᠪᠥᠷ | ᠮᠣᠩᠭᠤᠯ ᠤᠨ ᠲᠣᠰ ᠪᠡᠶ᠎ᠡ ᠶᠢᠨ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠪᠠᠰᠠ ᠤᠯᠤᠰ ᠤᠨ ᠠᠮᠢ | ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ | ᠦᠢᠯᠡᠰ ᠤᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠂ ᠡᠨᠡ ᠪᠣᠯ | ᠥᠪᠥᠷ ᠮᠣᠩᠭᠤᠯ ᠤᠨ ᠡᠷᠬᠡᠪᠰᠢ ᠦᠨᠡᠨ ᠬᠦ ᠡᠭᠦᠷᠭᠡᠯᠡᠵᠦ᠂ ᠬᠢᠨᠠᠮᠠᠭᠠᠢ ᠰᠠᠶᠢᠲᠤᠷ ᠭᠦᠢᠴᠡᠳᠬᠡᠬᠦ ᠬᠡᠷᠡᠭᠲᠡᠢ ᠴᠢᠬᠤᠯᠠ | ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠃ | ᠥᠪᠥᠷ ᠮᠣᠩᠭᠤᠯ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠨᠢᠭᠡᠳᠦᠯᠲᠡᠢ ᠲᠥᠯᠥᠪᠯᠡᠨ | ᠰᠦᠪᠡᠭᠴᠢᠯᠡᠬᠦ ᠪᠠᠨ ᠴᠢᠩᠭᠠᠳᠬᠠᠨ᠂ ᠨᠢᠭᠡ ᠴᠣᠭᠴᠠᠵᠢᠭᠤᠯᠤᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠᠷ | ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠩᠭ᠎ᠠ ᠠᠳᠬᠤᠨ ᠪᠣᠳᠠᠲᠠᠢ | ᠠᠵᠢᠯᠯᠠᠵᠤ᠂ ᠭᠤᠣᠯᠳᠠᠯᠭ᠎ᠠ ᠲᠠᠢ ᠡᠭᠦᠷᠭᠡ ᠶᠢᠨ ᠰᠢᠨ᠎ᠡ ᠵᠢᠳᠬᠦᠯ ᠲᠠᠢ ᠪᠣᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ ᠢ ᠲᠣᠭᠲᠠᠭᠠᠵᠤ᠂ ᠨᠢᠭᠡᠳᠦᠯᠲᠡᠢ ᠲᠥᠯᠥᠪᠯᠡᠨ | ᠰᠦᠪᠡᠭᠴᠢᠯᠡᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠤᠷᠮᠠᠰᠢᠭᠤᠯᠵᠤ ᠬᠢᠨᠠᠨ ᠰᠢᠯᠭᠠᠬᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ᠂ ᠤᠬᠠᠭᠤᠯᠤᠨ ᠮᠡᠳᠡᠭᠡᠯᠡᠬᠦ ᠵᠡᠷᠭᠡ ᠳᠦᠷᠢᠮ ᠢ | ᠪᠦᠷᠢᠨᠰᠢᠭᠦᠯᠦᠨ᠂ ᠬᠤᠷᠳᠤᠨ ᠮᠣᠷᠢᠨ ᠳᠤ ᠲᠠᠰᠢᠭᠤᠷ ᠨᠡᠮᠡᠵᠦ ᠡᠯ᠎ᠡ ᠵᠦᠢᠯ ᠤᠨ ᠠᠵᠢᠯ ᠢ ᠠᠬᠢᠭᠤᠯᠪᠠ᠃ ᠡᠭᠦᠨ ᠤ | ᠬᠠᠮᠲᠤ᠂ ᠥᠪᠥᠷ ᠮᠣᠩᠭᠤᠯ ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠥᠰᠥᠯ ᠳᠤ ᠪᠠᠴᠢᠮ ᠶᠠᠭᠠᠷᠠᠯᠲᠠᠢ | ᠵᠠᠰᠠᠪᠤᠷᠢ ᠣᠷᠣᠭᠤᠯᠵᠤ᠂ ︽ᠲᠠᠪᠤᠨ ᠶᠡᠭᠡ ᠡᠭᠦᠷᠭᠡ︾ ᠶᠢᠨ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ | ᠬᠠᠭᠤᠳᠠᠰᠤ ᠶᠢ ᠲᠣᠭᠲᠠᠭᠠᠨ᠂ ᠲᠥᠰᠥᠯ ᠢ ᠵᠢᠭᠰᠠᠭᠠᠵᠤ᠂ ᠬᠠᠷᠠᠯᠲᠠ ᠪᠠᠨ ᠬᠡᠮᠵᠢᠶᠡᠯᠡᠨ᠂ ᠡᠭᠦᠷᠭᠡ ᠪᠠᠨ | ᠲᠣᠳᠣᠷᠬᠠᠶᠢᠯᠠᠬᠤ ᠶᠢᠨ ᠬᠠᠮᠲᠤ ︽ᠲᠠᠪᠤᠨ ᠶᠡᠭᠡ ᠡᠭᠦᠷᠭᠡ︾ ᠶᠢᠨ ᠠᠵᠢᠯ ᠤᠨ ᠦᠷ᠎ᠡ ᠪᠦᠲᠦᠮᠵᠢ ᠶᠢ ᠺᠠᠳ᠋ᠷ ᠢ ᠬᠢᠨᠠᠨ | ᠰᠢᠯᠭᠠᠵᠤ ᠦᠨᠡᠯᠡᠬᠦ᠂ ᠱᠠᠩᠨᠠᠵᠤ ᠲᠣᠷᠭᠠᠬᠤ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠢᠨ ᠴᠢᠬᠤᠯᠠ | ᠦᠨᠳᠦᠰᠦᠯᠡᠯ ᠪᠣᠯᠭᠠᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠬᠤᠯᠠᠴᠢᠯᠠᠬᠤ᠂ ᠠᠵᠢᠯ | ᠶᠠᠪᠤᠳᠠᠯ ᠬᠢᠬᠦ ᠳᠤ ᠪᠠᠨ ᠲᠡᠷᠢᠭᠦᠨ ᠢ ᠲᠡᠮᠡᠴᠡᠬᠦ᠂ ᠠᠵᠢᠯ ᠢᠶᠠᠨ ᠨᠠᠶᠢᠳᠠᠪᠤᠷᠢᠵᠢᠭᠤᠯᠬᠤ ᠰᠠᠶᠢᠨ ᠣᠷᠴᠢᠯ ᠢ ᠪᠣᠶ | ᠪᠣᠯᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ 212 ᠵᠦᠢᠯ ᠤᠨ ᠣᠨ ᠤ ᠭᠤᠣᠯᠳᠠᠯᠭ᠎ᠠ ᠲᠠᠢ | ᠡᠭᠦᠷᠭᠡ ᠶᠢᠨ 13 ᠵᠦᠢᠯ ᠢ ᠨᠢᠭᠡᠨᠲᠡ ᠪᠡᠶᠡᠯᠡᠭᠦᠯᠵᠦ᠂ ᠪᠤᠰᠤᠳ 199 ᠵᠦᠢᠯ ᠤᠨ ᠠᠵᠢᠯ ᠤᠨ ᠠᠬᠢᠴᠠ ᠨᠢ ᠴᠥᠮ | 50% ᠠᠴᠠ ᠳᠡᠭᠡᠭᠰᠢ ᠬᠦᠷᠴᠦ᠂ ᠴᠠᠭ ᠨᠢ ᠬᠠᠭᠠᠰ ᠰᠢᠬᠠᠮ ᠬᠦᠷᠬᠦ ᠳᠤ ᠡᠭᠦᠷᠭᠡ ᠪᠠᠨ ᠴᠦ ᠬᠠᠭᠠᠰᠯᠠᠵᠤ᠂ ᠵᠠᠷᠢᠮ | ᠭᠤᠣᠯᠳᠠᠯᠭ᠎ᠠ ᠲᠠᠢ ᠠᠵᠢᠯ ᠳᠤ ᠴᠥᠮ ᠰᠢᠨ᠎ᠡ ᠦᠷ᠎ᠡ ᠪᠦᠲᠦᠭᠡᠯ ᠣᠯᠵᠤ᠂ ᠰᠢᠨ᠎ᠡ ᠳᠡᠭᠲᠡᠷ ᠲᠤ ᠭᠠᠷᠤᠭᠰᠠᠨ ᠪᠠᠶᠢᠨ᠎ᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠲᠠᠯ᠎ᠠ ᠪᠠᠷ᠂ ᠨᠢᠳᠤᠨᠤᠨ ᠪᠦᠬᠦ ᠣᠷᠣᠨ ᠤ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠠᠯᠠᠪᠠᠢ | 950 ᠲᠦᠮᠡᠨ ᠮᠦ ᠳᠤ ᠬᠦᠷᠴᠦ᠂ ᠵᠢᠯ ᠤᠨ ᠡᠬᠢᠨ ᠤ ᠲᠥᠯᠥᠪᠯᠡᠭᠡ ᠶᠢᠨ 1.5 ᠲᠠᠬᠢᠨ ᠪᠣᠯᠵᠠᠢ᠃ ᠡᠨᠡ ᠵᠢᠯ ᠠᠴᠠ | ᠨᠠᠭᠠᠰᠢ ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ | ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ | ᠨᠢᠭᠡᠨᠲᠡ 1147 ᠲᠦᠮᠡᠨ ᠮᠦ ᠪᠡᠶᠡᠯᠡᠭᠦᠯᠵᠦ᠂ ᠵᠢᠱᠢᠯᠲᠡ ᠪᠠᠷ 2030 ᠣᠨ ᠪᠣᠯᠬᠤ ᠳᠤ 9700 ᠲᠦᠮᠡᠨ ᠮᠦ | ᠡᠯᠡᠰᠦ ᠶᠢ ᠵᠠᠰᠠᠬᠤ ᠪᠣᠯᠣᠨ᠎ᠠ᠃ ᠮᠠᠨ ᠤ ᠣᠷᠣᠨ ᠶᠠᠭ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ ᠭᠡᠷᠡᠯᠴᠢ ᠴᠡᠨᠡᠭ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠵᠤ ᠡᠯᠡᠰᠦ ᠶᠢ ᠵᠠᠰᠠᠬᠤ ᠰᠢᠨ᠎ᠡ | ᠵᠠᠭᠪᠤᠷ ᠢ ᠶᠡᠭᠡ ᠪᠠᠷ ᠳᠡᠯᠭᠡᠷᠡᠭᠦᠯᠵᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ | ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽1+1>2︾ ᠦᠷ᠎ᠡ ᠪᠦᠲᠦᠮᠵᠢ | ᠣᠯᠬᠤ ᠪᠠᠷ ᠴᠢᠷᠮᠠᠶᠢᠵᠤ ᠪᠠᠶᠢᠨ᠎ᠠ᠃ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠂ | 2022 ᠣᠨ ᠠᠴᠠ ᠨᠠᠭᠠᠰᠢ ᠮᠠᠨ ᠤ ᠣᠷᠣᠨ ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠴᠢᠮᠡᠭᠡ | ᠬᠤᠯᠪᠣᠭ᠎ᠠ︾ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 3 | ᠵᠢᠯ ᠤᠨ ᠠᠵᠢᠯᠯᠠᠭᠠᠨ ᠢᠶᠠᠷ ᠳᠠᠮᠵᠢᠭᠤᠯᠤᠨ᠂ ᠬᠢᠯᠢ ᠬᠢᠵᠠᠭᠠᠷ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠳᠤ | ᠳᠥᠭᠦᠮᠯᠡᠬᠦ᠂ ᠴᠠᠬᠢᠯᠭᠠᠨ ᠬᠡᠷᠡᠭᠯᠡᠬᠦ ᠳᠤ ᠲᠣᠭᠲᠠᠭᠤᠨ ᠨᠠᠶᠢᠳᠠᠪᠤᠷᠢᠲᠠᠢ ᠪᠠᠶᠢᠬᠤ᠂ ᠵᠠᠮ ᠤᠨ ᠲᠣᠣᠷ ᠢ ᠳᠥᠷᠪᠡᠨ ᠵᠦᠭ | ᠨᠠᠢᠮᠠᠨ ᠵᠣᠪᠬᠢᠰ ᠲᠤ ᠨᠡᠪᠲᠡᠷᠡᠭᠦᠯᠬᠦ᠂ ᠳᠣᠬᠢᠶ᠎ᠠ ᠶᠢ ᠲᠦᠷᠭᠡᠨ ᠬᠤᠷᠳᠤᠴᠠ ᠪᠠᠷ ᠨᠡᠪᠲᠡᠷᠡᠭᠦᠯᠬᠦ ᠶᠢ ᠪᠡᠶᠡᠯᠡᠭᠦᠯᠬᠦ ᠪᠠᠷ | ᠬᠦᠴᠦᠯᠡᠨ ᠴᠢᠷᠮᠠᠶᠢᠨ᠎ᠠ᠃ | ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠨᠢᠳᠤᠨᠤᠨ ᠮᠠᠨ ᠤ ᠣᠷᠣᠨ ᠡᠨᠧᠷᠭᠢ ᠶᠢᠨ ᠰᠤᠷᠪᠤᠯᠵᠢ ᠶᠢᠨ | ᠬᠦᠷᠢᠶᠡᠨ ᠳᠤ ︽10 ᠪᠦᠬᠦ ᠤᠯᠤᠰ ᠲᠤ ᠨᠢᠭᠡᠳᠦᠭᠡᠷ︾ ᠢ ᠪᠡᠶᠡᠯᠡᠭᠦᠯᠪᠡ᠃ ᠡᠨᠡ ᠵᠢᠯ ᠤᠨ 5 ᠳ᠋ᠤᠭᠠᠷ ᠰᠠᠷ᠎ᠠ ᠳᠤ᠂ | ᠮᠠᠨ ᠤ ᠣᠷᠣᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠨᠢᠭᠡᠨᠲᠡ 1 ᠳ᠋ᠦᠩᠰᠢᠭᠤᠷ | ᠺᠢᠯᠣᠸᠠᠲ ᠢ ᠤᠷᠢᠳ ᠢᠶᠠᠷ ᠳᠠᠪᠠᠵᠤ᠂ ᠵᠢᠯ ᠤᠨ ᠡᠴᠦᠰ ᠲᠤ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ | ᠴᠣᠭᠴᠠᠯᠠᠪᠤᠷᠢ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠭᠤᠯᠬᠤ ᠬᠠᠷᠠᠯᠲᠠ ᠶᠢ ᠪᠥᠬᠦ | ᠤᠯᠤᠰ ᠲᠤ ᠲᠡᠷᠢᠭᠦᠯᠡᠨ ᠪᠡᠶᠡᠯᠡᠭᠦᠯᠬᠦ ᠪᠣᠯᠣᠨ᠎ᠠ᠃ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠮᠠᠨ ᠤ ᠣᠷᠣᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 5237 ᠲᠦᠮᠡᠨ ᠮᠦ ᠪᠠᠶᠢᠭᠤᠯᠵᠤ᠂ ᠪᠥᠬᠦ ᠣᠷᠣᠨ ᠤ 2/3 ᠠᠴᠠ | ᠳᠡᠭᠡᠭᠰᠢᠬᠢ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠮᠵᠢ ᠶᠢ ᠲᠤᠰᠠᠯᠠᠭᠰᠠᠨ ᠪᠠᠶᠢᠨ᠎ᠠ᠃ ᠡᠨᠡ ᠵᠢᠯ ᠮᠠᠨ ᠤ ᠣᠷᠣᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠪᠠᠶᠢᠭᠤᠯᠬᠤ ᠪᠠᠷ ᠲᠥᠯᠥᠪᠯᠡᠵᠦ ᠪᠤᠢ᠃ ᠪᠦᠲᠦᠭᠡᠨ | ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠢᠳᠡᠪᠬᠢᠲᠡᠢ ᠠᠬᠢᠭᠤᠯᠬᠤ ᠶᠢᠨ | ᠲᠥᠯᠥᠭᠡ᠂ ᠮᠠᠨ ᠤ ᠣᠷᠣᠨ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠲᠤ ᠵᠠᠰᠠᠪᠤᠷᠢ ᠣᠷᠣᠭᠤᠯᠤᠭᠠᠳ 2. | 0 ᠬᠡᠪᠯᠡᠯ ᠢ ᠨᠡᠶᠢᠲᠡᠯᠡᠵᠦ᠂ 2032 ᠣᠨ ᠪᠣᠯᠬᠤ ᠳᠤ ᠡᠩ ᠲᠡᠷᠢᠭᠦᠨ ᠳᠤ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠦᠨᠡᠨ ᠬᠦ | ᠪᠠᠲᠤᠯᠠᠨ᠎ᠠ᠃ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ | ᠨᠢᠳᠤᠨᠤᠨ ᠮᠠᠨ ᠤ ᠣᠷᠣᠨ ᠤ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ | ᠪᠥᠬᠦ ᠤᠯᠤᠰ ᠤᠨ ᠬᠠᠭᠤᠷᠠᠢ ᠵᠠᠮ ᠤᠨ ᠬᠢᠯᠢ ᠳᠠᠭᠠᠤ ᠶᠢᠨ ᠪᠣᠭᠤᠮᠲᠠ ᠶᠢᠨ ᠲᠡᠮᠳᠡᠭᠯᠡᠯ ᠢ ᠰᠢᠨᠡᠳᠬᠡᠪᠡ᠃ ᠡᠨᠡ | ᠵᠢᠯ ᠤᠨ 3 ᠳ᠋ᠤᠭᠠᠷ ᠰᠠᠷ᠎ᠠ ᠳᠤ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠣᠷᠣᠨ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠢᠩᠬᠢᠨᠢ ᠪᠠᠷ | ᠴᠣᠬᠤᠯᠠᠪᠤᠷᠢᠯᠠᠨ ᠪᠠᠶᠢᠭᠤᠯᠪᠠ᠂ ᠡᠨᠡ ᠪᠣᠯ ᠮᠠᠨ ᠤ ᠤᠯᠤᠰ ᠬᠢᠭᠡᠳ ᠬᠥᠷᠰᠢ ᠵᠡᠷᠭᠡᠯᠡᠳᠡᠭᠡ ᠤᠯᠤᠰ ᠤᠨ | ᠪᠠᠶᠢᠭᠤᠯᠤᠭᠰᠠᠨ ᠭᠤᠷᠪᠠᠳᠠᠭᠢ ᠤᠯᠤᠰ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠣᠯᠣᠨ᠎ᠠ᠂ | ᠡᠨᠡ ᠨᠢ ᠬᠢᠯᠢ ᠳᠠᠭᠠᠤ ᠶᠢᠨ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢ ᠬᠥᠲᠥᠯᠥᠨ | ᠳᠠᠭᠠᠭᠤᠯᠬᠤ᠂ ᠦᠢᠯᠡᠴᠢᠯᠡᠭᠡ ᠶᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ | ᠠᠭᠤᠰᠤᠯᠴᠠᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠠᠪᠴᠢᠷᠠᠬᠤ | ᠪᠣᠯᠣᠨ᠎ᠠ᠃ |