︽ᠨᠡᠮᠡᠵᠦ ᠬᠠᠰᠤᠬᠤ ᠠᠷᠭ᠎ᠠ︾ ᠶᠢ ᠰᠠᠶᠢᠲᠤᠷ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠪᠠ
ᠨᠡᠶᠢᠲᠡᠯᠡᠭᠰᠡᠨ ᠴᠠᠭ᠄
2024/7/18

    ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ

ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ

ᠪᠠᠭᠠᠲᠠᠢ ᠬᠥᠮᠥᠰ ᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠦᠷᠭᠦᠯᠵᠢᠯᠡᠨ ᠠᠬᠢᠭᠤᠯᠬᠤ ᠭᠤᠣᠯ ᠡᠭᠦᠷᠭᠡ ᠶᠢᠨ

ᠲᠣᠭᠤᠷᠢᠨ ᠳᠤ ︽ᠨᠡᠮᠡᠬᠦ ᠠᠷᠭ᠎ᠠ︾ ᠪᠠᠷ ᠣᠷᠣᠯᠭ᠎ᠠ ᠶᠢ ᠨᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ︽ᠬᠠᠰᠤᠬᠤ

ᠠᠷᠭ᠎ᠠ︾ ᠪᠠᠷ ᠵᠠᠷᠤᠯᠭ᠎ᠠ ᠶᠢ ᠨᠢ ᠬᠡᠮᠨᠡᠭᠦᠯᠪᠡ᠃

    ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠵᠡᠷᠭᠡ ᠣᠷᠣᠯᠭ᠎ᠠ ᠶᠢᠨ ᠨᠡᠮᠡᠭᠳᠡᠯ ᠢ ᠠᠬᠢᠭᠤᠯᠬᠤ

ᠲᠠᠯ᠎ᠠ ᠪᠠᠷ ︽ᠨᠡᠮᠡᠬᠦ ᠠᠷᠭ᠎ᠠ︾ ᠶᠢ ᠯᠠᠪᠳᠠᠭᠤᠨ ᠰᠠᠶᠢᠲᠤᠷ ᠬᠡᠷᠡᠭᠯᠡᠵᠦ᠂ ᠣᠷᠣᠯᠭ᠎ᠠ ᠶᠢ ᠨᠢ ᠨᠡᠮᠡᠭᠳᠡᠭᠦᠯᠪᠡ᠃ ᠡᠨᠡ

ᠵᠢᠯ ᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠶᠢᠨ

77.3% ᠶᠢ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢ ᠨᠢ

ᠨᠡᠮᠡᠭᠳᠡᠭᠦᠯᠬᠦ ᠪᠠᠷ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠨ᠂ ᠳᠡᠭᠡᠷ᠎ᠡ ᠵᠢᠯ ᠤᠨ ᠬᠢ ᠠᠴᠠ 10 ᠵᠠᠭᠤᠨ ᠤ

ᠴᠡᠭ ᠢᠶᠠᠷ  ᠨᠡᠮᠡᠭᠳᠡᠭᠦᠯᠪᠡ︔ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠤ 21.3 ᠲᠦᠮᠡᠨ

ᠶᠠᠳᠠᠭᠤ ᠠᠴᠠ ᠠᠩᠭᠢᠵᠢᠷᠠᠭᠰᠠᠨ ᠬᠥᠮᠥᠰ ᠲᠤ ᠠᠵᠢᠯ ᠣᠯᠭᠤᠵᠤ᠂ ᠤᠯᠤᠰ ᠠᠴᠠ ᠪᠠᠭᠤᠯᠭᠠᠭᠰᠠᠨ ᠬᠠᠷᠠᠯᠲᠠᠲᠤ

ᠡᠭᠦᠷᠭᠡ ᠶᠢ ᠨᠢᠭᠡᠨᠲᠡ ᠪᠡᠶᠡᠯᠡᠭᠦᠯᠪᠡ᠃ ᠵᠠᠷᠤᠯᠭ᠎ᠠ ᠶᠢ ᠪᠠᠭᠠᠰᠬᠠᠨ ᠥᠪᠡᠷ ᠤᠨ ᠥᠷᠲᠡᠭ ᠢ ᠪᠠᠭᠤᠷᠠᠭᠤᠯᠬᠤ ᠲᠠᠯ᠎ᠠ ᠪᠠᠷ

︽ᠬᠠᠰᠤᠬᠤ ᠠᠷᠭ᠎ᠠ︾ ᠶᠢ ᠬᠦᠴᠦᠯᠡᠨ ᠰᠠᠶᠢᠲᠤᠷ ᠬᠡᠷᠡᠭᠯᠡᠵᠦ᠂ ᠵᠠᠷᠤᠯᠭ᠎ᠠ ᠶᠢ ᠨᠢ ᠬᠡᠮᠨᠡᠭᠦᠯᠪᠡ᠃ ᠪᠠᠩᠬᠢ ᠶᠢᠨ

ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠵᠣᠬᠢᠴᠠᠭᠤᠯᠵᠤ ᠪᠠᠶᠢᠭᠠᠳ ᠲᠠᠷᠢᠶᠠᠯᠠᠩ ᠮᠠᠯ

ᠠᠵᠤ ᠠᠬᠤᠢ ᠳᠤ ᠬᠤᠯᠪᠣᠭᠳᠠᠬᠤ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠬᠢᠷᠠᠭᠤᠯᠵᠤ᠂ ᠮᠠᠯᠵᠢᠬᠤ

ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ

ᠪᠠᠭᠤᠷᠠᠭᠤᠯᠤᠨ᠂ ᠬᠦᠦ ᠮᠥᠩᠭᠦ ᠶᠢᠨ ᠵᠠᠷᠤᠯᠭ᠎ᠠ ᠶᠢ ᠨᠢ ᠪᠠᠭᠠᠰᠬᠠᠪᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ

ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶ᠎ᠠ ᠨᠢ ︽ᠳᠠᠩᠰᠠᠯᠠᠵᠤ ᠺᠠᠷᠲᠯᠠᠭᠰᠠᠨ

ᠶᠠᠳᠠᠭᠤ ᠠᠴᠠ ᠠᠩᠭᠢᠵᠢᠷᠠᠭᠰᠠᠨ ᠬᠥᠮᠥᠰ ᠲᠤ ᠵᠢᠭᠡᠯᠡᠯᠭᠡ ᠶᠢᠨ ᠦᠢᠯᠡᠴᠢᠯᠡᠭᠡᠨ ᠤ ᠬᠤᠯᠪᠣᠭᠳᠠᠯ ᠪᠦᠬᠦᠢ ᠵᠦᠢᠯᠡᠰ ᠢ

ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ᠂ ᠶᠠᠳᠠᠭᠤ ᠠᠴᠠ ᠠᠩᠭᠢᠵᠢᠷᠠᠭᠰᠠᠨ

ᠡᠷᠦᠬᠡ ᠶᠢᠨ ᠬᠦᠦ ᠮᠥᠩᠭᠦ ᠶᠢᠨ ᠨᠤᠷᠮ᠎ᠠ ᠶᠢ ᠪᠦᠬᠦᠨ ᠢ LPR ᠬᠦᠦ ᠮᠥᠩᠭᠦ ᠶᠢᠨ ᠨᠣᠷᠮ᠎ᠠ ᠳᠤ ᠬᠦᠷᠲᠡᠯ᠎ᠡ

ᠪᠠᠭᠤᠷᠠᠭᠤᠯᠪᠠ᠃ ᠠᠩᠬ᠎ᠠ ᠠᠯᠬᠤᠮ ᠤᠨ ᠵᠢᠱᠢᠵᠦ ᠪᠣᠳᠣᠭᠰᠠᠨ ᠢᠶᠠᠷ᠂ ᠬᠥᠳᠡᠭᠡ ᠲᠣᠰᠬᠤᠨ ᠤ ᠢᠲᠡᠭᠡᠮᠵᠢ ᠶᠢᠨ

ᠬᠤᠷᠰᠢᠶᠠᠨ ᠤ ᠬᠤᠯᠪᠣᠭᠠᠲᠤ ᠬᠤᠷᠰᠢᠶ᠎ᠠ ᠶᠢᠨ ᠡᠨᠡ ᠤᠳᠠᠭᠠᠨ ᠤ ᠬᠦᠦ ᠮᠥᠩᠭᠦ ᠶᠢᠨ ᠪᠠᠭᠤᠷᠠᠭᠤᠯᠤᠯᠲᠠ ᠨᠢ ᠨᠡᠶᠢᠲᠡ

1 ᠲᠦᠮᠡ ᠭᠠᠷᠤᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠤᠯᠪᠣᠭᠳᠠᠵᠤ᠂ ᠡᠷᠦᠬᠡ ᠪᠦᠷᠢ ᠶᠢᠨ ᠵᠠᠷᠤᠯᠭ᠎ᠠ ᠶᠢ

ᠳᠤᠮᠳᠠᠴᠢ ᠪᠠᠷ 4000 ᠲᠥᠭᠦᠷᠢᠭ ᠪᠠᠭᠠᠰᠬᠠᠨ ᠨᠡᠶᠢᠲᠡ 4000  ᠲᠦᠮᠡᠨ ᠲᠥᠭᠦᠷᠢᠭ ᠤᠨ ᠬᠦᠦ ᠮᠥᠩᠭᠦ ᠶᠢ

ᠬᠠᠰᠤᠵᠤ ᠬᠡᠯᠲᠦᠷᠢᠭᠦᠯᠪᠡ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号