2024 ᠣᠨ ᠳᠤ ᠢᠦᠢ ᠷᠦᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠢᠮᠠᠭᠲᠠ ︽ᠶᠡᠭᠡ | ᠲᠠᠯ᠎ᠠ ᠳᠤ ᠦᠢᠯᠡᠴᠢᠯᠡᠬᠦ᠂ ᠪᠠᠭ᠎ᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ᠂ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠳᠤ ᠦᠢᠯᠡᠴᠢᠯᠡᠬᠦ︾ ᠵᠣᠷᠢᠯᠲᠠ ᠶᠢ ᠪᠠᠷᠢᠮᠲᠠᠯᠠᠵᠤ᠂ ᠺᠣᠮᠫᠠᠨᠢ ᠶᠢᠨ ᠤᠭ ᠰᠠᠨᠠᠭ᠎ᠠ ᠪᠠ ᠡᠭᠦᠷᠭᠡ | ᠬᠠᠷᠢᠭᠤᠴᠠᠯᠭ᠎ᠠ ᠶᠢ ᠪᠠᠲᠤ ᠰᠠᠬᠢᠵᠤ᠂ ᠦᠢᠯᠡᠴᠢᠯᠡᠭᠡᠨ ᠤ ᠴᠤᠪᠤᠷᠠᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ | ᠳᠠᠭᠠᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠡᠷᠴᠢ ᠵᠣᠷᠢᠭ ᠢᠶᠠᠨ | ᠬᠥᠪᠴᠢᠯᠡᠨ ᠵᠢᠵᠢᠭ ᠪᠢᠴᠢᠯ ᠠᠵᠤ ᠠᠬᠤᠶᠢᠯᠠᠯ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠭᠤᠣᠯ ᠴᠣᠭᠴᠠ ᠳᠤ ᠨᠠᠩ ᠳᠥᠭᠦᠮ ᠳᠥᠲᠡ᠂ ᠠᠮᠢᠳᠤᠯᠢᠭ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠦᠢᠯᠡᠴᠢᠯᠡᠭᠡ ᠬᠠᠩᠭᠠᠪᠠ᠃ ᠳᠡᠭᠡᠷ᠎ᠡ ᠬᠠᠭᠠᠰ ᠵᠢᠯ ᠳᠤ ᠺᠣᠮᠫᠠᠨᠢ 98 ᠤᠳᠠᠭ᠎ᠠ ᠰᠢᠨ᠎ᠡ ᠪᠠᠷ ᠨᠡᠮᠡᠭᠳᠡᠵᠦ᠂ 7953 | ᠲᠦᠮᠡᠨ ᠲᠥᠭᠦᠷᠢᠭ ᠤᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ ᠡᠭᠦᠨ ᠳᠤ᠄ ᠲᠠᠷᠢᠶᠠᠯᠠᠩ ᠳᠤ | ᠬᠤᠯᠪᠣᠭᠳᠠᠭᠰᠠᠨ ᠵᠢᠭᠡᠯᠡᠯᠭᠡ 88 ᠬᠤᠪᠢ 5801 ᠲᠦᠮᠡᠨ ᠲᠥᠭᠦᠷᠢᠭ᠂ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ 3 ᠬᠤᠪᠢ 1750 ᠲᠦᠮᠡᠨ ᠲᠥᠭᠦᠷᠢᠭ᠂ ᠰᠠᠭᠤᠭᠠᠯᠢ ᠠᠷᠠᠳ ᠤᠨ ᠬᠡᠷᠡᠭᠯᠡᠭᠡᠨ ᠤ ᠵᠢᠭᠡᠯᠡᠯᠭᠡ 7 ᠬᠤᠪᠢ | 402 ᠲᠦᠮᠡᠨ ᠲᠥᠭᠦᠷᠢᠭ ᠪᠣᠶ᠃ ᠳᠡᠭᠡᠷ᠎ᠡ ᠬᠠᠭᠠᠰ ᠵᠢᠯ ᠳᠤ᠂ ᠵᠢᠵᠢᠭ ᠪᠢᠴᠢᠯ ᠠᠵᠤ ᠠᠬᠤᠶᠢᠯᠠᠯ ᠪᠠ ︽ᠬᠥᠳᠡᠭᠡ | ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠲᠤᠬᠠᠶᠢᠯᠠᠭᠰᠠᠨ ᠠᠵᠢᠯ ᠤᠨ ᠡᠵᠡᠯᠡᠬᠦ ᠬᠠᠷᠢᠴᠠᠯ ᠨᠢ 94. | 9% ᠳᠤ ᠬᠦᠷᠴᠦ᠂ ᠳᠤᠮᠳᠠᠴᠢ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠨᠢ 0.65% ᠳᠤ ᠬᠦᠷᠴᠡᠢ︔ ᠵᠢᠯ ᠤᠨ | ᠡᠬᠢᠨ ᠳᠤ ᠲᠣᠭᠲᠠᠭᠠᠭᠰᠠᠨ ᠠᠵᠢᠯ ᠤᠨ ᠬᠠᠷᠠᠯᠲᠠ ᠡᠭᠦᠷᠭᠡ ᠶᠢᠨ ᠶᠣᠰᠣᠭᠠᠷ᠂ ᠴᠠᠭ ᠤᠨ ᠬᠠᠭᠠᠰ ᠢ ᠳᠠᠪᠠᠭᠰᠠᠨ᠂ | ᠡᠭᠦᠷᠭᠡ ᠶᠢᠨ ᠬᠠᠭᠠᠰ ᠢᠯᠡᠭᠦᠦ ᠬᠠᠷᠠᠯᠲᠠ ᠳᠤ ᠬᠦᠷᠦᠭᠰᠡᠨ ᠤ ᠬᠠᠮᠲᠤ᠂ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢᠨ ᠭᠠᠭᠴᠠ ᠡᠷᠦᠬᠡ ᠶᠢᠨ ᠳᠠᠭᠠᠭᠠᠯᠲᠠ ᠶᠢᠨ ᠵᠣᠭᠤᠰ ᠤᠨ ᠲᠤᠭ᠎ᠠ ᠨᠢ 500 ᠲᠦᠮᠡᠨ ᠲᠥᠭᠦᠷᠢᠭ | ᠵᠢᠴᠢ ᠲᠡᠭᠦᠨ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠪᠠ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠭᠤᠣᠯ ᠴᠣᠭᠴᠠ ᠶᠢᠨ ᠬᠤᠷᠢᠶᠠᠭᠰᠠᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢᠨ | ︽1% ᠠᠴᠠ ᠬᠡᠲᠦᠷᠡᠬᠦ ᠦᠭᠡᠢ︾ ᠡᠭᠦᠷᠭᠡ ᠬᠠᠷᠠᠯᠲᠠ ᠶᠢ ᠨᠡᠯᠢᠶᠡᠳ ᠰᠠᠶᠢᠨ ᠪᠡᠶᠡᠯᠡᠭᠦᠯᠵᠦ᠂ ︽ᠪᠡᠯᠡ | ᠲᠣᠬᠢᠷᠠᠭᠤᠯᠬᠤ ᠳᠤ ᠦᠨᠡᠲᠡᠢ︾ ᠪᠠᠶᠢᠬᠤ ᠳᠠᠷᠤᠯᠲᠠ ᠶᠢ ᠪᠦᠲᠦᠮᠵᠢᠲᠡᠶ ᠨᠠᠮᠳᠠᠭᠤᠯᠵᠠᠢ᠃ | 2024 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ᠂ ᠺᠣᠮᠫᠠᠨᠢ ᠶᠢᠨ ᠳᠠᠭᠠᠳᠬᠠᠯ ᠳᠤ ᠪᠠᠶᠢᠭ᠎ᠠ | ᠬᠡᠷᠡᠭᠯᠡᠭᠴᠢ ᠶᠢᠨ ᠬᠡᠪᠴᠢᠶ᠎ᠡ ᠨᠡᠶᠢᠲᠡ 454 ᠪᠣᠯᠵᠤ᠂ ᠳᠠᠭᠠᠳᠬᠠᠯ ᠳᠤ ᠪᠠᠶᠢᠭ᠎ᠠ ᠵᠣᠭᠤᠰ ᠤᠨ ᠲᠤᠭ᠎ᠠ 3.14 | ᠳ᠋ᠦᠩᠰᠢᠭᠤᠷ ᠲᠥᠭᠦᠷᠢᠭ ᠲᠤ ᠬᠦᠷᠴᠡᠢ᠃ ᠺᠣᠮᠫᠠᠨᠢ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠬᠤ ᠶᠢᠨ ᠬᠠᠮᠲᠤ᠂ ᠪᠡᠯᠡ ᠲᠣᠬᠢᠷᠠᠭᠤᠯᠭ᠎ᠠ ᠶᠢᠨ | ᠳᠠᠭᠠᠭᠠᠯᠲᠠ ᠶᠢᠨ︽ᠲᠣᠮᠣᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠭᠠᠢ ᠵᠢᠴᠢ ᠡᠷᠬᠢᠨ ᠲᠣᠭᠤᠷᠢᠨ ᠤ | ᠭᠠᠵᠠᠷ ᠣᠷᠣᠨ ᠤ ᠵᠢᠵᠢᠭ ᠪᠢᠴᠢᠯ ᠠᠵᠤ ᠠᠬᠤᠶᠢᠯᠠᠯ᠂ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠳᠤ ᠲᠤᠯᠭᠠᠷᠠᠵᠤ ᠪᠠᠶᠢᠭ᠎ᠠ ︽ᠪᠡᠯᠡ | ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ︾ ᠪᠠᠶᠢᠬᠤ ᠠᠰᠠᠭᠤᠳᠠᠯ ᠢ ᠦᠨᠡᠨ ᠬᠦ | ᠰᠢᠢᠳᠪᠦᠷᠢᠯᠡᠪᠡ᠃ | ᠲᠠᠷᠠᠭᠠᠴᠢ ᠶᠢᠨ ᠠᠯᠬᠤᠮ ᠳᠤ᠂ ᠺᠣᠮᠫᠠᠨᠢ ᠦᠷᠭᠦᠯᠵᠢᠯᠡᠨ ᠳᠠᠭᠠᠭᠠᠯᠲᠠ ᠬᠢᠬᠦ ᠪᠠᠷ ᠳᠠᠮᠵᠢᠭᠤᠯᠤᠨ ᠡᠨᠧᠷᠭᠢ | ᠣᠯᠭᠤᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠨ᠎ᠡ ᠶᠢ ᠡᠭᠦᠳᠬᠦ ᠶᠢ ᠴᠢᠩᠭᠠᠳᠬᠠᠵᠤ᠂ ︽ᠪᠠᠩᠬᠢ | ᠳᠠᠭᠠᠭᠠᠯᠲᠠ︾︽ᠡᠭᠦᠷᠭᠡ︾ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ | ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ | ᠪᠣᠳᠣᠯᠭ᠎ᠠ ᠶᠢᠨ ᠴᠢᠨᠠᠷᠲᠠᠢ ᠳᠠᠭᠠᠭᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠭᠠᠢ ᠭᠠᠵᠠᠷ ᠣᠷᠣᠨ ᠤ | ᠲᠠᠷᠢᠶᠠᠯᠠᠩ ᠤᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠨ᠎ᠡ᠃ | | |