ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ  ᠪᠣᠣ ᠰᠢᠶᠠᠨ ᠬᠤᠸᠠ  ᠶᠠᠩ ᠵᠢᠶᠧ ᠣᠷᠣᠯᠴᠠᠵᠠᠢ
ᠨᠡᠶᠢᠲᠡᠯᠡᠭᠰᠡᠨ ᠴᠠᠭ᠄
2024/7/16

    7 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ

ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ

ᠤᠯᠠᠭᠠᠨᠴᠠᠪ ᠬᠤᠲᠠ ᠳᠤ ᠡᠬᠢᠯᠡᠪᠡ᠃

    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠡᠶ᠎ᠡ ᠶᠢᠨ ᠲᠠᠮᠢᠷ ᠤᠨ

ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋

ᠲᠡᠷᠢᠭᠦᠯᠡᠭᠴᠢ ᠶᠠᠩ ᠵᠢᠶᠧ ᠪᠠᠶᠠᠷ ᠤᠨ ᠦᠭᠡ ᠬᠡᠯᠡᠵᠡᠢ᠃

    ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠡᠪ ᠬᠠᠮᠲᠤ

ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠭᠤᠣᠯᠯᠠᠨ

ᠡᠷᠬᠢᠯᠡᠭᠰᠡᠨ ᠪᠥᠭᠡᠳ᠂ ᠬᠦᠨᠳᠦ ᠬᠥᠩᠭᠡᠨ ᠲᠠᠮᠢᠷ᠂ ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ ᠪᠥᠮᠪᠦᠭᠡ᠂

ᠫᠢᠩᠫᠠᠩ ᠪᠥᠮᠪᠦᠭᠡ᠂ ᠲᠣᠣᠷ ᠪᠥᠮᠪᠦᠭᠡ᠂ ᠦᠱᠦ᠂ ᠭᠤᠸᠠᠵᠢᠯ ᠤᠨ ᠲᠠᠮᠢᠷ᠂ ᠳᠡᠭᠡᠰᠦ ᠦᠰᠦᠷᠬᠦ᠂ ᠪᠥᠬᠡ ᠵᠡᠷᠭᠡ 10

ᠶᠡᠭᠡ ᠲᠥᠷᠥᠯ᠂ 170 ᠪᠠᠭ᠎ᠠ ᠲᠥᠷᠥᠯ ᠲᠠᠢ᠂ ᠠᠩᠬ᠎ᠠ ᠳᠤᠮᠳᠠᠳᠤ ᠶᠢᠨ ᠳᠤᠭᠤᠶᠢᠯᠠᠩ ᠪᠠ ᠳᠡᠭᠡᠳᠦ ᠳᠤᠮᠳᠠᠳᠤ ᠶᠢᠨ

ᠳᠤᠭᠤᠶᠢᠯᠠᠩ ᠭᠡᠵᠦ ᠬᠤᠪᠢᠶᠠᠵᠠᠢ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号