ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ︽ᠨᠠᠮ ᠤᠨ ᠪᠠᠶᠢᠭᠤᠯᠤᠯᠲᠠ + ᠡᠮᠡᠭᠲᠡᠶᠢᠴᠦᠳ ᠤᠨ | ᠪᠠᠶᠢᠭᠤᠯᠤᠯᠲᠠ︾ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠭᠡᠷ︾ ᠤᠨ ᠦᠢᠯᠡᠳᠦᠯ ᠢ ᠪᠦᠲᠦᠮᠵᠢᠲᠡᠶ | ᠪᠠᠳᠠᠷᠠᠭᠤᠯᠵᠤ᠂ ︽ᠡᠮᠡᠭᠲᠡᠶᠢᠴᠦᠳ ᠤᠨ ᠭᠡᠷ ᠪᠦᠯᠢ︾ ᠶᠢ ᠪᠣᠳᠠᠲᠠᠶᠢᠵᠢᠭᠤᠯᠵᠤ᠂ ᠪᠣᠳᠠᠲᠠᠶᠢᠵᠢᠭᠤᠯᠵᠤ᠂ | ᠰᠢᠯᠢᠳᠡᠭᠵᠢᠭᠦᠯᠵᠦ᠂ ᠰᠢᠯᠢᠳᠡᠭᠵᠢᠭᠦᠯᠬᠦ ᠶᠢᠨ ᠲᠥᠯᠥᠭᠡ᠂ ᠤᠯᠠᠭᠠᠢ ᠮᠠᠯᠵᠢᠯ ᠤᠨ ᠲᠠᠯᠠᠪᠠᠶ ᠶᠢᠨ ᠡᠮᠡᠭᠲᠡᠶᠢᠴᠦᠳ ᠤᠨ | ᠬᠤᠯᠪᠣᠭ᠎ᠠ ︽ᠡᠮᠡᠭᠲᠡᠶᠢᠴᠦᠳ ᠤᠨ ᠭᠡᠷ ᠪᠦᠯᠢ︾ ᠶᠢᠨ ᠵᠢᠭᠰᠠᠭᠠᠯ ᠤᠨ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠵᠤ᠂ 7 ᠰᠠᠷ᠎ᠠ ᠶᠢᠨ 8 ᠤ ᠡᠳᠦᠷ ᠪᠦᠲᠦᠭᠡᠨ ᠪᠠᠶᠢᠭᠤᠯᠬᠤ ᠠᠵᠢᠯ ᠢ ᠨᠢᠭᠡᠨᠲᠡ ᠪᠦᠬᠦᠨ ᠢ | ᠪᠡᠶᠡᠯᠡᠭᠦᠯᠪᠡ᠃ | ᠤᠯᠠᠭᠠᠢ ᠮᠠᠯᠵᠢᠯ ᠤᠨ ᠲᠠᠯᠠᠪᠠᠶ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ | ᠠᠵᠢᠯᠲᠠᠨ ᠠᠵᠢᠯᠴᠢᠨ ᠤ ᠰᠣᠶᠣᠯ ᠤᠨ ᠠᠵᠢᠯᠯᠠᠭ᠎ᠠ ᠶᠢᠨ ᠲᠥᠪ ᠵᠡᠷᠭᠡ ᠳᠤ ᠲᠦᠰᠢᠭᠯᠡᠨ᠂ ᠲᠤᠬᠠᠢ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠡᠮᠡᠭᠲᠡᠶᠢᠴᠦᠳ ᠤᠨ ᠭᠡᠷ ᠪᠦᠯᠢ︾ ᠶᠢ ᠪᠠᠶᠢᠭᠤᠯᠵᠤ᠂ ᠵᠢᠭᠰᠠᠭᠠᠯ ᠤᠨ | ᠭᠠᠵᠠᠷ ᠢ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠠᠵᠢᠯᠯᠠᠭ᠎ᠠ ᠶᠢ ᠬᠠᠮᠲᠤ ᠪᠠᠷ ᠡᠷᠭᠢᠯᠡᠬᠦ᠂ | ᠬᠦᠴᠦᠨ ᠢ ᠬᠠᠮᠲᠤ ᠪᠠᠷ ᠬᠡᠷᠡᠭᠯᠡᠬᠦ᠂ ᠨᠠᠷᠠᠲᠤ ᠲᠥᠷᠥᠯ ᠲᠡᠮᠳᠡᠭᠲᠦ ᠶᠢ ᠬᠠᠮᠲᠤ ᠪᠠᠷ ᠡᠭᠦᠳᠬᠦ ᠶᠢ ᠪᠡᠶᠡᠯᠡᠭᠦᠯᠵᠦ᠂ | ︽ᠡᠮᠡᠭᠲᠡᠶᠢᠴᠦᠳ ᠤᠨ ᠭᠡᠷ ᠪᠦᠯᠢ︾ ᠶᠢᠨ ᠪᠠᠶᠢᠭᠤᠯᠤᠯᠲᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠲᠠᠢ ᠵᠡᠷᠭᠡ ᠪᠠᠷ ᠠᠬᠢᠭᠤᠯᠪᠠ᠃ | ︽ᠡᠮᠡᠭᠲᠡᠶᠢᠴᠦᠳ ᠤᠨ ᠭᠡᠷ︾ ᠨᠢ ᠥᠷᠭᠡᠨ ᠣᠯᠠᠨ ᠡᠮᠡᠭᠲᠡᠶᠢᠴᠦᠳ ᠬᠡᠦᠬᠡᠳ ᠲᠤ ᠥᠴᠥᠬᠡᠨ ᠴᠦ ᠵᠠᠢ ᠦᠭᠡᠢ | ᠦᠢᠯᠡᠴᠢᠯᠡᠬᠦ ᠴᠣᠩᠬᠤ ᠪᠣᠯᠤᠭᠰᠠᠨ ᠤ ᠬᠤᠪᠢ ᠳᠤ᠂ ︽ᠭᠡᠷ︾ ᠤᠨ ᠬᠠᠯᠠᠭᠤᠨ ᠳᠤᠯᠠᠭᠠᠨ ᠰᠢᠨᠵᠢ ᠴᠢᠨᠠᠷ ᠤᠨ | ᠲᠣᠭᠤᠷᠢᠨ ᠳᠤ᠂ ︽ᠡᠮᠡᠭᠲᠡᠶᠢᠴᠦᠳ ᠤᠨ ᠭᠡᠷ︾ ᠤᠨ ᠵᠢᠭᠰᠠᠭᠠᠯ ᠤᠨ ᠭᠠᠵᠠᠷ ᠤᠨ ᠵᠢᠷᠤᠮᠵᠢᠭᠰᠠᠨ ᠪᠦᠲᠦᠭᠡᠨ | ᠪᠠᠶᠢᠭᠤᠯᠤᠯᠲᠠ ᠨᠢ ᠦᠶ᠋ᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠭᠡᠷ︾ ᠢ | ᠦᠨᠡᠨ ᠬᠦ ᠬᠡᠷᠡᠭᠯᠡᠵᠦ᠂ ᠠᠮᠢᠯᠠᠭᠤᠯᠵᠤ᠂ ᠦᠷ᠎ᠡ ᠪᠦᠲᠦᠮᠵᠢ ᠣᠯᠵᠤ᠂ ᠤᠯᠠᠭᠠᠢ ᠮᠠᠯᠵᠢᠯ ᠤᠨ ᠲᠠᠯᠠᠪᠠᠶ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ |