ᠳᠡᠭᠡᠳᠦ ᠬᠠᠭᠠᠰ ᠵᠢᠯ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/7/19

    ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠳᠦ ᠬᠠᠭᠠᠰ ᠵᠢᠯ ᠳᠤ᠂ ᠥᠪᠥᠷ ᠮᠣᠩᠭᠤᠯ ᠤᠨ

ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ

ᠠᠷᠠᠳ ᠤᠨ ᠵᠣᠭᠤᠰ ᠢᠶᠠᠷ 997.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ

10.8% ᠪᠠᠷ ᠨᠡᠮᠡᠭᠳᠡᠵᠦ᠂ ᠪᠦᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ 4.7 ᠵᠠᠭᠤᠨ ᠤ ᠴᠡᠭ ᠢᠶᠠᠷ

ᠥᠨᠳᠥᠷ ᠪᠣᠯᠵᠠᠢ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠦᠷᠲᠡᠭ ᠨᠢ 381.1 ᠳ᠋ᠦᠩᠰᠢᠭᠤᠷ ᠲᠥᠭᠦᠷᠢᠭ ᠲᠤ

ᠬᠦᠷᠴᠦ᠂ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠨᠢ

616.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ᠃

    ᠣᠶᠢᠯᠠᠭᠠᠭᠰᠠᠨ ᠢᠶᠠᠷ᠂ ᠭᠠᠳᠠᠭᠠᠳᠤ ᠳᠤ ᠭᠠᠷᠭᠠᠬᠤ ᠲᠠᠯ᠎ᠠ ᠪᠠᠷ᠂ ᠮᠠᠰᠢᠨ ᠴᠠᠬᠢᠯᠭᠠᠨ ᠤ ᠦᠢᠯᠡᠳᠬᠦᠨ ᠨᠢ ᠥᠪᠥᠷ

ᠮᠣᠩᠭᠤᠯ ᠤᠨ ᠭᠠᠳᠠᠭᠠᠳᠤ ᠳᠤ ᠭᠠᠷᠭᠠᠭᠰᠠᠨ ᠨᠢᠭᠡᠳᠦᠭᠡᠷ ᠲᠣᠮᠣ ᠲᠠᠸᠠᠷ ᠪᠣᠯᠣᠨ᠎ᠠ᠃ ᠳᠡᠭᠡᠳᠦ ᠬᠠᠭᠠᠰ ᠵᠢᠯ ᠳᠤ᠂

ᠥᠪᠡᠷᠲᠡᠭᠡᠨ ᠵᠠᠰᠠᠬᠤ ᠣᠷᠣᠨ ᠤ ᠮᠠᠰᠢᠨ ᠴᠠᠬᠢᠯᠭᠠᠨ ᠤ ᠦᠢᠯᠡᠳᠬᠦᠨ ᠤ ᠭᠠᠳᠠᠭᠠᠳᠤ ᠳᠤ ᠭᠠᠷᠭᠠᠭᠰᠠᠨ ᠦᠷᠲᠡᠭ ᠨᠢ

128 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠪᠥᠬᠦ

ᠣᠷᠣᠨ ᠤ ᠭᠠᠳᠠᠭᠠᠳᠤ ᠳᠤ  ᠭᠠᠷᠭᠠᠭᠰᠠᠨ ᠥᠷᠲᠡᠭ ᠤᠨ 33.6% ᠶᠢ ᠡᠵᠡᠯᠡᠪᠡ᠃ ︽ᠭᠤᠷᠪᠠᠨ ᠰᠢᠨ᠎ᠡ ᠲᠦᠷᠦᠯ︾

︵ᠴᠠᠬᠢᠯᠭᠠᠨ ᠬᠥᠳᠡᠯᠭᠡᠭᠦᠷᠲᠦ ᠬᠥᠮᠥᠨ ᠠᠴᠢᠶᠠᠯᠠᠭᠰᠠᠨ ᠮᠠᠰᠢᠨ ᠲᠡᠷᠭᠡ᠂ ᠯᠢᠲ᠋ᠢ ᠢᠶᠤᠨ ᠤ ᠴᠠᠬᠢᠯᠭᠠᠨ ᠬᠤᠷᠢᠶᠠᠭᠤᠷ᠂

ᠨᠡᠷᠡᠨ ᠡᠨᠧᠷᠭᠢ ᠶᠢᠨ ᠴᠡᠨᠡᠭ︶ ᠤᠨ ᠦᠢᠯᠡᠳᠬᠦᠨ ᠤ ᠭᠠᠳᠠᠭᠠᠳᠤ ᠳᠤ ᠭᠠᠷᠭᠠᠬᠤ ᠶᠢ ᠲᠦᠷᠦᠭᠦᠯᠡᠨ ᠪᠡᠶᠡᠯᠡᠭᠦᠯᠵᠦ᠂

ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠦᠷᠭᠦᠯᠵᠢᠯᠡᠨ ᠬᠥᠭᠵᠢᠭᠡᠪᠡ᠃ ᠳᠡᠭᠡᠳᠦ ᠬᠠᠭᠠᠰ ᠵᠢᠯ ᠳᠤ᠂

ᠥᠪᠡᠷᠲᠡᠭᠡᠨ ᠵᠠᠰᠠᠬᠤ ᠣᠷᠣᠨ ᠤ ︽ᠭᠤᠷᠪᠠᠨ ᠰᠢᠨ᠎ᠡ ᠲᠦᠷᠦᠯ︾ ᠤᠨ ᠦᠢᠯᠡᠳᠬᠦᠨ ᠤ ᠭᠠᠳᠠᠭᠠᠳᠤ ᠳᠤ ᠭᠠᠷᠭᠠᠭᠰᠠᠨ

ᠦᠷᠲᠡᠭ ᠨᠢ 18.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 75.7% ᠪᠠᠷ

ᠨᠡᠮᠡᠭᠳᠡᠨ᠂ ᠪᠥᠬᠦ ᠣᠷᠣᠨ ᠤ ᠭᠠᠳᠠᠭᠠᠳᠤ ᠳᠤ ᠭᠠᠷᠭᠠᠭᠰᠠᠨ ᠥᠷᠲᠡᠭ ᠤᠨ 5% ᠶᠢ ᠡᠵᠡᠯᠡᠪᠡ᠃ ᠭᠠᠳᠠᠭᠠᠳᠤ ᠠᠴᠠ

ᠣᠷᠣᠭᠤᠯᠬᠤ ᠲᠠᠯ᠎ᠠ ᠪᠠᠷ᠂ ᠳᠡᠭᠡᠳᠦ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠥᠷᠭᠡᠨ ᠬᠡᠷᠡᠭᠴᠡᠭᠡᠨ ᠤ

ᠲᠠᠸᠠᠷ ᠤᠨ ᠭᠠᠳᠠᠭᠠᠳᠤ ᠠᠴᠠ ᠣᠷᠣᠭᠤᠯᠤᠭᠰᠠᠨ ᠥᠷᠲᠡᠭ ᠤᠨ 487.6 ᠳ᠋ᠦᠩᠰᠢᠭᠤᠷ ᠲᠥᠭᠦᠷᠢᠭ ᠲᠤ ᠬᠦᠷᠴᠦ᠂

ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠤᠭᠰᠠᠨ

ᠥᠷᠲᠡᠭ ᠤᠨ 79.1% ᠶᠢ ᠡᠵᠡᠯᠡᠪᠡ᠃

    ᠡᠵᠡᠩᠨᠡᠯᠲᠡ ᠶᠢᠨ ᠭᠤᠣᠯ ᠴᠣᠭᠴᠠ ᠶᠢᠨ ᠲᠠᠯ᠎ᠠ ᠪᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ

ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠪᠴᠢᠶ᠎ᠡ ᠲᠠᠰᠤᠷᠠᠯᠲᠠ ᠦᠭᠡᠢ ᠪᠤᠵᠠᠭᠠᠶᠢᠷᠠᠪᠠ᠃

ᠳᠡᠭᠡᠳᠦ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ

ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠥᠷᠲᠡᠭ ᠨᠢ 773.7 ᠳ᠋ᠦᠩᠰᠢᠭᠤᠷ ᠲᠥᠭᠦᠷᠢᠭ ᠲᠤ

ᠬᠦᠷᠴᠦ᠂ ᠠᠳᠠᠯᠢ ᠬᠤᠭᠤᠴᠠᠭᠠᠨ ᠤ ᠬᠢ ᠠᠴᠠ 13.4% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ

ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠤᠨ 77.

5% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.8 ᠵᠠᠭᠤᠨ ᠤ ᠴᠡᠭ ᠢᠶᠠᠷ ᠳᠡᠭᠡᠭᠰᠢᠯᠡᠵᠡᠢ᠃

    ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠥᠷ ᠮᠣᠩᠭᠤᠯ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ

ᠪᠦᠲᠦᠭᠡᠨ ᠪᠠᠶᠢᠭᠤᠯᠬᠤ ᠤᠯᠤᠰ ᠤᠳ ᠤᠨ ᠬᠤᠭᠤᠷᠣᠨᠳᠣᠬᠢ ᠠᠷᠠᠯᠵᠢᠶᠠᠨ ᠤ ᠶᠠᠪᠤᠯᠴᠠᠭ᠎ᠠ ᠤᠯᠠᠮ ᠠᠴᠠ ᠤᠯᠠᠮ

ᠨᠢᠭᠲᠠ ᠪᠣᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠱᠤᠭᠤᠮ ᠤᠯᠠᠮ ᠠᠴᠠ ᠤᠯᠠᠮ

ᠨᠢᠭᠲᠠᠷᠠᠵᠤ᠂ ︽ᠨᠠᠶᠢᠵᠠ ᠶᠢᠨ ᠲᠣᠭᠤᠷᠢᠭ︾ ᠲᠠᠰᠤᠷᠠᠯᠳᠡ ᠦᠭᠡᠢ ᠥᠷᠭᠡᠵᠢᠪᠡ᠃ ᠳᠡᠭᠡᠳᠦ ᠬᠠᠭᠠᠰ ᠵᠢᠯ ᠳᠤ᠂

ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠲᠠᠬᠢ

ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠥᠷᠲᠡᠭ ᠨᠢ 803.5 ᠳ᠋ᠦᠩᠰᠢᠭᠤᠷ ᠲᠥᠭᠦᠷᠢᠭ ᠲᠤ

ᠬᠦᠷᠴᠦ᠂ ᠠᠳᠠᠯᠢ ᠬᠤᠭᠤᠴᠠᠭᠠᠨ ᠤ ᠬᠢ ᠠᠴᠠ 15.1% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ

ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠤᠨ 80.

5% ᠶᠢ ᠡᠵᠡᠯᠡᠪᠡ᠃

    ᠬᠥᠬᠡᠬᠤᠲᠠ ᠪᠣᠭᠤᠮᠲᠠ ᠶᠢᠨ ᠵᠠᠳᠠᠯᠤᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠥᠷ ᠮᠣᠩᠭᠤᠯ ᠰᠢᠨ᠎ᠡ ᠪᠠᠷ ᠪᠤᠢ

ᠪᠣᠯᠤᠭᠰᠠᠨ ᠵᠠᠬ᠎ᠠ ᠳᠡᠯᠭᠡᠭᠦᠷ ᠢ ᠶᠡᠭᠡ ᠪᠠᠷ ᠨᠡᠭᠡᠭᠡᠨ ᠥᠷᠭᠡᠳᠬᠡᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢᠨ

ᠲᠠᠪᠴᠠᠩ ᠢ ᠪᠠᠶᠢᠭᠤᠯᠤᠨ᠂ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠭᠠᠳᠠᠭᠠᠳᠤ

ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠲᠠᠰᠤᠷᠠᠯᠲᠠ ᠦᠭᠡᠢ ᠬᠤᠷᠠᠮᠳᠤᠭᠤᠯᠤᠨ᠂ ᠳᠡᠭᠡᠳᠦ ᠬᠠᠭᠠᠰ ᠵᠢᠯ ᠳᠤ

ᠪᠥᠬᠦ ᠣᠷᠣᠨ ᠤ ᠭᠠᠳᠠᠭᠠᠳᠤ ᠠᠷᠠᠯᠵᠢᠶ᠎ᠠ ᠨᠡᠯᠢᠶᠡᠳ ᠴᠢᠩᠭ᠎ᠠ ᠤᠶᠠᠨ ᠬᠠᠳᠠᠨ ᠴᠢᠨᠠᠷ ᠪᠠ ᠠᠮᠢᠵᠢᠷᠠᠯ ᠤᠨ

ᠬᠦᠴᠦᠨ ᠲᠠᠢ ᠪᠣᠯᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠦᠷᠢᠶ᠎ᠡ ᠴᠠᠷᠠᠭ᠎ᠠ ᠳᠤ ᠴᠥᠮ

ᠲᠣᠭᠲᠠᠭᠤᠨ ᠤ ᠳᠤᠮᠳᠠ ᠠᠬᠢᠯᠲᠠ ᠲᠠᠢ ᠪᠣᠯᠤᠭᠰᠠᠨ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ

ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠳᠠᠭᠠᠯᠳᠤᠨ᠂ ᠭᠠᠳᠠᠭᠠᠳᠤ ᠠᠷᠠᠯᠵᠢᠶᠠᠨ ᠤ

ᠶᠡᠷᠦᠩᠬᠡᠶᠢᠯᠡᠭᠰᠡᠨ ᠥᠷᠢᠰᠦᠯᠳᠦᠭᠡᠨ ᠤ ᠳᠠᠪᠠᠭᠤᠯᠢᠭ ᠤᠯᠠᠮ ᠪᠠᠬᠢᠵᠢᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ

ᠰᠢᠨ᠎ᠡ ᠪᠠᠷ ᠪᠤᠢ ᠪᠣᠯᠤᠭᠰᠠᠨ ᠡᠵᠡᠩᠨᠡᠯᠲᠡ ᠶᠢᠨ ᠠᠵᠤ ᠪᠠᠶᠢᠳᠠᠯ ᠤᠨ ᠬᠥᠭᠵᠢᠯᠲᠡ ᠪᠠᠷ ᠳᠡᠮᠵᠢᠨ᠂ ᠥᠪᠥᠷ

ᠮᠣᠩᠭᠤᠯ ᠤᠨ ᠪᠥᠬᠦ ᠵᠢᠯ ᠤᠨ ᠭᠠᠳᠠᠭᠠᠳᠤ ᠠᠷᠠᠯᠵᠢᠶᠠᠨ ᠤ ︽ᠶᠠᠰᠤ ᠴᠢᠨᠠᠷ ᠢ ᠳᠡᠭᠡᠭᠰᠢᠯᠡᠭᠦᠯᠦᠨ ᠲᠤᠭ᠎ᠠ ᠬᠡᠮᠵᠢᠶ᠎ᠡ ᠶᠢ

ᠲᠣᠭᠲᠠᠪᠤᠷᠢᠵᠢᠭᠤᠯᠬᠤ︾ ᠪᠠᠶᠢᠳᠠᠯ ᠢ ᠪᠠᠲᠤᠯᠠᠬᠤ ᠪᠣᠯᠣᠮᠵᠢ ᠲᠠᠢ ᠪᠠᠶᠢᠨ᠎ᠠ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号