7 ᠰᠠᠷ᠎ᠠ ᠶᠢᠨ 16 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ | ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ ᠬᠥᠳᠡᠭᠡ ᠲᠣᠰᠬᠤᠨ ᠮᠠᠯᠵᠢᠬᠤ ᠣᠷᠣᠨ ᠤ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶᠠᠷᠤᠯᠲᠠ ᠶᠢᠨ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠭᠤᠣ ᠲᠢᠶᠠᠨ ᠫᠧᠩ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | ᠴᠠᠩ ᠱᠧᠩ X505 ᠱᠤᠭᠤᠮ ᠤᠨ ᠪᠠᠶᠠᠨᠬᠤᠰᠢᠭᠤ ᠠᠴᠠ ᠬᠠᠯᠠᠭᠠᠶᠢᠲᠤ ᠬᠦᠷᠬᠦ ᠵᠠᠰᠠᠮᠠᠯ ᠵᠠᠮ᠂ C906 | ᠱᠤᠭᠤᠮ ᠤᠨ ᠬᠥᠳᠡᠭᠡ ᠲᠣᠰᠬᠤᠨ ᠤ ᠵᠠᠰᠠᠮᠠᠯ ᠵᠠᠮ ᠳᠤ ᠭᠦᠨᠵᠡᠭᠡᠶᠢᠷᠡᠨ ᠬᠡᠰᠡᠭ ᠵᠠᠮ ᠤᠨ ᠣᠳᠣᠬᠢ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ | ᠣᠷᠣᠨ ᠳᠠᠬᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠡᠷᠦᠩᠬᠡᠢ ᠲᠥᠯᠥᠪᠯᠡᠭᠡ ᠶᠢ | ᠲᠤᠬᠠᠢ ᠶᠢᠨ ᠭᠠᠵᠠᠷ ᠲᠤᠨᠢ ᠰᠣᠨᠣᠰᠪᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ︽ᠠᠷᠠᠴᠢᠯᠠᠬᠤ︾ ᠪᠠ | ︽ᠬᠠᠮᠢᠶᠠᠷᠬᠤ︾ ᠶᠢ ᠴᠢᠬᠤᠯᠠ ᠪᠠᠶᠢᠷᠢᠨ ᠳᠤ ᠲᠠᠯᠪᠢᠵᠤ᠂ ᠲᠡᠮᠳᠡᠭ ᠵᠢᠷᠤᠭᠠᠰᠤ ᠶᠢ ᠬᠡᠷᠡᠭᠯᠡᠬᠦ ᠶᠢ ᠵᠢᠷᠤᠮᠵᠢᠭᠤᠯᠤᠨ᠂ | ᠵᠠᠮ ᠤᠨ ᠭᠠᠳᠠᠷᠭᠤ ᠶᠢᠨ ᠲᠡᠮᠳᠡᠭ ᠵᠢᠷᠤᠭᠠᠰᠤ ᠶᠢ ᠢᠯᠭᠠᠨ ᠲᠠᠨᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠮᠤᠷ | ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠬᠦᠨᠳᠦ ᠬᠥᠩᠭᠡᠨ ᠠᠯᠭᠤᠷ ᠪᠠᠴᠢᠮ︾ | ᠤᠨ ᠵᠠᠷᠴᠢᠮ ᠶᠣᠰᠣᠭᠠᠷ᠂ ᠵᠠᠮ ᠤᠨ ᠭᠠᠳᠠᠷᠭᠤ ᠶᠢᠨ ᠠᠩ ᠴᠠᠪᠠ ᠭᠠᠷᠬᠤ᠂ ᠬᠡᠮᠬᠡᠷᠡᠭᠰᠡᠨ᠂ ᠴᠥᠮᠥᠷᠡᠭᠰᠡᠨ᠂ ᠮᠠᠭᠠᠯᠢᠩᠭᠤ | ᠵᠡᠷᠭᠡ ᠡᠪᠡᠳᠴᠢᠨ ᠤ ᠬᠥᠨᠥᠭᠡᠯ ᠢ ᠪᠦᠷᠢᠳᠬᠡᠬᠦ ᠶᠢᠨ ᠬᠠᠮᠲᠤ ᠠᠷᠠᠴᠢᠯᠠᠨ ᠬᠠᠮᠠᠭᠠᠯᠠᠬᠤ ᠲᠥᠰᠥᠯ ᠢᠶᠠᠨ ᠲᠦᠷᠭᠡᠬᠡᠨ | ᠳᠤᠷᠠᠳᠴᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠰᠡᠷᠭᠡᠶᠢᠯᠡᠯᠲᠡ ᠶᠢᠨ ᠴᠢᠨᠠᠷᠲᠠᠢ ᠠᠷᠠᠴᠢᠯᠠᠨ ᠬᠠᠮᠠᠭᠠᠯᠠᠬᠤ ᠠᠵᠢᠯ ᠢ ᠥᠷᠨᠢᠭᠦᠯᠵᠦ᠂ ᠥᠷᠭᠡᠨ ᠣᠯᠠᠨ ᠠᠷᠠᠳ | ᠲᠦᠮᠡᠨ ᠤ ᠵᠠᠮ ᠬᠠᠷᠢᠯᠴᠠᠭ᠎ᠠ ᠶᠠᠪᠤᠵᠤ ᠰᠠᠭᠤᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠵᠠᠮ ᠬᠠᠷᠢᠯᠴᠠᠭᠠᠨ ᠤ ᠲᠣᠪᠴᠢᠶᠠᠨ ᠤ ᠬᠠᠮᠢᠶ᠎ᠠ | ᠪᠦᠬᠦᠢ ᠬᠠᠷᠢᠭᠤᠴᠠᠯᠭᠠᠲᠠᠨ ᠬᠠᠮᠲᠤ ᠰᠤᠳᠤᠯᠤᠯ ᠬᠢᠪᠡ᠃ | | |