ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠡᠬᠢᠯᠡᠪᠡ  ᠵᠧᠩ ᠬᠤᠨᠭ᠌ ᠹᠠᠨ ᠤᠷᠤᠯᠴᠠᠵᠦ  ᠶᠠᠩ ᠶᠢᠨ ᠨᠠᠭᠠᠳᠤᠮ ᠡᠬᠢᠯᠡᠭᠰᠡᠨ ᠢ ᠵᠠᠷᠯᠠᠵᠤ  ᠵᠠᠩ ᠪᠠᠢ ᠴᠧᠩ ᠤᠭᠲᠤᠯᠭ᠎ᠠ ᠶᠢᠨ ᠦᠭᠡ ᠬᠡᠯᠡᠵᠡᠢ
ᠨᠡᠶᠢᠲᠡᠯᠡᠭᠰᠡᠨ ᠴᠠᠭ᠄
2024/7/15

    7 ᠰᠠᠷ᠎ᠠ ᠶᠢᠨ 14 ᠤ ᠡᠳᠦᠷ᠂ ︽ᠲᠠᠯ᠎ᠠ ᠨᠤᠲᠤᠭ ᠤᠨ ᠨᠠᠨᠳᠢᠨ ᠪᠣᠯᠵᠤᠭ᠎ᠠ · ᠲᠠᠩᠰᠤᠭ ᠨᠠᠭᠠᠳᠤᠮ ᠤᠨ

ᠪᠠᠶᠠᠷᠲᠤ ᠵᠣᠯᠭᠠᠯᠲᠠ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ

ᠨᠤᠲᠤᠭ ᠤᠨ ᠨᠠᠭᠠᠳᠤᠮ ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠳᠤ ᠡᠬᠢᠯᠡᠯ᠎ᠡ᠃

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ‌‍ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ

ᠳᠠᠷᠤᠭ᠎ᠠ ᠵᠧᠩ ᠬᠤᠨᠭ᠌ ᠹᠠᠨ ᠤᠷᠤᠯᠴᠠᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ

ᠨᠠᠭᠠᠳᠤᠮ ᠡᠬᠢᠯᠡᠭᠰᠡᠨ ᠢ ᠵᠠᠷᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋

ᠲᠡᠷᠢᠭᠦᠯᠡᠭᠴᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠤᠭᠲᠤᠯᠭ᠎ᠠ ᠶᠢᠨ

ᠦᠭᠡ ᠬᠡᠯᠡᠵᠡᠢ᠃

    ᠲᠤᠰ ᠬᠤᠭᠤᠴᠠᠭᠠᠨ ᠤ ᠨᠠᠭᠠᠳᠤᠮ ᠳᠤ ᠤᠯᠠᠮᠵᠢᠯᠠᠯᠲᠤ ᠤᠷᠤᠯᠳᠤᠭᠠᠨ ᠤ ᠲᠦᠷᠦᠯ ᠵᠦᠢᠯ᠂ ᠲᠠᠯ᠎ᠠ ᠨᠤᠲᠤᠭ ᠤᠨ

ᠵᠢᠭᠤᠯᠴᠢᠳ ᠤᠨ ᠭᠤᠷᠪᠠᠨ ᠲᠦᠷᠦᠯ ᠤᠨ ᠮᠥᠷᠥᠶᠢᠴᠡᠭᠡᠨ᠂ ᠪᠠᠭᠠᠴᠤᠳ ᠤᠨ ᠨᠠᠭᠠᠳᠤᠮ᠂ ︽ᠤᠶᠠᠩᠭ᠎ᠠ ᠳᠠᠭᠤᠤ ᠶᠢᠨ

ᠥᠪᠥᠷ ᠮᠣᠩᠭᠤᠯ︾ ᠵᠡᠷᠭᠡ ᠠᠵᠢᠯᠯᠠᠭ᠎ᠠ ᠲᠣᠬᠢᠷᠠᠭᠤᠯᠤᠭᠰᠠᠨ ᠪᠠᠶᠢᠨ᠎ᠠ᠃ ᠪᠠᠰᠠ ᠲᠤᠰ ᠬᠤᠭᠤᠴᠠᠭᠠᠨ ᠤ ᠨᠠᠭᠠᠳᠤᠮ

ᠡᠬᠢᠯᠡᠭᠰᠡᠨ ᠠᠴᠠ 8ᠰᠠᠷ᠎ᠠ ᠪᠤᠯᠳᠠᠯ᠎ᠠ ᠦᠷᠭᠦᠯᠵᠢᠯᠡᠭᠰᠡᠨ ᠴᠢᠨᠠᠷᠲᠠᠢ ᠨᠠᠭᠠᠳᠤᠮ ᠤᠨ ᠠᠵᠢᠯᠯᠠᠭ᠎ᠠ ᠡᠷᠭᠢᠯᠡᠵᠦ᠂ ᠥᠷᠭᠡᠨ

ᠤᠯᠠᠨ ᠵᠢᠭᠤᠯᠴᠢᠯᠠᠬᠰᠠᠳ ᠲᠤ ᠲᠠᠯ᠎ᠠ ᠨᠤᠲᠤᠭ ᠤᠨ ᠨᠠᠭᠠᠳᠤᠮ ᠤᠨ ᠬᠠᠪᠤ ᠴᠡᠩᠭᠡᠯ ᠪᠠᠶᠠᠷ ᠵᠢᠷᠭᠠᠯ ᠢ ᠡᠳ᠋ᠯᠡᠭᠦᠯᠭᠦ

ᠪᠣᠯᠣᠨ᠎ᠠ᠃

    ᠣᠶᠢᠷ᠎ᠠ ᠶᠢᠨ ᠵᠢᠯ ᠳᠤ ᠮᠠᠨ ᠤ ᠣᠷᠣᠨ ︽ᠲᠠᠯ᠎ᠠ ᠨᠤᠲᠤᠭ ᠤᠨ ᠨᠠᠨᠳᠢᠨ ᠪᠣᠯᠵᠤᠭ᠎ᠠ · ᠲᠠᠩᠰᠤᠭ ᠨᠠᠭᠠᠳᠤᠮ ᠤᠨ

ᠪᠠᠶᠠᠷᠲᠤ ᠵᠣᠯᠭᠠᠯᠲᠠ︾᠂ ︽ᠤᠶᠠᠩᠭ᠎ᠠ ᠳᠠᠭᠤᠤ ᠶᠢᠨ ᠥᠪᠥᠷ ᠮᠣᠩᠭᠤᠯ︾ ᠵᠡᠷᠭᠡ ᠭᠤᠣᠯ ᠰᠡᠳᠦᠪᠲᠦ ᠲᠥᠷᠥᠯ

ᠲᠡᠮᠳᠡᠭ ᠢ ᠡᠭᠦᠳᠦᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠪᠠᠷ ᠥᠷᠭᠡᠨ ᠲᠦᠮᠡᠨ ᠳᠤ ᠠᠰᠢᠭ

ᠬᠦᠷᠲᠡᠭᠡᠵᠡᠢ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号