ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠶᠢ ᠢᠮᠠᠭᠲᠠ ᠠᠩᠬᠠᠷᠤᠨ ᠬᠠᠯᠠᠮᠵᠢᠯᠠᠵᠤ᠂ | ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠠᠨᠠᠭᠠᠯᠵᠠᠵᠤ᠂ 2023 ᠣᠨ ᠤ 6 | ᠰᠠᠷ᠎ᠠ ᠳᠤ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠢᠷᠡᠵᠥ ᠰᠢᠨᠵᠢᠯᠡᠨ ᠪᠠᠶᠢᠴᠠᠭᠠᠵᠤ᠂ ᠳᠠᠬᠢᠨᠲᠠ ᠥᠪᠥᠷ | ᠮᠣᠩᠭᠤᠯ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ ᠴᠢᠭᠯᠡᠯ ᠢ ᠲᠣᠭᠲᠠᠭᠠᠵᠤ ᠥᠭᠭᠦᠨ᠂ ᠡᠷᠴᠢ ᠵᠣᠷᠢᠭ ᠢ | ᠬᠥᠪᠴᠢᠯᠡᠨ ᠤᠷᠮᠠᠰᠢᠭᠤᠯᠤᠨ ᠵᠣᠷᠢᠭᠵᠢᠭᠤᠯᠪᠠ᠂ ᠪᠦᠭᠦ ᠣᠷᠣᠨ ᠳᠠᠶᠠᠭᠠᠷ ᠢᠶᠠᠨ ᠲᠤᠶᠢᠯ ᠢᠶᠠᠷ ᠤᠷᠮᠠᠰᠢᠨ ᠵᠣᠷᠢᠭᠵᠢᠪᠠ᠃ | | ᠨᠢᠭᠡ ᠵᠢᠯ ᠤᠨ ᠲᠤᠷᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠭᠤᠣᠯ ᠰᠡᠳᠦᠪᠲᠦ | ᠬᠥᠮᠦᠵᠢᠯ ᠸᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠬᠦᠴᠦᠨ ᠴᠢᠳᠠᠯ | ᠣᠯᠭᠤᠨ ᠦᠷ᠎ᠡ ᠠᠰᠢᠭ ᠢᠶᠠᠨ ᠨᠡᠮᠡᠭᠳᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ | ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠭᠤᠶᠢᠪᠢᠰᠢ ᠦᠭᠡᠢ ᠰᠠᠶᠢᠲᠤᠷ ᠪᠡᠶᠡᠯᠡᠭᠦᠯᠬᠦ ᠪᠠᠷ ᠴᠢᠷᠮᠠᠶᠢᠵᠤ᠂ ᠠᠵᠤ ᠦᠢᠯᠡᠰ ᠤᠨ ᠪᠦᠲᠦᠴᠡ᠂ ᠦᠵᠡᠯ | ᠰᠠᠨᠠᠭ᠎ᠠ ᠣᠶᠢᠯᠠᠭᠠᠭᠳᠠᠬᠤᠨ ᠪᠣᠯᠣᠨ ᠠᠵᠢᠯ ᠤᠨ ᠰᠤᠷᠲᠠᠯ ᠢᠶᠠᠨ ᠱᠠᠯᠠᠪᠳᠠᠨ ᠲᠠᠭᠢᠨ ᠪᠤᠢ ᠪᠤᠯᠭᠠᠵᠤ᠂ ᠣᠷᠣᠨ | ᠳᠠᠶᠠᠭᠠᠷ ᠢᠶᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠳᠦᠷᠢ ᠲᠥᠷᠬᠦ ᠶᠢ ᠱᠤᠭᠤᠬᠤ᠂ ᠪᠣᠳᠠᠲᠤ ᠦᠷ᠎ᠡ | ᠪᠦᠲᠦᠮᠵᠢ ᠶᠢ ᠡᠷᠭᠢᠮᠯᠡᠭᠦ ᠶᠢ ᠬᠥᠲᠥᠯᠥᠨ ᠵᠢᠯᠤᠭᠤᠳᠴᠤ᠂ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ ᠨᠡᠭᠡᠭᠡᠵᠦ᠂ ᠠᠵᠤ ᠠᠬᠤᠢ ᠶᠢᠨ ᠶᠡᠷᠦᠩᠬᠡᠢ | ᠬᠡᠮᠵᠢᠶ᠎ᠡ ᠶᠢ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠤᠯᠬᠤ ᠶᠢ ᠠᠬᠢᠭᠤᠯᠬᠤ︾ ᠬᠠᠷᠠᠯᠲᠠ ᠲᠡᠶᠢᠰᠢ | ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ | ᠭᠤᠣᠯ ᠰᠢᠵᠢᠮ ᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠰᠡᠳᠬᠢᠯ ᠳᠤ ᠰᠠᠭᠤᠭᠳᠠᠮ᠎ᠠ ᠲᠤᠭᠤᠰᠢᠯᠠᠭᠤᠯᠤᠨ | ᠨᠠᠶᠢᠳᠠᠪᠤᠷᠢᠵᠢᠭᠤᠯᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠳᠤᠷᠠᠳᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ︽ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ | ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠬᠦ ᠴᠢᠬᠤᠯᠠ ᠶᠡᠭᠡ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠶᠢ | ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ | ᠬᠡᠮᠵᠢᠶ᠎ᠡ ᠨᠦᠭᠦᠳ︾ ᠢ ᠨᠡᠶᠢᠲᠡᠯᠡᠪᠡ᠂ 28 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ᠂ | ᠡᠯ᠎ᠡ ᠲᠠᠯ᠎ᠠ ᠳᠤ ᠲᠤᠭᠤᠰᠢᠯᠠᠭᠤᠯᠵᠤ᠂ ᠪᠦᠭᠦ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ | ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠴᠥᠮ ᠡᠨᠡ ᠬᠦ | ᠭᠤᠣᠯ ᠰᠢᠵᠢᠮ ᠤᠨ ᠲᠣᠭᠤᠷᠢᠨ ᠳᠤ ᠥᠴᠥᠬᠡᠨ ᠴᠦ ᠬᠡᠯᠪᠡᠶᠢᠯᠭᠡᠬᠦ ᠦᠭᠡᠢ ᠪᠠᠷ ᠥᠷᠨᠢᠭᠦᠯᠬᠦ ᠶᠢ ᠠᠬᠢᠭᠤᠯᠪᠠ᠃ | ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠡᠮᠬᠢ ᠵᠢᠷᠤᠮ ᠲᠠᠢ ᠠᠬᠢᠭᠤᠯᠬᠤ ᠠᠵᠢᠯ ᠤᠨ ᠲᠣᠭᠲᠠᠴᠠ ᠶᠢ | ᠪᠠᠶᠢᠭᠤᠯᠪᠠ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠭᠡᠷ︶ ᠳᠤ ᠡᠯ᠎ᠡ ᠵᠦᠢᠯ ᠤᠨ ᠠᠵᠢᠯ ᠢ | ᠬᠠᠷᠢᠭᠤᠴᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠡᠯ᠎ᠡ ᠱᠠᠲᠤᠨ ᠤ ᠨᠠᠮ ᠤᠨ | ᠬᠤᠷᠢᠶ᠎ᠠ ᠶᠢᠨ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠤ ᠦᠨᠳᠦᠰᠦᠲᠡᠨ ᠤ ᠠᠵᠢᠯ ᠢ ᠬᠠᠷᠢᠭᠤᠴᠠᠬᠤ ᠳᠠᠭᠠᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠬᠤ ᠶᠢᠨ | ᠤᠷᠢᠳᠠᠴᠢ ᠬᠢᠨᠠᠨ ᠬᠠᠷᠭᠤᠭᠤᠯᠬᠤ ᠨᠥᠬᠦᠴᠡᠯ ᠪᠤᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ | ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠪᠡᠯᠡ ᠮᠥᠩᠭᠦ ᠸᠠ ᠲᠥᠷᠥᠯ ᠵᠦᠢᠯ ᠤᠨ ᠲᠣᠬᠢᠷᠠᠭᠤᠯᠤᠯᠲᠠ | ᠵᠡᠷᠭᠡ ᠳᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠤᠭᠰᠠᠨ ᠢ ᠬᠢᠨᠠᠨ ᠬᠠᠷᠭᠤᠭᠤᠯᠬᠤ᠂ ᠦᠨᠡᠯᠡᠬᠦ᠂ ᠴᠡᠭᠴᠡᠯᠡᠨ | ᠢᠯᠭᠠᠷᠠᠭᠤᠯᠬᠤ ᠲᠣᠭᠲᠠᠴᠠ ᠶᠢ ᠪᠠᠶᠢᠭᠤᠯᠵᠤ᠂ ᠡᠨᠡ ᠬᠦ ︽ᠲᠠᠷᠢᠬᠢ ᠲᠣᠯᠣᠭᠠᠢ ᠳᠠᠬᠢ︾ ᠠᠵᠢᠯ ᠢ ᠡᠯ᠎ᠡ ᠱᠠᠲᠤᠨ ᠤ ︽ | ᠭᠠᠷ ᠲᠠᠬᠢ︾ ᠠᠵᠢᠯ ᠪᠣᠯᠭᠠᠨ ᠨᠠᠶᠢᠳᠠᠪᠤᠷᠢᠵᠢᠭᠤᠯᠪᠠ᠃ ᠣᠳᠣᠬᠠᠨ ᠳᠤ᠂ ᠪᠦᠭᠦ ᠣᠷᠣᠨ ᠤ ᠡᠯ᠎ᠡ ᠱᠠᠲᠤᠨ ᠤ ᠨᠠᠮ | ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ | ᠤᠯᠠᠨ ᠲᠦᠮᠡᠨ ᠤ ᠪᠦᠯᠭᠦᠮ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠠᠭ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ | ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠳᠤ ᠵᠢᠭᠰᠠᠭᠠᠨ ᠣᠷᠣᠭᠤᠯᠵᠤ᠂ ᠡᠯ᠎ᠡ ᠲᠦᠷᠦᠯ ᠤᠨ ᠠᠵᠢᠯ | ᠲᠦᠷᠦᠯ ᠤᠨ ᠳᠦᠷᠢᠮ ᠲᠣᠭᠲᠠᠭᠠᠯ᠂ ᠲᠣᠰᠬᠤᠨ ᠤ ᠳᠦᠷᠢᠮ ᠠᠷᠠᠳ ᠤᠨ ᠭᠡᠷ᠎ᠡ᠂ ᠬᠤᠳᠠ ᠶᠢᠨ ᠠᠷᠠᠳ ᠤᠨ | ᠨᠡᠶᠢᠲᠡ ᠶᠢᠨ ᠭᠡᠷ᠎ᠡ ᠳᠤ ᠪᠠᠰᠠ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠠᠭᠤᠯᠭ᠎ᠠ ᠶᠢ ᠵᠠᠯᠭᠠᠭ᠎ᠠ ᠪᠠᠷ ᠨᠡᠮᠡᠨ | ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ | ᠠᠭᠠᠵᠢᠮ ᠢᠶᠠᠷ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠳᠦᠷ ᠳᠤᠳᠤᠮ ᠤᠨ ᠠᠶᠠᠨᠳᠠᠭᠠᠨ ᠬᠡᠷᠡᠭᠯᠡᠳᠡᠭ | ᠤᠬᠠᠮᠰᠠᠷᠲᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠵᠤ ᠬᠤᠪᠢᠷᠠᠵᠤ ᠪᠠᠶᠢᠨ᠎ᠠ᠃ | ᠰᠢᠨᠵᠢᠯᠡᠬᠦ ᠤᠬᠠᠭᠠᠨᠴᠢ ᠵᠢᠷᠤᠮᠵᠢᠩᠭᠤᠢ᠂ ᠰᠢᠰᠲ᠋ᠧᠮ ᠲᠠᠢ ᠪᠦᠭᠦ ᠲᠠᠯ᠎ᠠ ᠪᠠᠷ ᠰᠤᠳᠤᠯᠤᠨ ᠲᠠᠶᠢᠯᠪᠤᠷᠢᠯᠠᠬᠤ | ᠰᠢᠰᠲ᠋ᠧᠮ ᠢ ᠪᠦᠷᠢᠯᠳᠦᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠤᠨᠤᠯ ᠤᠨ ᠰᠤᠳᠤᠯᠭᠠᠨ ᠤ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ | ︵ᠪᠣᠶᠢᠵᠢᠭᠤᠯᠬᠤ︶ ᠰᠠᠭᠤᠷᠢᠨ ᠢ 11 ᠰᠣᠩᠭᠤᠨ ᠨᠡᠷᠡᠶᠢᠳᠴᠦ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡᠨ ᠮᠠᠲ᠋ᠧᠷᠢᠶᠠᠯ•ᠥᠪᠥᠷ ᠮᠣᠩᠭᠤᠯ ᠤᠨ ᠪᠣᠳᠢ︾ ᠶᠢ ᠨᠠᠶᠢᠷᠠᠭᠤᠯᠤᠨ ᠪᠢᠴᠢᠵᠦ᠂ ︽ᠥᠪᠥᠷ | ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠬᠥᠬᠡ ᠭᠠᠳᠠᠷᠲᠤ ᠤᠵᠴᠢᠭ ︵2023︶︾ ᠢ ᠨᠠᠶᠢᠷᠠᠭᠤᠯᠤᠨ ᠪᠢᠴᠢᠵᠦ᠂ ᠡᠷᠲᠡᠨ ᠠᠴᠠ ᠨᠠᠭᠠᠰᠢᠬᠢ ᠥᠪᠥᠷ | ᠮᠣᠩᠭᠤᠯ ᠤᠨ ᠡᠨᠡ ᠬᠦ ᠨᠤᠲᠤᠭ ᠳᠡᠪᠢᠰᠬᠡᠷ ᠳᠡᠭᠡᠷᠡᠬᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ | ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ ᠬᠠᠮᠲᠤ ᠪᠠᠷ ᠰᠠᠶᠢᠨ ᠰᠠᠶᠢᠬᠠᠨ ᠠᠮᠢᠳᠤᠷᠠᠯ ᠢᠶᠠᠨ | ᠴᠣᠭᠴᠠᠯᠠᠭᠰᠠᠨ ᠲᠡᠦᠬᠡᠨ ᠪᠣᠳᠠᠲᠤ ᠤᠠᠶᠢᠳᠠᠯ ᠢ ᠭᠦᠢᠴᠡᠳ ᠠᠭᠤᠳᠠᠯᠤᠨ ᠢᠯᠡᠷᠡᠭᠦᠯᠪᠡ᠃ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ | ᠬᠠᠮᠲᠤ ᠪᠠᠷ ᠲᠡᠷᠭᠡᠯᠰᠢᠭᠦᠯᠬᠦ︾ ᠵᠡᠷᠭᠡ ᠣᠶᠢᠯᠠᠭᠠᠭᠳᠠᠬᠤᠨ ᠪᠣᠯᠣᠨ ᠡᠯᠧᠮᠧᠨ᠋ᠲ ᠢ ᠲᠡᠦᠬᠡ ᠰᠣᠶᠣᠯ ᠤᠨ ᠤᠬᠠᠭᠤᠯᠭ᠎ᠠ | ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ | ᠤᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ | ᠦᠵᠡᠭᠦᠯᠭᠡ ᠵᠡᠷᠭᠡ ᠲᠠᠯ᠎ᠠ ᠳᠤ ᠭᠦᠢᠴᠡᠳ ᠢᠯᠡᠷᠡᠭᠦᠯᠵᠦ᠂ ︽ᠬᠠᠳᠤᠨ ᠭᠤᠣᠯ ᠤᠨ ᠰᠦᠭ ᠰᠦᠨᠡᠰᠦ︾᠂ ︽ᠤᠷᠳᠤ | ᠴᠠᠭᠠᠨ ᠬᠡᠷᠡᠮ︾᠂ ︽ᠪᠣᠭᠤᠮᠲᠠ ᠶᠢᠨ ᠪᠠᠷᠠᠭᠤᠨ ᠠᠮᠠ ᠶᠢᠨ ᠤᠯᠠ ᠮᠥᠷ︾᠂ ︽︿ᠪᠣᠷᠣᠳᠣᠬᠤᠢ ᠬᠥᠮᠥᠨ﹀ ᠤ ᠤᠯᠠ | ᠮᠥᠷ ᠢᠶᠠᠷ︾᠂ ︽ᠭᠦᠭᠡᠬᠤᠲᠠ ᠶᠢᠨ ᠰᠣᠶᠣᠯ ᠤᠨ ᠤᠯᠠᠮᠵᠢᠯᠠᠯ ᠬᠥᠭᠵᠢᠯᠲᠡ︾ ᠵᠡᠷᠭᠡ ᠨᠢᠭᠡ ᠪᠦᠯᠦᠭ ᠥᠪᠥᠷ | ᠮᠣᠩᠭᠤᠯ ᠤᠨ ᠭᠠᠵᠠᠷ ᠣᠷᠣᠨ ᠤ ᠣᠨᠴᠠᠯᠢᠭ ᠲᠠᠢ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ | ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠦᠭᠰᠡᠨ ᠰᠣᠶᠣᠯ ᠤᠨ ᠤᠬᠠᠭᠤᠯᠭ᠎ᠠ ᠶᠢᠨ ᠪᠦᠲᠦᠭᠡᠭᠳᠡᠬᠦᠨ ᠢ | ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠨᠡᠩ ᠣᠶᠢᠯᠠᠭᠠᠨ ᠮᠡᠳᠡᠷᠡᠭᠦᠯᠬᠦ ᠪᠣᠯᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠶᠡᠭᠡ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠸᠠ ᠬᠡᠦᠬᠡᠳ ᠤᠨ ᠴᠡᠴᠡᠷᠯᠢᠭ ᠲᠤ ︽ᠠᠨᠠᠷ ᠤᠨ ᠦᠷ᠎ᠡ ᠬᠥᠮᠥᠨ | ᠬᠥᠮᠥᠵᠢᠭᠦᠯᠬᠦ ᠪᠠᠭ᠎ᠠ ᠬᠢᠴᠢᠶᠡᠯ ᠤᠨ ᠲᠠᠩᠬᠢᠮ︾ ᠭᠠᠷᠭᠠᠵᠤ᠂ ᠵᠠᠭᠤᠴᠢᠯᠠᠭᠤᠷ ᠲᠤ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾᠂ ︽ᠠᠨᠠᠷ ᠤᠨ ᠴᠡᠴᠡᠭ ᠳᠡᠯᠭᠡᠷᠡᠨᠡᠮ︾᠂ ︽ᠭᠡᠷ ᠣᠷᠣᠨ︾ | ᠵᠡᠷᠭᠡ ᠲᠤᠰᠬᠠᠢ ᠪᠤᠯᠤᠩ ᠢ ᠨᠡᠭᠡᠭᠡᠵᠦ᠂ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠳᠤ ᠲᠤᠰᠬᠠᠢ ᠬᠢᠴᠢᠶᠡᠯ ᠲᠣᠬᠢᠷᠠᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠭᠦ᠂ | ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡᠨ ᠬᠠᠮᠲᠤ ᠪᠠᠷ︾᠂ ︽ᠳᠥᠷᠪᠡᠨ ᠬᠠᠮᠲᠤᠳᠬᠠᠬᠤ︾᠂ ︽ᠲᠠᠪᠤᠨ | ᠬᠠᠮᠲᠤ ᠶᠢᠨ ᠲᠠᠨᠢᠯᠲᠠ︾᠂ ︽ᠲᠠᠪᠤᠨ ᠦᠵᠡᠯᠲᠡ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠠᠮᠢᠳᠤᠯᠢᠭ ᠢᠶᠠᠷ | ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠲᠤᠲᠤᠮ ᠪᠠᠬᠢᠵᠢᠵᠦ᠂ ᠶᠠᠭ ᠠᠭᠠᠷ ᠸᠠ ᠨᠡᠷᠡᠨ ᠤ ᠭᠡᠷᠡᠯ ᠰᠢᠭ ᠭᠠᠵᠠᠷ ᠪᠣᠯᠭᠠᠨ ᠳᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠰᠠᠨᠠᠭ᠎ᠠ ᠶᠢ ᠤᠮᠳᠠᠯᠠᠵᠤ ᠪᠠᠶᠢᠨ᠎ᠠ᠃ | ᠣᠯᠠᠨ ᠡᠰᠢᠲᠦ ᠨᠢᠭᠡ ᠴᠣᠭᠴᠠᠵᠢᠭᠰᠠᠨ᠂ ᠣᠨᠴᠠᠯᠢᠭ ᠰᠢᠨᠵᠢ ᠢᠯᠡ ᠲᠣᠳᠣ ᠤᠮᠠᠷᠠᠲᠤ ᠬᠢᠯᠢ ᠶᠢᠨ ᠰᠣᠶᠣᠯ ᠢ | ᠬᠠᠩᠭᠢᠨᠠᠭᠤᠯᠪᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ | ᠵᠢᠯᠣᠭᠤᠳᠤᠯᠭ᠎ᠠ ᠪᠤᠯᠭᠠᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠬᠤᠪᠢᠰᠬᠠᠯ ᠤᠨ ᠰᠣᠶᠣᠯ᠂ ᠲᠠᠯ᠎ᠠ | ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ | ᠵᠡᠷᠭᠡ ᠰᠣᠶᠣᠯ ᠤᠨ ᠭᠡᠯᠪᠡᠷᠢ ᠶᠢ ᠰᠢᠰᠲ᠋ᠧᠮ ᠲᠠᠢ ᠬᠤᠷᠠᠮᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ︽ᠮᠣᠩᠭᠤᠯ ᠮᠣᠷᠢᠨ ᠤ ᠵᠣᠷᠢᠭ | ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠵᠡᠷᠭᠡ ᠴᠠᠭ | ᠦᠶ᠎ᠡ ᠶᠢᠨ ᠱᠠᠭᠠᠷᠳᠠᠯᠭ᠎ᠠ ᠶᠢ ᠠᠭᠤᠰᠤᠯᠴᠠᠭᠤᠯᠵᠤ᠂ ᠤᠮᠠᠷᠠᠲᠤ ᠬᠢᠯᠢ ᠶᠢᠨ ᠰᠣᠶᠣᠯ ᠢ ᠪᠦᠭᠦ ᠬᠦᠴᠦ ᠪᠠᠷ ᠢᠶᠠᠨ | ᠪᠦᠲᠦᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠢ ᠨᠢᠭᠲᠠᠷᠠᠭᠤᠯᠵᠤ᠂ | ᠪᠦᠯᠬᠦᠮᠳᠡᠨ ᠲᠡᠮᠡᠴᠡᠬᠦ ᠤᠶᠤᠨ ᠰᠠᠨᠠᠭᠠᠨ ᠤ ᠬᠤᠯᠪᠣᠭᠠᠰᠤ ᠶᠢ ᠪᠠᠲᠤ ᠰᠦᠯᠵᠢᠪᠡ᠃ ᠨᠢᠳᠤᠨᠤᠨ ᠠᠴᠠ ᠨᠠᠭᠠᠰᠢ᠂ | ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠲᠥᠪ ᠢ ᠪᠠᠶᠢᠭᠤᠯᠵᠤ᠂ ᠤᠮᠠᠷᠠᠲᠤ ᠬᠢᠯᠢ ᠶᠢᠨ ᠤᠳᠬ᠎ᠠ | ᠤᠷᠠᠯᠢᠭ ᠤᠨ ᠶᠠᠷᠢᠶᠠᠨ ᠤ ᠲᠠᠪᠴᠠᠩ ᠪᠣᠯᠣᠨ ︽ᠤᠮᠠᠷᠠᠲᠤ ᠬᠢᠯᠢ ᠶᠢᠨ ᠤᠯᠠ ᠮᠥᠷ—ᠳᠤᠮᠳᠠᠳᠤ ᠶᠢᠨ ᠪᠣᠯᠪᠠᠰᠤᠨ ᠤ | ᠲᠣᠪᠣᠶᠢᠮ᠎ᠠ ᠣᠨᠴᠠᠯᠢᠭ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ︾ ᠢ ᠡᠷᠭᠢᠯᠡᠵᠤ᠂ ︽ᠨᠣᠮᠢᠨ | ᠨᠣᠭᠤᠭᠠᠨ ᠣᠷᠳᠣ ᠴᠠᠭᠠᠨ ᠬᠡᠷᠡᠮ︾᠂ ︽ᠤᠯᠠᠭᠠᠨᠮᠥ᠋ᠴᠢᠷ ᠬᠢᠯᠢ ᠬᠢᠵᠠᠭᠠᠷ ᠢᠶᠠᠷ ᠠᠶᠠᠯᠠᠨ ᠲᠤᠬᠯᠠᠯᠳᠠ ᠭᠠᠷᠭᠠᠬᠤ︾ ᠸᠠ | ︽ᠲᠠᠯ᠎ᠠ ᠨᠤᠲᠤᠭ ᠠᠴᠠ ᠤᠶᠠᠩᠭ᠎ᠠ ᠳᠠᠭᠤᠤ ᠴᠤᠤᠷᠢᠶᠠᠲᠤᠨ᠎ᠠ︾᠂ ︽ᠮᠢᠩᠭᠠᠨ ᠣᠨ ᠤ ᠵᠣᠣ ᠵᠢᠶᠦ᠋ᠨ ᠪᠣᠭᠤᠮᠲᠠ ᠶᠢᠨ | ᠭᠠᠳᠠᠨᠠᠬᠢ ᠬᠠᠶᠢᠷ᠎ᠠ︾ ᠵᠡᠷᠭᠡ ᠨᠢᠭᠡ ᠪᠦᠯᠦᠭ ᠰᠣᠶᠣᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ︽ᠤᠷᠳᠤ | ᠴᠠᠭᠠᠨ ᠬᠡᠷᠡᠮ ᠪᠣᠯᠣᠨ ᠬᠠᠳᠤᠨ ᠭᠤᠣᠯ ᠤᠨ ᠥᠪᠥᠷ ᠮᠣᠩᠭᠤᠯ ᠳᠠᠬᠢ ᠲᠠᠪᠤ ᠤᠳᠠᠭ᠎ᠠ ᠶᠢᠨ ᠠᠭᠤᠯᠵᠠᠯᠲᠠ︾ ᠰᠢᠷᠢᠰ | ᠮᠡᠳᠡᠭᠡᠯᠡᠯ ᠥᠷᠨᠢᠭᠦᠯᠵᠦ᠂ ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠳᠤᠮᠳᠠᠳᠤ ᠶᠢᠨ ᠪᠣᠯᠪᠠᠰᠤᠨ ᠤ ︽ᠲᠠᠪᠤᠨ | ᠲᠣᠪᠣᠶᠢᠮ᠎ᠠ ᠣᠨᠴᠠᠯᠢᠭ︾ ᠤᠨ ᠲᠡᠦᠬᠡ ᠶᠢ ᠪᠦᠭᠦ ᠲᠠᠯ᠎ᠠ ᠪᠠᠷ ᠢᠯᠡᠷᠡᠭᠦᠯᠬᠦ ᠪᠠᠷ ᠳᠠᠮᠵᠢᠨ᠂ ᠦᠨᠳᠦᠰᠦᠲᠡᠨ ᠨᠦᠭᠦᠳ ᠤᠨ | ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ | ᠴᠣᠭᠴᠠ ᠶᠢᠨ ᠲᠤᠬᠠᠢ ᠣᠶᠢᠯᠠᠭᠠᠯᠲᠠ ᠪᠠ ᠲᠠᠨᠢᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠣᠳᠣᠬᠠᠨ ᠳᠤ᠂ | ᠶᠠᠭ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ ᠢ ᠪᠦᠲᠦᠭᠡᠨ ᠪᠠᠶᠢᠭᠤᠯᠵᠤ᠂ ︽ᠤᠮᠠᠷᠠᠲᠤ | ᠬᠢᠯᠢ ᠶᠢᠨ ᠰᠣᠶᠣᠯ ᠤᠨ ᠬᠥᠮᠥᠷᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠭᠰᠠᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡ ᠶᠢᠨ ᠦᠯᠢᠭᠡᠷ︾᠂ ︽ᠮᠣᠩᠭᠤᠯ ᠮᠣᠷᠢᠨ ᠤ ᠵᠣᠷᠢᠭ ᠰᠠᠨᠠᠭᠠᠨ ᠤ ᠰᠤᠳᠤᠯᠭᠠᠨ︾ ᠵᠡᠷᠭᠡ | ᠰᠢᠷᠢᠰ ᠨᠣᠮ ᠪᠢᠴᠢᠭ ᠢ ᠨᠠᠶᠢᠷᠠᠭᠤᠯᠤᠨ ᠳᠠᠷᠤᠮᠠᠯᠯᠠᠵᠤ᠂ ᠤᠮᠠᠷᠠᠲᠤ ᠬᠢᠯᠢ ᠶᠢᠨ ᠰᠣᠶᠣᠯ ᠤᠨ ᠲᠡᠦᠬᠡ ᠶᠢᠨ | ᠮᠠᠲ᠋ᠧᠷᠢᠶᠠᠯ ᠤᠨ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ | ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠥᠪᠥᠷ ᠮᠣᠩᠭᠤᠯ ᠤᠨ ᠬᠦᠴᠦᠨ | ᠴᠢᠳᠠᠯ ᠢᠶᠠᠨ ᠡᠷᠭᠦᠬᠦ ᠪᠠᠷ ᠴᠢᠷᠮᠠᠶᠢᠵᠤ ᠪᠠᠶᠢᠨ᠎ᠠ᠃ | ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠸᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠪᠠᠶᠠᠷᠯᠠᠭᠤᠰᠢᠲᠠᠢ ᠠᠮᠵᠢᠯᠲᠠ ᠣᠯᠪᠠ | 2023 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠬᠤᠶᠠᠷ ᠶᠡᠭᠡ ᠶᠠᠪᠤᠳᠠᠯ ᠢ ᠰᠠᠶᠢᠲᠤᠷ | ᠡᠷᠭᠢᠯᠡᠭᠦ ᠶᠢᠨ ᠲᠣᠭᠤᠷᠢᠨ ᠳᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ | ᠴᠢᠬᠤᠯᠠ ᠡᠨᠧᠷᠭᠢ ᠸᠠ ᠪᠠᠶᠢᠯᠳᠤᠬᠤ ᠪᠣᠳᠣᠯᠭ᠎ᠠ ᠶᠢᠨ ᠡᠬᠢ ᠤᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ 6 ᠠᠬᠢᠭᠤᠯᠬᠤ ᠳᠦᠷᠢᠮ ᠢ ᠲᠣᠭᠲᠠᠭᠠᠵᠤ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠲᠣᠭᠲᠠᠭᠠᠵᠤ᠂ | ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ | ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠭᠠᠵᠠᠷ ᠣᠷᠣᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ | ᠣᠷᠣᠨ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠬᠢᠯᠢ ᠬᠢᠵᠠᠭᠠᠷ | ᠣᠷᠣᠨ ᠢ ᠲᠣᠭᠲᠠᠭᠤᠨ ᠪᠠᠶᠢᠯᠭᠠᠵᠤ ᠬᠢᠯᠢ ᠬᠢᠵᠠᠭᠠᠷ ᠣᠷᠣᠨ ᠢ ᠪᠠᠬᠢᠵᠢᠭᠦᠯᠬᠦ᠂ ᠬᠢᠯᠢ ᠬᠢᠵᠠᠭᠠᠷ ᠣᠷᠣᠨ ᠤ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠯᠤᠭ᠎ᠠ ᠬᠤᠯᠪᠣᠯᠳᠤᠨ ᠨᠡᠪᠲᠡᠷᠡᠯᠴᠡᠬᠦ᠂ ᠰᠢᠨ᠎ᠡ ᠰᠤᠷᠲᠠᠯ ᠲᠥᠪ | ᠰᠤᠷᠲᠠᠯ ᠢ ᠪᠠᠳᠠᠷᠠᠭᠤᠯᠬᠤ ᠵᠡᠷᠭᠡ 7 ᠲᠠᠯ᠎ᠠ ᠪᠠᠷ ᠵᠢᠱᠢᠶᠡᠴᠢ ᠪᠤᠯᠬᠤ ᠬᠠᠷᠠᠯᠲᠠ ᠡᠭᠦᠷᠭᠡ ᠶᠢ ᠳᠤᠷᠠᠳᠴᠤ᠂ ᠵᠢᠯ ᠤᠨ | ᠡᠴᠦᠰ ᠲᠤ ᠪᠠᠰᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ | ᠳᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ | ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷ᠂ ᠬᠥᠰᠢᠭᠦᠷᠭᠡ ᠶᠢᠨ ᠴᠢᠨᠠᠷᠲᠠᠢ | ᠦᠢᠯᠡᠳᠦᠯ ᠪᠦᠬᠦᠢ ︽ᠵᠢᠷᠭᠤᠭᠠᠨ ᠢᠨᠵᠧᠨᠧᠷᠢᠩ︾ ᠢ ᠪᠠᠶᠢᠷᠢᠯᠠᠭᠤᠯᠤᠨ ᠬᠡᠷᠡᠭᠵᠢᠭᠦᠯᠪᠡ᠃ ᠬᠤᠶᠠᠷ ᠶᠡᠭᠡ ᠶᠠᠪᠤᠳᠠᠯ ᠢ | ᠭᠦᠨᠵᠡᠭᠡᠶᠢᠷᠡᠭᠦᠯᠦᠨ ᠠᠬᠢᠭᠤᠯᠵᠤ᠂ ᠡᠯ᠎ᠡ ᠬᠦᠷᠢᠶᠡᠨ ᠳᠤ ᠦᠯᠡᠮᠵᠢ ᠦᠷ᠎ᠡ ᠪᠦᠲᠦᠭᠡᠯ ᠣᠯᠪᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠦᠲᠦᠭᠡᠨ ᠪᠠᠶᠢᠭᠤᠯᠬᠤ ᠲᠠᠯ᠎ᠠ ᠪᠠᠷ᠂ ᠭᠤᠣᠯ ᠬᠦᠴᠦᠨ ᠪᠤᠯᠬᠤ ᠡᠭᠦᠷᠭᠡᠯᠡᠯ᠂ ᠬᠤᠰᠢᠭᠤᠴᠢ ᠪᠤᠯᠬᠤ ᠰᠦᠷ | ᠬᠦᠴᠦᠨ ᠢᠶᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ | ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠵᠦ᠂ ᠲᠤᠰᠬᠠᠢ ᠠᠵᠢᠯ ᠤᠨ ᠪᠠᠶᠢᠭᠤᠯᠤᠮᠵᠢ ᠶᠢ ᠵᠣᠬᠢᠶᠠᠨ | ᠪᠠᠶᠢᠭᠤᠯᠵᠤ᠂ ᠲᠥᠯᠦᠪᠵᠢᠭᠦᠯᠭᠡ ᠸᠠ ᠬᠡᠷᠡᠭᠵᠢᠭᠦᠯᠬᠦ ᠲᠥᠰᠥᠯ ᠲᠣᠭᠲᠠᠭᠠᠵᠤ᠂ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠰᠠᠭᠤᠷᠢ ᠮᠥᠩᠭᠦ ᠪᠠᠶᠢᠭᠤᠯᠵᠤ᠂ 2023 ᠣᠨ ᠳᠤ 556 ᠲᠦᠮᠡᠨ ᠮᠦ ᠣᠶᠢᠵᠢᠭᠤᠯᠵᠤ᠂ | 1817 ᠲᠦᠮᠡᠨ ᠮᠦ ᠡᠪᠡᠰᠦ ᠳᠠᠷᠢᠵᠤ᠂ 950 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ | 2024 ᠣᠨ ᠳᠤ ᠡᠯᠡᠰᠦᠷᠬᠡᠭᠵᠢᠭᠰᠡᠨ ᠭᠠᠵᠠᠷ ᠰᠢᠷᠣᠢ ᠶᠢ 1500 ᠲᠦᠮᠡᠨ ᠮᠦ ᠠᠴᠠ ᠳᠡᠭᠡᠭᠰᠢ ᠵᠠᠰᠠᠬᠤ ᠪᠠᠷ | ᠲᠥᠯᠥᠪᠯᠡᠵᠦ᠂ 1—2 ᠵᠢᠯ ᠬᠡᠷᠡᠭᠯᠡᠵᠦ ᠪᠠᠶᠢᠭᠠᠳ ᠡᠭᠦᠷᠭᠡ ᠪᠠᠷ ᠨᠡᠯᠢᠶᠡᠳ ᠪᠠᠭ᠎ᠠ ᠬᠤᠰᠢᠭᠤ ᠰᠢᠶᠠᠨ ᠳᠤ ᠪᠦᠭᠦᠨ ᠢ | ᠵᠠᠰᠠᠵᠤ ᠳᠠᠭᠤᠰᠬᠠᠬᠤ ᠪᠠᠷ ᠴᠢᠷᠮᠠᠶᠢᠵᠤ᠂ 2030 ᠣᠨ ᠪᠤᠯᠬᠤ ᠳᠤ 9704 ᠲᠦᠮᠡᠨ ᠮᠦ ᠡᠯᠡᠰᠦ ᠶᠢ ᠵᠠᠰᠠᠬᠤ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠪᠠ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠬᠠᠪᠲᠠᠰᠤᠨ ᠳᠡᠭᠡᠷ᠎ᠡ | ᠴᠠᠭᠢᠯᠭᠠᠨ ᠭᠠᠷᠭᠠᠬᠤ᠂ ᠬᠠᠪᠲᠠᠰᠤᠨ ᠳᠣᠣᠷ᠎ᠠ ᠲᠠᠷᠢᠮᠠᠯ ᠳᠠᠷᠢᠬᠤ᠂ ᠬᠠᠪᠲᠠᠰᠤᠨ ᠬᠤᠭᠤᠷᠣᠨᠳᠤ ᠲᠡᠵᠢᠭᠡᠨ ᠦᠷᠡᠵᠢᠭᠦᠯᠬᠦ︾ | ᠵᠡᠷᠭᠡ ᠪᠣᠰᠤᠭ᠎ᠠ ᠴᠣᠭᠴᠠᠲᠤ ᠬᠥᠭᠵᠢᠯᠲᠡ ᠶᠢᠨ ᠵᠠᠭᠪᠤᠷ ᠢᠶᠠᠷ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ | ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠵᠢᠱᠢᠯᠲᠡ ᠪᠠᠷ ᠵᠢᠯ ᠤᠨ ᠳᠣᠲᠣᠷ᠎ᠠ 2727 ᠲᠦᠮᠡᠨ | ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠪᠠᠷ ᠲᠡᠮᠵᠢᠨ 230 ᠲᠦᠮᠡᠨ ᠮᠦ ᠶᠢᠨ | ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠨ᠎ᠠ᠃ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥᠨ ᠤ | ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ | ᠨᠠᠭᠤᠷ︾᠂ ᠴᠠᠭᠠᠨᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠨᠢᠩᠰᠢᠶᠠ᠂ ᠱᠠᠨ ᠰᠢ᠂ ᠱᠠᠨᠰᠢ | ᠯᠤᠭ᠎ᠠ ᠬᠠᠲᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠢᠶᠠᠷ ᠠᠮᠢ ᠠᠬᠤᠢ ᠶᠢ ᠬᠠᠮᠠᠭᠠᠯᠠᠬᠤ | ᠨᠥᠬᠦᠪᠦᠷᠢ ᠶᠢᠨ ᠲᠣᠭᠲᠠᠴᠠ ᠶᠢ ᠪᠠᠶᠢᠭᠤᠯᠵᠤ᠂ ᠪᠦᠭᠦ ᠤᠯᠤᠰ ᠤᠨ ᠠᠩᠬᠠᠳᠠᠭᠴᠢ ᠬᠠᠲᠤᠨ ᠭᠤᠣᠯ ᠤᠨ ᠰᠠᠪᠠ | ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ︽ᠡᠯᠡᠰᠦ ᠶᠢ ᠬᠠᠰᠢᠵᠤ ᠤᠰᠤ ᠶᠢ ᠰᠣᠯᠢᠬᠤ︾ | ᠲᠤᠷᠰᠢᠯᠲᠠ ᠶᠢᠨ ᠴᠡᠭ ᠤᠨ ᠢᠨᠵᠧᠨᠧᠷᠢᠩ ᠢ ᠪᠠᠶᠢᠭᠤᠯᠤᠨ᠂ 2023 ᠣᠨ ᠤ ᠪᠦᠭᠦ ᠣᠷᠣᠨ ᠤ ᠭᠠᠵᠠᠷ ᠳᠡᠭᠡᠷᠡᠬᠢ | ᠤᠰᠤᠨ ᠤ ᠤᠯᠤᠰ ᠠᠴᠠ ᠰᠢᠯᠭᠠᠨ ᠤᠠᠶᠢᠴᠠᠭᠠᠭᠰᠠᠨ ᠤᠰᠤᠨ ᠤ ᠣᠭᠲᠣᠯᠣᠭᠠᠰᠤ ᠶᠢᠨ ᠰᠢᠯᠢᠳᠡᠭ ᠤᠰᠤᠨ | ᠴᠣᠭᠴᠠ ᠶᠢᠨ ᠬᠠᠷᠢᠴᠠᠯ᠂ ᠠᠭᠠᠷ ᠮᠠᠨᠳᠠᠯ ᠤᠨ PM2.5 ᠶᠢᠨ ᠥᠳᠬᠡᠴᠡ ᠪᠠ ᠬᠦᠨᠳᠦ ᠪᠤᠬᠢᠷᠳᠤᠯᠲᠤ ᠡᠳᠦᠷ ᠤᠨ | ᠲᠤᠭ᠎ᠠ ᠨᠢ ᠴᠥᠮ ᠤᠯᠤᠰ ᠤᠨ ᠬᠢᠨᠠᠨ ᠰᠢᠯᠭᠠᠬᠤ ᠬᠠᠷᠠᠯᠲᠠ ᠠᠴᠠ ᠳᠠᠪᠠᠭᠤᠯᠢᠭ ᠪᠠᠶᠢᠵᠤ᠂ ︽ᠤᠰᠤᠨ ᠪᠣᠯᠣᠷ ᠭᠤᠣᠯ | ᠲᠤᠨᠤᠯᠵᠠᠨ ᠤᠷᠤᠰᠤᠭᠠᠳ︾᠂ ︽ᠥᠩᠭᠡ ᠶᠢᠨ ᠴᠡᠴᠡᠭ ᠰᠣᠯᠣᠩᠭᠠᠷᠠᠨ ᠳᠡᠯᠭᠡᠷᠡᠭᠰᠡᠨ︾ ᠭᠤᠶᠤ ᠦᠵᠡᠮᠵᠢ ᠳᠠᠩᠳᠠ | ᠢᠯᠡᠷᠡᠬᠦ ᠪᠣᠯᠪᠠ᠃ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ | ᠪᠠᠶᠢᠭᠤᠯᠬᠤ ᠲᠠᠯ᠎ᠠ ᠪᠠᠷ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ᠂ | ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠬᠡ ᠤᠯᠤᠰ ᠤᠨ | ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠡᠷᠡᠰ ᠰᠠᠶᠢᠲᠤᠷ ᠰᠠᠬᠢᠪᠠ᠃ ᠰᠢᠨ᠎ᠡ | ᠭᠡᠯᠪᠡᠷᠢ ᠶᠢᠨ ᠬᠢᠯᠢ ᠬᠠᠮᠠᠭᠠᠯᠠᠬᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ︽ᠲᠣᠭᠠᠴᠢᠯᠠᠭᠰᠠᠨ ᠬᠢᠯᠢ ᠶᠢᠨ | ᠬᠠᠮᠠᠭᠠᠯᠠᠯᠲᠠ︾᠂ ︽ᠣᠶᠤᠨᠴᠢ ᠬᠢᠯᠢ ᠶᠢᠨ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ | ᠬᠢᠯᠢ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ᠵᠠᠬᠢᠳᠠᠯ ᠰᠤᠷᠪᠤᠯᠵᠢᠯᠠᠯ ᠢ ᠣᠷᠣᠯᠠᠨ | ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ 2023 ᠣᠨ ᠳᠤ ᠡᠯ᠎ᠡ ᠱᠠᠲᠤᠨ ᠤ ᠡᠯ᠎ᠡ ᠲᠥᠷᠥᠯ ᠤᠨ | ᠵᠠᠬᠢᠳᠠᠯ ᠰᠤᠷᠪᠤᠯᠵᠢᠯᠠᠯ ᠤᠨ ᠵᠦᠢᠯᠡᠰ ᠠᠷᠠᠳ ᠤᠨ ᠠᠮᠢᠳᠤᠷᠠᠯ ᠤᠨ ᠵᠦᠢᠯᠡᠰ ᠢ 2.9 ᠲᠦᠮᠡ ᠭᠠᠷᠤᠢ ᠬᠤᠪᠢ | ᠣᠷᠣᠯᠠᠨ ᠭᠦᠢᠴᠡᠳᠬᠡᠵᠦ ᠥᠭᠭᠦᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 90% ᠠᠴᠠ ᠳᠡᠭᠡᠭᠰᠢ ᠳᠤ ᠬᠦᠷᠴᠦ᠂ | ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ 99.04% ᠳᠤ ᠭᠦᠷᠪᠡ᠃ ᠨᠡᠶᠢᠭᠡᠮ ᠤᠨ ᠠᠮᠤᠷ ᠢ | ᠬᠠᠮᠠᠭᠠᠯᠠᠬᠤ ᠶᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠵᠦ᠂ ︽ᠴᠠᠭ ᠢᠮᠠᠭᠲᠠ ᠰᠠᠨᠠᠭ᠎ᠠ | ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ | ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠵᠤ᠂ ᠠᠶᠤᠯᠲᠠᠢ | ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠲᠣᠬᠢᠷᠠᠭᠤᠯᠤᠨ | ᠪᠠᠶᠢᠭᠤᠯᠵᠤ᠂ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ ᠬᠤᠷᠢᠭᠯᠠᠬᠤ 135 ᠵᠦᠢᠯ ᠤᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠨ ᠪᠠᠶᠢᠴᠠᠭᠠᠬᠤ | ᠠᠵᠢᠯ ᠢ ᠭᠦᠨᠵᠡᠭᠡᠢ ᠥᠷᠨᠢᠭᠦᠯᠵᠦ᠂ 2023 ᠣᠨ ᠳᠤ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠳᠡᠯ | ᠭᠠᠷᠤᠭᠰᠠᠨ ᠲᠤᠭ᠎ᠠ ᠪᠣᠯᠣᠨ ᠠᠳᠡᠭᠰᠡᠨ ᠬᠥᠮᠥᠨ ᠤ ᠲᠤᠭ᠎ᠠ ᠲᠤᠰ ᠲᠤᠰ 22.8%᠂ 12.9% ᠪᠠᠷ ᠪᠠᠭᠤᠷᠠᠵᠤ᠂ | 2024 ᠣᠨ ᠤ ᠲᠦᠷᠦᠭᠦᠦ 5 ᠰᠠᠷ᠎ᠠ ᠳᠤ ᠲᠤᠰ ᠲᠤᠰ 41.3%᠂ 32.5% ᠪᠠᠷ ᠪᠠᠭᠤᠷᠠᠪᠠ᠃ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ | ᠪᠠᠶᠢᠭᠤᠯᠬᠤ ᠲᠠᠯ᠎ᠠ ᠪᠠᠷ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ᠂ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠵᠤ᠂ | ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠭᠦᠨᠵᠡᠭᠡᠢ ᠠᠬᠢᠭᠤᠯᠵᠤ᠂ ᠰᠢᠨ᠎ᠡ | ᠬᠠᠭᠤᠴᠢᠨ ᠡᠨᠧᠷᠭᠢ ᠶᠢᠨ ᠶᠡᠷᠦᠩᠬᠡᠢ ᠬᠡᠮᠵᠢᠶᠡᠨ ᠤ ᠳᠠᠪᠠᠭᠤᠯᠢᠭ ᠪᠠ ᠬᠠᠮ ᠳᠠᠪᠠᠭᠤᠯᠢᠭ ᠢ ᠲᠠᠰᠤᠷᠠᠯᠳᠠ ᠦᠭᠡᠢ | ᠶᠡᠬᠡᠰᠬᠡᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠪᠠ᠃ 2023 | ᠣᠨ ᠳᠤ 12.2 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ 9.45 ᠳ᠋ᠦᠩᠰᠢᠭᠤᠷ ᠲᠣᠨ ᠤ | ᠬᠠᠩᠭᠠᠯᠭ᠎ᠠ ᠶᠢ ᠪᠠᠲᠤᠯᠠᠵᠤ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ | ᠺᠢᠯᠣᠸᠠᠲ ᠢ ᠳᠠᠪᠠᠵᠤ᠂ 7566 ᠳ᠋ᠦᠩᠰᠢᠭᠤᠷ ᠭᠷᠡᠳᠦ᠋ᠰ ᠤᠨ ᠴᠠᠭᠢᠯᠭᠠᠨ ᠭᠠᠷᠭᠠᠵᠤ᠂ 3065 ᠳ᠋ᠦᠩᠰᠢᠭᠤᠷ | ᠭᠷᠡᠳᠦ᠋ᠰ ᠴᠠᠭᠢᠯᠭᠠᠨ ᠢ ᠭᠠᠳᠠᠭᠰᠢ ᠬᠦᠷᠭᠡᠵᠦ᠂ 29 ᠮᠤᠵᠢ ᠣᠷᠣᠨ ᠤ ᠡᠨᠧᠷᠭᠢ ᠶᠢᠨ ᠬᠡᠷᠡᠭᠴᠡᠭᠡ ᠶᠢ ᠪᠠᠲᠤᠯᠠᠪᠠ᠃ | ᠣᠳᠣᠬᠠᠨ ᠳᠤ᠂ ᠥᠪᠥᠷ ᠮᠣᠩᠭᠤᠯ ᠨᠢᠭᠡᠨᠲᠡ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ 1 ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠣᠷᠣᠨ ᠪᠣᠯᠵᠠᠢ᠂ ᠡᠭᠦᠨ ᠳᠤ 404 ᠲᠦᠮᠡᠨ | ᠺᠢᠯᠣᠸᠠᠲ ᠤᠨ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠡᠨᠡ ᠵᠢᠯ ᠤᠨ ᠡᠴᠦᠰ ᠲᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1.35 | ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ | ᠳᠠᠪᠠᠵᠤ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠬᠡᠪᠴᠢᠶ᠎ᠡ 1000 ᠲᠦᠮᠡᠨ ᠺᠢᠯᠣᠸᠠᠲ ᠲᠤ ᠬᠦᠷᠬᠦ ᠪᠣᠯᠣᠨ᠎ᠠ᠃ | ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠠ ᠪᠦᠭᠦ | ᠳᠡᠯᠡᠬᠡᠢ ᠳᠤ ᠲᠦᠷᠦᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠲᠦᠷᠭᠡᠳᠬᠡᠨ ᠪᠠᠶᠢᠭᠤᠯᠵᠤ᠂ ᠬᠤᠪᠣᠷ | ᠰᠢᠷᠣᠢ ᠶᠢᠨ 30 ᠠᠵᠤ ᠠᠬᠤᠶᠢᠯᠠᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠲᠣᠭᠲᠠᠮᠠᠯ ᠰᠣᠷᠢᠨᠵᠢᠨ ᠴᠠᠭᠢᠯᠭᠠᠨ | ᠮᠠᠰᠢᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠪᠣᠷ ᠰᠢᠷᠣᠢ ᠶᠢᠨ | ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠯ ᠵᠢᠴᠢ ᠬᠡᠷᠡᠭᠯᠡᠯᠲᠡ ᠳᠤ ᠪᠦᠭᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠦᠨ᠂ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ᠂ ᠬᠤᠪᠣᠷ | ᠰᠢᠷᠣᠢ ᠶᠢᠨ ᠦᠢᠯᠡᠳᠬᠦᠨ ᠤ ᠠᠷᠠᠯᠵᠢᠶᠠᠨ ᠤ ᠬᠡᠮᠵᠢᠶ᠎ᠡ ᠲᠣᠰ ᠲᠣᠰ ᠪᠦᠭᠦ ᠤᠯᠤᠰ ᠤᠨ 30% ᠸᠠ 40% ᠠᠴᠠ | ᠳᠡᠭᠡᠭᠰᠢ ᠶᠢ ᠡᠵᠡᠯᠡᠵᠦ᠂ 2023 ᠣᠨ ᠳᠤ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ | 21% ᠪᠠᠷ ᠨᠡᠮᠡᠭᠳᠡᠪᠡ᠃ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ︽ᠭᠠᠵᠠᠷ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ | ᠪᠣᠭᠤᠮᠢ ᠪᠣᠯᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠨᠳᠥᠷ ᠤᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠭᠦᠨ ᠤᠰᠤ ᠠᠷᠪᠢᠯᠠᠬᠤ ᠶᠢ ᠴᠢᠩᠭᠠᠳᠬᠠᠵᠤ᠂ | ᠦᠷ᠎ᠡ ᠶᠢᠨ ᠦᠢᠯᠡᠰ᠂ ᠰᠦ ᠶᠢᠨ ᠦᠢᠯᠡᠰ᠂ ᠡᠪᠡᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ | ᠠᠬᠢᠭᠤᠯᠵᠤ᠂ 2023 ᠣᠨ ᠤ ᠠᠮᠤ ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ ᠬᠦᠷᠴᠦ᠂ ᠤᠨᠠᠯᠲᠠ | 11.5 ᠳ᠋ᠦᠩᠰᠢᠭᠤᠷ ᠵᠢᠩ ᠨᠡᠮᠡᠭᠳᠡᠨ᠂ ᠭᠠᠳᠠᠭᠰᠢ 500 ᠳ᠋ᠦᠩᠰᠢᠭᠤᠷ ᠵᠢᠩ ᠠᠴᠠ ᠳᠡᠭᠡᠭᠰᠢ ᠰᠢᠯᠵᠢᠭᠦᠯᠪᠡ︔ | ᠮᠢᠬᠠᠨ ᠤ ᠵᠦᠢᠯ᠂ ᠰᠦ ᠶᠢᠨ ᠭᠠᠷᠤᠯᠲᠠ ᠲᠣᠰ ᠲᠣᠰ 57 ᠳ᠋ᠦᠩᠰᠢᠭᠤᠷ ᠵᠢᠩ ᠪᠠ 158.5 ᠳ᠋ᠦᠩᠰᠢᠭᠤᠷ | ᠵᠢᠩ ᠳᠤ ᠬᠦᠷᠴᠦ᠂ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠨᠠᠷᠠᠲᠤ ᠰᠢᠯᠢᠳᠡᠭ ᠣᠨᠴᠠ ᠰᠢᠨ᠎ᠡ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠲᠤᠭ᠎ᠠ ᠪᠦᠭᠦ ᠤᠯᠤᠰ ᠲᠤ ᠲᠦᠷᠦᠭᠦᠯᠡᠪᠡ᠃ | ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠵᠤ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠭᠡ ᠪᠠᠷ | ᠬᠥᠭᠵᠢᠭᠦᠯᠵᠦ᠂ ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶ᠎ᠡ︾ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠦ ᠶᠢᠨ ᠦᠢᠯᠡᠰ᠂ ᠲᠥᠮᠥᠰᠥ ᠶᠢᠨ ᠤᠯᠤᠰ ᠤᠨ ᠲᠡᠰ ᠤᠨ 2 ᠠᠵᠤ ᠦᠢᠯᠡᠰ ᠤᠨ | ᠪᠦᠯᠦᠭᠵᠢᠯ ᠪᠠ ᠤᠯᠤᠰ ᠤᠨ ᠲᠡᠰ ᠤᠨ 3 ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ᠂ 1.5 ᠲᠦᠮᠡᠨ | ᠮᠥᠬᠦᠯᠢᠭ ᠰᠠᠨᠰᠠᠷ ᠤᠨ ᠲᠥᠮᠥᠰᠥ ᠶᠢᠨ ᠦᠷ᠎ᠡ ᠶᠢ ᠲᠤᠷᠰᠢᠨ ᠲᠠᠷᠢᠵᠤ᠂ ᠪᠦᠭᠦ ᠤᠯᠤᠰ ᠤᠨ ᠠᠩᠬᠠᠳᠠᠭᠴᠢ ᠰᠦ ᠶᠢᠨ | ᠦᠢᠯᠡᠰ ᠤᠨ ᠪᠥᠭᠡᠮ ᠲᠠᠸᠠᠷ ᠤᠨ ᠠᠷᠠᠯᠵᠢᠶᠠᠨ ᠤ ᠲᠠᠪᠴᠠᠩ ᠢ ᠡᠬᠢᠯᠡᠨ ᠠᠵᠢᠯᠯᠠᠭᠤᠯᠵᠤ᠂ ᠢᠯᠢ᠂ ᠮᠧᠩ ᠨᠢᠦ ᠶᠢᠨ | ᠡᠵᠡᠩᠨᠡᠯᠲᠡ ᠶᠢᠨ ᠣᠷᠣᠯᠭ᠎ᠠ ᠲᠤᠰ ᠲᠤᠰ ᠪᠦᠭᠦ ᠪᠥᠮᠪᠥᠷᠴᠡᠭ ᠤᠨ ᠰᠦ ᠶᠢᠨ ᠠᠵᠤ ᠠᠬᠤᠶᠢᠯᠠᠯ ᠤᠨ 5 ᠳ᠋ᠤᠭᠠᠷ ᠸᠠ | 8 ᠳ᠋ᠤᠭᠠᠷ ᠲᠤ ᠣᠷᠣᠪᠠ᠃ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠤᠡᠬᠢᠯᠡᠯᠲᠡ ᠶᠢ ᠪᠦᠲᠦᠭᠡᠨ ᠪᠠᠶᠢᠭᠤᠯᠬᠤ | ᠲᠠᠯ᠎ᠠ ᠪᠠᠷ᠂ ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ᠨᠡᠭᠡᠭᠡᠯᠲᠡᠲᠤ ᠬᠥᠭᠵᠢᠯᠲᠡ ᠶᠢᠨ ᠦᠵᠡᠯ ᠤᠬᠠᠮᠰᠠᠷ ᠢ | ᠦᠨᠡᠨ ᠬᠦ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠭᠢᠨ ᠲᠣᠭᠤᠷᠢᠨ ᠢ ᠲᠠᠶᠢᠴᠢᠯᠠᠨ | ᠨᠥᠯᠥᠭᠡᠯᠡᠭᠰᠡᠨ᠂ ᠡᠬᠢ ᠤᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ᠂ ᠬᠦᠴᠦᠨ ᠵᠦᠢᠯ ᠢ ᠠᠭᠤᠰᠤᠯᠴᠠᠭᠤᠯᠤᠨ | ᠨᠡᠪᠲᠡᠷᠡᠯᠴᠡᠭᠦᠯᠦᠭᠰᠡᠨ ᠪᠦᠭᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠦᠭᠦ ᠬᠦᠴᠦᠨ ᠢᠶᠠᠷ ᠢᠶᠠᠨ | ᠪᠠᠶᠢᠭᠤᠯᠪᠠ᠃ 2023 ᠣᠨ ᠳᠤ ᠳᠣᠲᠣᠭᠠᠳᠤ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠤᠡᠭᠡᠵᠢᠩ ᠬᠤᠲᠠ | ᠯᠤᠭ᠎ᠠ ᠪᠦᠭᠦ ᠲᠠᠯ᠎ᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠤᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠯᠤᠭ᠎ᠠ ᠶᠢᠨ | ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠣᠷᠣᠭᠤᠯᠤᠨ ᠠᠪᠴᠢᠷᠠᠭᠰᠠᠨ ᠪᠡᠯᠡ ᠮᠥᠩᠭᠦ 40. | 2% ᠢᠶᠠᠷ ᠨᠡᠮᠡᠭᠳᠡᠪᠡ︔ ᠭᠠᠳᠠᠭᠠᠳᠤ ᠨᠡᠭᠡᠭᠡᠯᠲᠡ ᠰᠢᠨ᠎ᠡ ᠠᠬᠢᠴᠠ ᠲᠠᠢ ᠪᠣᠯᠵᠤ᠂ ᠪᠦᠭᠦ ᠣᠷᠣᠨ ᠤ ᠪᠣᠭᠤᠮᠲᠠ ᠶᠢᠨ | ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠦᠭᠦ ᠤᠯᠤᠰ ᠤᠨ ᠬᠠᠭᠤᠷᠠᠢ ᠵᠠᠮ ᠤᠨ | ᠬᠢᠯᠢ ᠳᠠᠭᠠᠤ ᠪᠣᠭᠤᠮᠲᠠ ᠶᠢᠨ ᠲᠡᠮᠳᠡᠭᠯᠡᠯ ᠢ ᠰᠢᠨᠡᠳᠬᠡᠵᠦ᠂ ᠨᠠᠭᠠᠰᠢ ᠴᠠᠭᠠᠰᠢ ᠶᠠᠪᠤᠭᠰᠠᠨ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ 429 ᠴᠤᠪᠤᠭ᠎ᠠ ᠳᠤ ᠬᠦᠷᠴᠦ᠂ 73.7% ᠪᠠᠷ ᠨᠡᠮᠡᠭᠳᠡᠵᠦ᠂ ᠮᠠᠰᠢᠨ ᠴᠠᠭᠢᠯᠭᠠᠨ ᠤ | ᠦᠢᠯᠡᠳᠬᠦᠨ ᠤ ᠭᠠᠳᠠᠭᠠᠳᠤ ᠭᠠᠷᠭᠠᠯᠲᠠ 118.9% ᠪᠠᠷ ᠨᠡᠮᠡᠭᠳᠡᠵᠦ᠂ ᠴᠠᠭᠢᠯᠭᠠᠨ ᠭᠦᠳᠡᠯᠭᠡᠭᠦᠷᠲᠦ ᠬᠥᠮᠥᠨ | ᠰᠠᠭᠤᠯᠭᠠᠭᠰᠠᠨ ᠮᠠᠰᠢᠨ ᠲᠡᠷᠭᠡ ᠵᠡᠷᠭᠡ ︽ᠰᠢᠨ᠎ᠡ ᠭᠤᠷᠪᠠᠨ ᠵᠦᠢᠯ︾ ᠤᠨ ᠦᠢᠯᠡᠳᠬᠦᠨ ᠤ ᠭᠠᠳᠠᠭᠠᠳᠤ ᠭᠠᠷᠭᠠᠯᠲᠠ | 48 ᠳᠠᠭᠢᠨ ᠨᠡᠮᠡᠭᠳᠡᠪᠡ᠃ ᠮᠠᠨᠵᠤᠤᠷ ᠪᠣᠭᠤᠮᠲᠠ ᠶᠢᠨ ᠳᠤᠮᠳᠠᠳᠤ ᠣᠷᠣᠰ ᠤᠨ ᠪᠦᠯᠭᠦᠮ ᠤᠨ ᠵᠢᠭᠤᠯᠴᠢᠯᠠᠯ ᠤᠨ | ᠸᠢᠰᠠ ᠶᠢ ᠬᠠᠷᠢᠯᠴᠠᠨ ᠬᠡᠯᠲᠦᠷᠢᠭᠦᠯᠵᠦ᠂ ᠡᠷᠢᠶᠡᠨ ᠬᠤᠲᠠ ᠵᠡᠷᠭᠡ 5 ᠪᠣᠭᠤᠮᠲᠠ ᠶᠢᠨ 8 ᠰᠠᠭᠤᠳᠠᠯ ᠠᠴᠠ | ᠳᠣᠷᠣᠭᠰᠢᠬᠢ ᠵᠢᠵᠢᠭ ᠭᠡᠯᠪᠡᠷᠢ ᠶᠢᠨ ᠮᠠᠰᠢᠨ ᠲᠡᠷᠭᠡ ᠶᠢᠨ ᠪᠣᠭᠤᠮᠲᠠ ᠪᠠᠷ ᠥᠩᠭᠡᠷᠡᠬᠦ ᠶᠢ ᠪᠦᠭᠦ ᠲᠠᠯ᠎ᠠ ᠪᠠᠷ ᠰᠡᠷᠭᠦᠭᠡᠵᠦ᠂ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠥᠷᠨᠢᠨ ᠬᠥᠭᠵᠢᠪᠡ᠃ ᠳᠤᠮᠳᠠᠳᠤ ᠤᠯᠤᠰ ︵ᠥᠪᠥᠷ ᠮᠣᠩᠭᠤᠯ︶ ᠤᠨ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠢᠳᠡᠪᠬᠢᠲᠡᠢ ᠭᠤᠶᠤᠴᠢᠯᠠᠨ ᠪᠠᠶᠢᠭᠤᠯᠵᠤ᠂ ᠭᠤᠣᠯᠳᠠᠯᠭ᠎ᠠ ᠲᠠᠢ | ᠪᠣᠭᠤᠮᠲᠠ ᠶᠢ ᠴᠣᠭᠴᠠᠯᠠᠬᠤ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠭᠦ᠂ ᠳᠣᠲᠣᠷ | ᠭᠠᠵᠠᠷ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠡᠸᠦ᠋ᠷᠦᠫᠡ ᠶᠢᠨ ᠵᠢᠰᠢᠶᠠᠨ ᠤ | ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢᠨ ᠲᠣᠭᠤᠷᠢᠨ ᠳᠤ ᠨᠢᠭᠡ ᠪᠦᠯᠦᠭ | ᠥᠭᠡᠷᠡᠴᠢᠯᠡᠯᠲᠡ ᠸᠠ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ ᠳᠤ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ | ᠪᠣᠯᠣᠨ ᠵᠢᠳᠬᠦᠯ ᠴᠢᠷᠮᠠᠶᠢᠯᠭ᠎ᠠ ᠶᠢ ᠨᠠᠩ ᠰᠠᠶᠢᠲᠤᠷ ᠢᠯᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ | ᠶᠡᠭᠡ ᠡᠭᠦᠷᠭᠡ︾ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠶᠢᠨ ᠵᠡᠷᠭᠡ ᠪᠠᠷ᠂ ᠨᠠᠮ ᠤᠨ ᠪᠠᠶᠢᠭᠤᠯᠤᠯᠲᠠ᠂ ᠠᠷᠠᠳᠴᠢᠯᠠᠯ | ᠬᠠᠤᠯᠢᠵᠢᠯ᠂ ᠠᠷᠠᠳ ᠤᠨ ᠠᠮᠢᠳᠤᠷᠠᠯ ᠸᠠ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠵᠡᠷᠭᠡ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠯᠲᠠᠨ | ᠦᠰᠦᠭᠲᠦ ᠫᠠᠶᠢᠰᠠ ᠶᠢ ᠨᠠᠩ ᠠᠯᠳᠠᠷᠰᠢᠭᠤᠯᠤᠨ ᠳᠠᠭᠤᠷᠢᠰᠤᠭᠤᠯᠬᠤ ᠪᠠᠷ ᠴᠢᠷᠮᠠᠶᠢᠪᠠ᠃ ᠭᠤᠣᠯ ᠰᠡᠳᠦᠪᠲᠦ | ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠭᠦᠷᠳᠡᠯ᠎ᠡ ᠦᠷᠭᠦᠯᠵᠢᠯᠡᠭᠦᠯᠵᠦ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ︽ᠵᠢᠷᠭᠤᠭᠠᠨ | ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ︾ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ | ᠶᠡᠷᠦᠩᠬᠡᠢ ᠱᠦᠵᠢ ᠰᠢ ᠶᠢᠨ ᠫᠢᠩ ᠢ ᠨᠢᠭᠲᠠ ᠲᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠨᠢ | ᠤᠮᠠᠷᠠᠲᠤ ᠬᠢᠯᠢ ᠶᠢᠨ ᠡᠬᠡ ᠭᠠᠵᠠᠷ ᠤᠨ ᠬᠠᠮᠤᠭ ᠤᠨ ᠬᠦᠴᠦᠷᠬᠡᠭ ᠳᠠᠭᠤᠨ ᠪᠣᠯᠪᠠ᠃ ᠦᠨᠳᠦᠰᠦᠲᠡᠨ ᠨᠦᠭᠦᠳ ᠤᠨ | ᠣᠯᠠᠨ ᠲᠦᠮᠡᠨ ᠤ ᠡᠵᠡᠨ ᠬᠥᠮᠥᠨ ᠤ ᠦᠵᠡᠯ ᠤᠬᠠᠮᠰᠠᠷ ᠢ ᠬᠦᠴᠦᠯᠡᠨ ᠬᠥᠭᠵᠢᠭᠡᠵᠦ᠂ ᠬᠥᠳᠡᠯᠮᠦᠷᠢᠯᠡᠬᠦ ᠪᠠᠷ | ᠲᠡᠳᠬᠦᠮᠵᠢ ᠶᠢ ᠣᠷᠣᠯᠠᠭᠤᠯᠬᠤ᠂ ᠦᠢᠯᠡᠳᠪᠦᠷᠢᠯᠡᠯ ᠢᠶᠠᠷ ᠱᠠᠩᠨᠠᠨ ᠨᠥᠬᠦᠪᠦᠷᠢ ᠥᠭᠬᠦ᠂ ᠭᠦᠳᠡᠯᠮᠦᠷᠢ ᠦᠢᠯᠡᠴᠢᠯᠡᠭᠡ ᠪᠠᠷ | ᠨᠥᠬᠦᠪᠦᠷᠢ ᠥᠭᠬᠦ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠶᠢ | ᠬᠥᠲᠥᠯᠥᠨ ᠵᠢᠯᠤᠭᠤᠳᠴᠤ᠂ ︽ᠠᠵᠢᠯ ᠶᠠᠪᠤᠳᠠᠯ ᠪᠠᠶᠢᠪᠠᠯ ᠬᠠᠮᠲᠤ ᠪᠠᠷ ᠬᠢᠵᠦ᠂ ᠬᠦᠴᠢᠷᠳᠡᠯ ᠲᠠᠢ ᠪᠣᠯ ᠬᠠᠮᠲᠤ ᠪᠠᠷ | ᠡᠭᠦᠷᠭᠡᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾ ᠶᠢ ᠪᠦᠭᠦ ᠣᠷᠣᠨ ᠤ ᠳᠡᠭᠡᠳᠦ ᠳᠣᠣᠷᠠᠳᠤ | ᠱᠠᠲᠤᠨ ᠤ ᠬᠠᠮᠲᠤ ᠶᠢᠨ ᠲᠠᠨᠢᠯᠲᠠ ᠪᠣᠯᠭᠠᠪᠠ᠃ ᠦᠨᠳᠦᠰᠦᠲᠡᠨ ᠨᠥᠬᠦᠳ ᠤᠨ ᠣᠯᠠᠨ ᠲᠦᠮᠡᠨ ᠤ ᠠᠩᠬᠠᠷᠤᠨ | ᠬᠠᠯᠠᠮᠵᠢᠯᠠᠵᠤ ᠤᠠᠶᠢᠭᠠ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ | ᠠᠮᠢᠳᠤᠷᠠᠯ ᠤᠨ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠤᠡᠭᠡᠵᠢᠩ ᠬᠤᠲᠠ ᠶᠢᠨ 358 | ᠰᠤᠷᠭᠠᠭᠤᠯᠢ᠂276 ᠡᠮᠨᠡᠯᠭᠡ ᠶᠢᠨ ᠬᠤᠷᠢᠶ᠎ᠠ ᠲᠠᠢ ᠬᠠᠪᠰᠤᠷᠤᠯᠴᠠᠭ᠎ᠠ ᠪᠠᠶᠢᠭᠤᠯᠬᠤ ᠬᠠᠷᠢᠴᠠᠭ᠎ᠠ ᠪᠠᠶᠢᠭᠤᠯᠵᠤ᠂ ᠪᠡᠭᠡᠵᠢᠩ | ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ | ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠶᠢ ᠠᠰᠢᠭᠯᠠᠯᠲᠠ ᠳᠤ ᠣᠷᠣᠭᠤᠯᠵᠤ᠂ ᠡᠯ᠎ᠡ ᠲᠥᠷᠥᠯ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ︵ᠲᠥᠪ᠂ ᠥᠷᠲᠡᠭᠡ︶ ᠶᠢ 7000 ᠭᠠᠷᠤᠢ | ᠪᠠᠶᠢᠭᠤᠯᠵᠤ ᠳᠠᠭᠤᠰᠬᠠᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠪᠦᠭᠦ ᠲᠠᠯ᠎ᠠ ᠪᠠᠷ | ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠲᠦᠷᠦᠯ ᠳᠤ ᠠᠩᠬ᠎ᠠ ᠤᠳᠠᠭ᠎ᠠ | ︽ᠠᠳᠠᠯᠢᠬᠠᠨ ᠰᠢᠯᠭᠠᠯᠲᠠ ᠶᠢᠨ ᠬᠠᠭᠤᠳᠠᠰᠤ︾ ᠶᠢ ᠬᠡᠷᠡᠭᠵᠢᠭᠦᠯᠪᠡ᠃ ᠳᠤᠯᠠᠭᠠᠯᠭ᠎ᠠ ᠶᠢᠨ ᠢᠨᠵᠧᠨᠧᠷᠢᠩ ᠢ | ᠪᠠᠶᠢᠷᠢᠯᠠᠭᠤᠯᠤᠨ ᠬᠡᠷᠡᠭᠵᠢᠭᠦᠯᠵᠦ᠂ ᠳᠤᠯᠠᠭᠠᠯᠭ᠎ᠠ ᠶᠢᠨ ᠥᠭᠡᠷᠡᠴᠢᠯᠡᠯᠲᠡ ᠶᠢᠨ 880 ᠲᠥᠷᠥᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ ᠳᠤᠯᠠᠭᠠᠯᠭ᠎ᠠ ᠶᠢᠨ | ᠠᠰᠠᠭᠤᠳᠠᠯ ᠢ ᠵᠣᠷᠢᠭ ᠰᠢᠭᠤᠳᠤᠨ ᠲᠤᠶᠢᠯᠪᠤᠷᠢᠲᠠᠢ ᠰᠢᠢᠳᠪᠦᠷᠢᠯᠡᠵᠦ᠂ᠦᠨᠳᠦᠰᠦᠨ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠤᠠᠷᠢᠮᠵᠢᠶᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠲᠡᠭᠦᠨ ᠠᠴᠠ | ᠳᠠᠪᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠴᠢᠨᠠᠭᠰᠢᠳᠠ | ᠳᠡᠭᠡᠭᠰᠢᠯᠡᠭᠦᠯᠪᠡ᠃ᠬᠢᠯᠢ ᠬᠢᠵᠠᠭᠠᠷ ᠣᠷᠣᠨ ᠤ ︽ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ︾ ᠵᠡᠷᠭᠡ ᠰᠠᠭᠤᠷᠢ | ᠲᠥᠬᠦᠭᠡᠷᠦᠮᠵᠢ ᠲᠦᠷᠭᠡᠨ ᠰᠠᠶᠢᠵᠢᠷᠠᠵᠤ᠂ 2023 ᠣᠨ ᠳᠤ 20 ᠬᠢᠯᠢ ᠶᠢᠨ ᠬᠤᠰᠢᠭᠤ ᠬᠤᠳᠠ ᠶᠢᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠳᠡᠭᠡᠷ᠎ᠡ ᠵᠢᠯ ᠤᠨ ᠬᠢ ᠠᠴᠠ 100 ᠳ᠋ᠦᠩᠰᠢᠭᠤᠷ ᠲᠥᠭᠦᠷᠢᠭ | ᠰᠢᠬᠠᠮ ᠨᠡᠮᠡᠭᠳᠡᠪᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ | ᠠᠭᠤᠰᠤᠯᠴᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ | ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ | ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠠ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ ᠪᠠᠶᠢᠭᠤᠯᠵᠤ ᠠᠵᠤ ᠠᠬᠤᠶᠢᠯᠠᠯ ᠳᠤ ᠪᠦᠭᠦ ᠬᠦᠴᠦᠨ ᠢᠶᠠᠷ ᠢᠶᠠᠨ | ᠰᠠᠶᠢᠲᠤᠷ ᠦᠢᠯᠡᠴᠢᠯᠡᠵᠦ᠂ ᠨᠢᠭᠡ ᠪᠦᠯᠦᠭ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠥᠪᠥᠷ | ᠮᠣᠩᠭᠤᠯ ᠳᠤ ᠨᠤᠲᠤᠭᠰᠢᠨ᠂ ᠠᠷᠠᠯᠵᠢᠶᠠᠴᠢᠨ ᠤ ᠤᠷᠮ᠎ᠠ ᠶᠢ ᠨᠢᠭᠲᠠᠷᠠᠭᠤᠯᠵᠤ᠂ ᠬᠥᠮᠥᠰ ᠤᠨ ᠠᠩᠬᠠᠷᠤᠯ ᠢ ᠲᠠᠲᠠᠭᠰᠠᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠦᠷᠭᠡᠨ ᠪᠦᠷᠢᠯᠳᠦᠭᠦᠯᠪᠡ᠃ | ᠡᠭᠦᠨ ᠤ ᠵᠡᠷᠭᠡ ᠪᠠᠷ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ᠪᠣᠯᠣᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠸᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠴᠢᠬᠤᠯᠠ ᠶᠡᠭᠡ ᠤᠯᠤᠰ ᠤᠨ ᠪᠠᠶᠢᠯᠳᠤᠬᠤ | ᠪᠣᠳᠣᠯᠭ᠎ᠠ ᠵᠢᠴᠢ ᠤᠯᠤᠰ ᠠᠴᠠ ᠬᠠᠷᠠᠬᠠᠨ ᠬᠥᠭᠵᠢᠭᠡᠳᠦᠢ ᠭᠠᠵᠠᠷ ᠣᠷᠣᠨ᠂ ᠡᠬᠢ ᠤᠠᠶᠠᠯᠢᠭ ᠤᠨ ᠭᠡᠯᠪᠡᠷᠢ ᠶᠢᠨ | ᠭᠠᠵᠠᠷ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠢ ᠳᠡᠮᠵᠢᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢᠨ ᠠᠰᠢᠭ | ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠪᠠ᠃2023 ᠣᠨ ᠳᠤ᠂ | ᠪᠦᠭᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 7.3% ᠪᠠᠷ ᠨᠡᠮᠡᠭᠳᠡᠵᠦ᠂ ᠬᠥᠮᠥᠨ | ᠳᠤᠮᠳᠠᠴᠢ ᠪᠠᠷ 10 ᠲᠦᠮᠡᠨ ᠲᠥᠭᠦᠷᠢᠭ ᠢ ᠳᠠᠪᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 19. | 8% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 9.2% ᠢᠶᠠᠷ ᠨᠡᠮᠡᠭᠳᠡᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠲᠣᠰ ᠲᠣᠰ | 5.1%᠂ 8% ᠪᠠᠷ ᠨᠡᠮᠡᠭᠳᠡᠵᠦ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ | ᠬᠤᠷᠳᠤᠴᠠ ᠪᠦᠭᠦ ᠤᠯᠤᠰ ᠤᠨ ᠨᠢᠭᠡᠳᠦᠭᠡᠷ ᠡᠩᠨᠡᠭᠡᠨ ᠳᠤ ᠣᠷᠣᠪᠠ᠃ 2024 ᠣᠨ ᠤ ᠲᠦᠷᠦᠭᠦᠦ 5 ᠰᠠᠷ᠎ᠠ ᠳᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ᠂ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 15.6% ᠪᠠᠷ ᠨᠡᠮᠡᠭᠳᠡᠵᠦ᠂ ᠠᠵᠤ ᠠᠬᠤᠢ ᠶᠢᠨ ᠬᠥᠭᠵᠢᠯᠲᠡ ᠦᠷᠭᠦᠯᠵᠢᠯᠡᠨ | ᠲᠣᠭᠲᠠᠭᠤᠨ ᠤ ᠳᠤᠮᠳᠠ ᠰᠠᠶᠢᠵᠢᠷᠠᠬᠤ᠂ ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠭᠰᠢᠯᠠᠨ ᠲᠠᠪᠰᠢᠬᠤ ᠰᠠᠶᠢᠨ | ᠰᠠᠶᠢᠬᠠᠨ ᠪᠠᠶᠢᠳᠠᠯ ᠢᠶᠠᠨ ᠪᠠᠲᠤᠯᠠᠪᠠ᠃ | ᠪᠦᠲᠦᠴᠡ ᠳᠤ ᠲᠣᠬᠢᠷᠠᠭᠤᠯᠤᠯᠲᠠ ᠬᠢᠵᠦ ᠦᠵᠡᠯᠲᠡ ᠲᠠᠨᠢᠯᠲᠠ ᠪᠠᠨ ᠬᠤᠪᠢᠷᠠᠭᠤᠯᠵᠤ ᠰᠤᠷᠲᠠᠯ ᠢᠶᠠᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠠᠭᠠᠵᠢᠮ ᠢᠶᠠᠷ ᠢᠯᠡᠷᠡᠪᠡ | ᠤᠷᠳᠤ ᠬᠤᠭᠤᠴᠠᠭᠠᠨ ᠳᠤ ᠬᠤᠷᠠᠮᠳᠤᠵᠤ ᠪᠦᠷᠢᠯᠳᠦᠭᠰᠡᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠴᠢᠨᠠᠷ | ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠯᠤᠭ᠎ᠠ ᠵᠣᠬᠢᠴᠠᠬᠤ ᠦᠭᠡᠢ ᠪᠦᠲᠦᠴᠡ᠂ ᠦᠵᠡᠯᠲᠡ᠂ ᠰᠤᠷᠲᠠᠯ ᠤᠨ | ᠠᠰᠠᠭᠤᠳᠠᠯ ᠳᠤ ᠴᠢᠭᠯᠡᠭᠦᠯᠦᠨ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ᠴᠢᠨᠠᠭᠰᠢᠳᠠ ᠦᠵᠡᠯ ᠰᠠᠨᠠᠭ᠎ᠠ ᠪᠠᠨ | ᠴᠢᠯᠦᠭᠡᠯᠡᠵᠦ᠂ ᠦᠵᠡᠯᠲᠡ ᠪᠠᠨ ᠰᠢᠨᠡᠳᠬᠡᠵᠦ᠂ ᠲᠡᠷᠢᠭᠦᠨ ᠤ ᠬᠢ ᠪᠠᠷ ᠪᠠᠷᠢᠮᠵᠢᠶᠠᠯᠠᠨ ᠵᠥᠷᠢᠶ᠎ᠡ ᠪᠠᠨ ᠡᠷᠢᠵᠦ᠂ ᠶᠡᠭᠡ | ᠬᠦᠴᠦ ᠣᠷᠣᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠪᠦᠭᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢᠯᠡᠳᠲᠡ ᠴᠢᠩᠭᠠᠷᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠣᠶᠤᠨ ᠰᠠᠨᠠᠭᠠᠨ ᠤ | ᠳᠦᠷᠰᠦ ᠪᠠᠶᠢᠳᠠᠯ ᠢᠯᠡᠳᠲᠡ ᠬᠤᠪᠢᠷᠠᠵᠤ᠂ ᠶᠠᠭ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ | ᠴᠢᠬᠤᠯᠠᠴᠢᠯᠠᠬᠤ᠂ ᠠᠵᠢᠯ ᠬᠢᠬᠦ ᠳᠡᠭᠡᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠪᠣᠳᠠᠲᠠᠢ ᠠᠵᠢᠯ ᠬᠢᠬᠦ ᠶᠢ ᠡᠷᠭᠢᠮᠯᠡᠭᠦ | ᠰᠠᠶᠢᠨ ᠰᠠᠶᠢᠬᠠᠨ ᠣᠷᠴᠢᠯ ᠳᠤ ᠣᠷᠣᠵᠤ ᠪᠠᠶᠢᠨ᠎ᠠ᠃ | ᠠᠵᠤ ᠦᠢᠯᠡᠰ ᠤᠨ ︽ᠳᠦᠷᠪᠡᠨ ᠤᠯᠠᠨ ᠳᠦᠷᠪᠡᠨ ᠴᠥᠭᠡᠨ︾ ᠪᠠᠶᠢᠳᠠᠯ ᠢ ᠲᠦᠷᠭᠡᠨ ᠬᠤᠪᠢᠷᠠᠭᠤᠯᠪᠠ᠃ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠪᠠᠷ ᠭᠤᠣᠯᠳᠠᠭᠤᠯᠵᠤ᠂ ︽ᠨᠡᠭᠦᠷᠡᠰᠦ ᠨᠢ ᠡᠬᠢᠨ ᠳᠤ | ᠬᠢᠮᠢ ᠶᠢᠨ ᠪᠦᠲᠦᠭᠡᠭᠳᠡᠬᠦᠨ ᠨᠢ ᠰᠡᠭᠦᠯ ᠳᠤ︾᠂︽ᠲᠠᠷᠢᠮᠠᠯ ᠨᠢ ᠡᠬᠢᠨ ᠳᠤ ᠪᠦᠲᠦᠭᠡᠭᠳᠡᠬᠦᠨ ᠨᠢ ᠰᠡᠭᠦᠯ ᠳᠤ︾᠂ | ︽ᠲᠠᠷᠢᠶᠠᠯᠠᠩ ᠨᠢ ᠡᠬᠢᠨ ᠳᠤ ᠠᠵᠤ ᠦᠢᠯᠡᠳᠪᠦᠷᠢ ᠨᠢ ᠰᠡᠭᠦᠯ ᠳᠤ ᠪᠠᠶᠢᠬᠤ︾ ᠪᠦᠭᠦ ᠬᠡᠯᠬᠢᠶ᠎ᠡ ᠳᠤ ᠠᠩᠬᠠᠷᠤᠯ ᠢᠶᠠᠨ | ᠬᠠᠨᠳᠤᠭᠤᠯᠵᠤ᠂ ᠨᠡᠭᠦᠷᠡᠰᠦ᠂ ᠮᠠᠯ ᠠᠵᠤ ᠠᠬᠤᠢ ᠲᠠᠷᠢᠶᠠᠯᠠᠩ ᠵᠡᠷᠭᠡ ᠤᠯᠠᠮᠵᠢᠯᠠᠯᠲᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠪᠠ᠃ ᠡᠬᠢ ᠤᠠᠶᠠᠯᠢᠭ ᠤᠨ ᠪᠤᠰᠤ ᠭᠡᠯᠪᠡᠷᠢ ᠶᠢᠨ ᠠᠵᠤ ᠦᠢᠯᠡᠰ ᠢ ᠶᠡᠭᠡ ᠪᠠᠷ | ᠪᠣᠶᠢᠵᠢᠭᠤᠯᠤᠨ ᠬᠥᠭᠵᠢᠭᠦᠯᠵᠦ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 2023 ᠣᠨ ᠳᠤ ᠨᠡᠭᠦᠷᠡᠰᠦᠨ ᠤ ᠪᠤᠰᠤ | ᠠᠵᠤ ᠦᠢᠯᠡᠰ 12.1% ᠪᠠᠷ ᠨᠡᠮᠡᠭᠳᠡᠵᠦ᠂ ᠨᠡᠭᠦᠷᠡᠰᠦᠨ ᠤ ᠠᠵᠤ ᠦᠢᠯᠡᠰ ᠠᠴᠠ ᠵᠠᠭᠤᠨ ᠤ ᠬᠠᠷᠢᠴᠠᠯ ᠢᠶᠠᠷ 10.7 | ᠬᠤᠪᠢ ᠥᠨᠳᠥᠷ ᠪᠣᠯᠵᠤ᠂ ᠭᠠᠶᠢᠯᠢ ᠶᠢᠨ ᠣᠷᠣᠯᠭ᠎ᠠ 28.5% ᠪᠠᠷ ᠨᠡᠮᠡᠭᠳᠡᠵᠦ᠂ ᠪᠦᠭᠦ ᠰᠢᠰᠲ᠋ᠧᠮ ᠤᠨ ᠭᠠᠶᠢᠯᠢ ᠶᠢᠨ | ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 57.6% ᠪᠠᠶᠢᠵᠤ᠂ ᠪᠦᠭᠦ᠋ᠢᠯᠡ ᠠᠵᠢᠯ ᠲᠦᠷᠦᠯ ᠤᠨ ᠭᠠᠶᠢᠯᠢ ᠳᠠᠬᠢ | ᠡᠵᠯᠡᠭᠦ ᠬᠤᠪᠢ ᠶᠢᠨ ᠵᠢᠩ 57.6% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠢᠨ᠎ᠡ | ᠬᠥᠳᠡᠯᠭᠡᠭᠦᠷ ᠪᠣᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ | ᠶᠡᠭᠡ ᠪᠠᠷ ᠠᠬᠢᠭᠤᠯᠵᠤ᠂ ᠥᠪᠥᠷ ᠮᠣᠩᠭᠤᠯ ᠤᠨ ᠡᠬᠢ ᠪᠠᠶᠠᠯᠢᠭ ᠲᠠᠢ ᠳᠠᠪᠠᠭᠤᠯᠢᠭ ᠲᠠᠢ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠪᠤᠶ ᠪᠤᠯᠭᠠᠬᠤ ᠪᠣᠯᠣᠮᠵᠢ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ ᠲᠥᠪᠯᠡᠷᠡᠩᠭᠦᠢ | ᠬᠦᠴᠦᠯᠡᠵᠦ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ︽ᠡᠨᠧᠷᠭᠢ ᠬᠠᠳᠠᠭᠠᠯᠠᠬᠤ ᠬᠢᠭᠡᠳ | ᠣᠶᠤᠨᠴᠢ ᠴᠠᠭᠢᠯᠭᠠᠨ ᠲᠣᠣᠷ ᠤᠨ ᠮᠡᠷᠭᠡᠵᠢᠯ︾ ᠤᠨ ᠲᠥᠷᠥᠯ ᠵᠦᠢᠯ ᠢ ᠬᠡᠷᠡᠭᠵᠢᠭᠦᠯᠵᠦ᠂ ᠠᠭᠠᠷ ᠰᠠᠨᠰᠠᠷ ᠤᠨ ᠬᠡᠮᠵᠢᠭᠦᠷ | ᠠᠯᠤᠰᠯᠠᠭᠰᠠᠨ ᠬᠡᠮᠵᠢᠯᠲᠡ ᠶᠢᠨ ᠰᠠᠭᠤᠷᠢ ᠤᠠᠷᠢᠮᠵᠢᠶᠠ ᠶᠢᠨ ᠲᠣᠮᠣ ᠰᠢᠨᠵᠢᠯᠡᠬᠦ ᠤᠬᠠᠭᠠᠨ ᠤ ᠲᠣᠨᠤᠭ | ᠲᠥᠬᠦᠭᠡᠷᠦᠮᠵᠢ ᠬᠢᠭᠡᠳ ᠳᠡᠭᠡᠳᠦ ᠴᠢᠳᠠᠪᠬᠢᠲᠤ ᠭᠡᠷᠡᠯᠴᠢ ᠰᠠᠷᠠᠯᠵᠢ ᠶᠢᠨ ᠠᠵᠤ ᠦᠢᠯᠡᠰᠵᠢᠯᠲᠡ ᠶᠢᠨ ᠲᠥᠷᠥᠯ ᠵᠦᠢᠯ ᠢ | ᠡᠬᠢᠯᠡᠨ ᠪᠦᠲᠦᠭᠡᠨ ᠪᠠᠶᠢᠭᠤᠯᠵᠤ᠂ ᠬᠤᠷᠢᠨᠭᠡᠷ ᠰᠢᠨ᠎ᠡ ᠲᠣᠭᠤᠷᠢᠭ ᠤᠨ ᠤᠯᠤᠰ ᠤᠨ ︽ᠵᠡᠭᠦᠨᠳᠡᠬᠢ ᠲᠤᠭ᠎ᠠ ᠪᠠᠷᠢᠮᠲᠠ ᠶᠢ | ᠪᠠᠷᠠᠭᠤᠨᠳᠡᠬᠢ ᠳ᠋ᠠᠶᠢᠲ᠋ᠠ ᠪᠠᠷ ᠲᠤᠯᠭᠠᠭᠤᠷᠢᠯᠠᠬᠤ︾ ᠳ᠋ᠠᠶᠢᠲ᠋ᠠ ᠶᠢᠨ ᠲᠥᠪ ᠤᠨ ᠪᠦᠯᠦᠭᠵᠢᠯ᠂ ᠪᠦᠭᠦ ᠪᠥᠮᠪᠥᠷᠴᠡᠭ ᠤᠨ | ᠬᠠᠮᠤᠭ ᠤᠨ ᠶᠡᠭᠡ ᠪᠣᠬᠢᠷᠳᠤᠯ ᠦᠭᠡᠢ ᠤᠰᠤᠲᠥ᠋ᠷᠥᠭᠴᠢ ᠰᠢᠪᠲᠦᠷ ᠵᠡᠷᠭᠡ ᠲᠥᠷᠥᠯ ᠵᠦᠢᠯ ᠢ ᠬᠤᠶᠢᠨ᠎ᠠ | ᠬᠤᠶᠢᠨ᠎ᠠ ᠠᠴᠠ ᠨᠢ ᠠᠰᠢᠭᠯᠠᠯᠲᠠ ᠳᠤ ᠣᠷᠣᠭᠤᠯᠵᠤ᠂ ᠢᠷᠡᠭᠡᠳᠦᠢ ᠶᠢᠨ ᠠᠵᠤ ᠦᠢᠯᠡᠰ ᠲᠦᠷᠭᠡᠨ ᠪᠦᠷᠢᠯᠳᠦᠵᠦ | ᠪᠠᠶᠢᠨ᠎ᠠ᠃ | ᠬᠠᠭᠤᠴᠢᠨ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠢ ᠴᠢᠨᠠᠭᠰᠢᠳᠠ ᠡᠪᠳᠡᠪᠡ᠃ | ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠰᠤᠷᠤᠯᠴᠠᠨ ᠶᠠᠷᠢᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ︽ᠳᠣᠯᠤᠭ᠎ᠠ ᠶᠢ | ᠲᠠᠶᠠᠭᠳᠠᠬᠤ︾ ᠶᠢ ᠪᠡᠶᠡᠯᠡᠭᠦᠯᠵᠦ᠂ ︽ ᠤᠢ ᠬᠥᠮᠥᠨ ᠢ ᠬᠦᠷᠬᠦ ᠦᠭᠡᠢ︾ ᠭᠡᠬᠦ ᠣᠶᠢᠯᠠᠭᠠᠭᠳᠠᠬᠤᠨ ᠠᠴᠠ ᠲᠦᠷᠭᠡᠬᠡᠨ | ᠰᠠᠯᠵᠤ᠂ ᠲᠡᠷᠢᠭᠦᠨ ᠤ ᠬᠢ ᠶᠢ ᠡᠭᠦᠳᠴᠦ᠂ ᠳᠠᠭᠤᠷᠢᠶᠠᠯ ᠪᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠶ ᠪᠤᠯᠭᠠᠵᠤ᠂ | ᠬᠥᠭᠵᠢᠯᠲᠡ ᠶᠢ ᠶᠡᠭᠡ ᠪᠠᠷ ᠠᠳᠬᠤᠵᠤ᠂ ᠬᠥᠭᠵᠢᠯᠲᠡ ᠶᠢ ᠲᠦᠷᠭᠡᠳᠬᠡᠬᠦ ᠠᠭᠤᠷ ᠠᠮᠢᠰᠬᠤᠯ ᠢ ᠨᠠᠩ ᠭᠦᠨ ᠵᠤᠵᠠᠭᠠᠨ | ᠪᠣᠯᠭᠠᠪᠠ᠃ ︽ᠥᠩᠭᠡᠷᠡᠭᠰᠡᠨ ᠳᠤ ᠢᠩᠭᠢᠵᠦ ᠬᠢᠵᠦ ᠪᠠᠶᠢᠭᠰᠠᠨ︾᠂ ︽ᠪᠣᠯᠪᠠᠰᠤᠷᠠᠩᠭᠤᠢ ᠵᠣᠷ ᠦᠭᠡᠢ ᠪᠣᠯ ᠡᠮ | ᠥᠭᠬᠦ ᠠᠴᠠ ᠪᠣᠯᠭᠤᠮᠵᠢᠯᠠᠨ᠎ᠠ︾ ᠭᠡᠬᠦ ᠵᠡᠷᠭᠡ ᠣᠶᠢᠯᠠᠭᠠᠭᠳᠠᠬᠤᠨ ᠠᠷᠭ᠎ᠠ ᠬᠢᠳᠡᠯ ᠢ ᠲᠠᠶᠠᠭᠳᠠᠵᠤ᠂ ᠡᠯ᠎ᠡ ᠱᠠᠲᠤᠨ ᠤ | ᠬᠢᠨ ᠤ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠬᠢᠵᠦ ᠪᠠᠶᠢᠬᠤ ᠶᠠᠪᠤᠳᠠᠯ ᠮᠥᠨ︾᠂ | ︽ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠨ ᠪᠦᠷᠢᠨᠰᠢᠭᠦᠯᠬᠦ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ | ᠴᠢᠯᠦᠭᠡᠯᠡᠨ ᠬᠥᠭᠵᠢᠭᠦᠯᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠬᠤ ᠶᠢ ᠠᠬᠢᠭᠤᠯᠵᠤ᠂ ᠠᠵᠤ | ᠠᠬᠤᠢ ᠶᠢᠨ ᠪᠠᠶᠢᠷᠢᠰᠢᠯᠠᠭᠤᠯᠤᠲᠠ ᠶᠢ ᠰᠢᠯᠢᠳᠡᠭᠵᠢᠭᠦᠯᠬᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ | ᠤᠰᠤ ᠶᠢ ᠠᠷᠪᠢᠯᠠᠨ ᠬᠡᠷᠡᠭᠯᠡᠬᠦ᠂ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ᠂ | ᠲᠥᠪ ᠤᠨ ᠠᠵᠤ ᠠᠬᠤᠶᠢᠯᠠᠯ ᠲᠠᠢ ᠬᠠᠮᠲᠤᠷᠠᠯᠴᠠᠬᠤ ᠵᠡᠷᠭᠡ ᠶᠢᠨ ᠲᠣᠭᠤᠷᠢᠨ ᠳᠤ 58 ᠵᠦᠢᠯ ᠤᠨ ᠤᠠᠶᠢᠭᠤᠯᠤᠮᠵᠢ | ᠲᠣᠭᠲᠠᠴᠠ ᠶᠢᠨ ᠰᠢᠨ᠎ᠡ ᠶᠢ ᠡᠭᠦᠳᠦᠭᠰᠡᠨ ᠡᠭᠦᠷᠭᠡ ᠶᠢ ᠪᠠᠶᠢᠷᠢᠯᠠᠭᠤᠯᠵᠤ᠂ᠴᠢᠨᠠᠷ ᠰᠠᠶᠢᠲᠠᠢ ᠬᠥᠭᠵᠢᠯᠲᠡ ᠶᠢ | ᠬᠢᠵᠠᠭᠠᠷᠯᠠᠵᠤ ᠤᠠᠶᠢᠭᠠ ᠨᠢᠭᠡ ᠪᠦᠯᠦᠭ ᠲᠦᠭᠵᠢᠷᠡᠯ ᠠᠰᠠᠭᠤᠳᠠᠯ ᠢ ᠲᠦᠷᠭᠡᠨ ᠰᠢᠢᠳᠪᠦᠷᠢᠯᠡᠪᠡ᠃ ︽ᠨᠢᠳᠦᠨ | ᠡᠮᠦᠨᠡᠬᠢ ᠪᠠᠨ ᠬᠠᠷᠠᠭᠠᠳ ᠠᠯᠤᠰ ᠬᠤᠯᠠ ᠶᠢ ᠬᠠᠷᠠᠬᠤ ᠦᠭᠡᠢ︾᠂ ︽ᠦᠢᠯᠡᠳᠪᠦᠷᠢᠯᠡᠬᠦ ᠶᠢ ᠴᠢᠬᠤᠯᠠᠴᠢᠯᠠᠵᠤ | ᠡᠵᠡᠩᠨᠡᠬᠦ ᠶᠢ ᠬᠥᠩᠭᠡᠪᠴᠢᠯᠡᠬᠦ︾ ᠵᠡᠷᠭᠡ ᠰᠡᠳᠬᠢᠬᠦᠢ ᠸᠠ ᠦᠵᠡᠯᠲᠡ ᠶᠢ ᠬᠦᠴᠦᠯᠡᠨ ᠬᠤᠪᠢᠷᠠᠭᠤᠯᠵᠤ᠂ ᠡᠯ᠎ᠡ ᠱᠠᠲᠤᠨ ᠤ | ᠬᠢᠨ ᠢ ᠬᠥᠲᠥᠯᠥᠨ ᠵᠢᠯᠤᠭᠤᠳᠴᠤ ︽ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠥᠨ᠂ ᠬᠤᠬᠢᠷᠠᠯ ᠢ ᠪᠠᠭᠠᠰᠬᠠᠬᠤ ᠨᠢ | ᠳᠠᠷᠤᠢ ᠤᠨᠠᠯᠲᠠ ᠶᠢ ᠨᠡᠮᠡᠭᠳᠡᠭᠦᠯᠵᠦ ᠪᠠᠶᠢᠨ᠎ᠠ᠂ ᠬᠤᠷᠣᠭᠳᠠᠭᠤᠯᠤᠯ ᠢ ᠪᠠᠭᠠᠰᠬᠠᠬᠤ ᠪᠣᠯ ᠳᠠᠷᠤᠢ ᠣᠷᠣᠯᠭ᠎ᠠ ᠶᠢ | ᠨᠡᠮᠡᠭᠳᠡᠭᠦᠯᠵᠦ ᠪᠠᠶᠢᠨ᠎ᠠ︾ ᠭᠡᠬᠦ ᠤᠬᠠᠮᠰᠠᠷ ᠢ ᠴᠢᠩᠭᠠᠳᠬᠠᠵᠤ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ | ᠠᠭᠤᠷᠬᠠᠢ᠂ ᠮᠠᠲ᠋ᠧᠷᠢᠶᠠᠯ ᠵᠡᠷᠭᠡ ᠡᠯ᠎ᠡ ᠬᠦᠷᠢᠶᠡᠨ ᠳᠤ ᠠᠷᠪᠢᠯᠠᠬᠤ ᠶᠢ ᠴᠢᠩᠭᠠᠳᠬᠠᠵᠤ᠂ ︽ᠲᠠᠪᠤ ᠶᠢ ᠲᠤᠶᠢᠯᠪᠤᠷᠢᠲᠠᠢ | ᠪᠠᠶᠢᠴᠠᠭᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠤᠯᠤᠰ ᠲᠤ ᠡᠩ ᠲᠡᠷᠢᠭᠦᠨ ᠳᠤ | ᠮᠤᠵᠢ ᠶᠢᠨ ᠲᠡᠰ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠦᠨᠡᠯᠡᠬᠦ ᠭᠦᠢᠴᠡᠳᠬᠡᠯ | ᠲᠤᠭ᠎ᠠ ᠶᠢᠨ ᠰᠢᠰᠲ᠋ᠧᠮ ᠢ ᠲᠣᠭᠲᠠᠭᠠᠵᠤ᠂ ᠬᠤᠲᠠ ᠤᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ᠂ ᠬᠤᠲᠠ ᠶᠢᠨ | ᠨᠣᠭᠤᠭᠠᠷᠠᠭᠤᠯᠤᠯᠲᠠ ᠶᠢᠨ ᠵᠠᠷᠤᠳᠠᠯ ᠤᠨ ᠲᠤᠭ᠎ᠠ ᠬᠡᠮᠵᠢᠶ᠎ᠡ ᠶᠢ ᠲᠣᠭᠲᠠᠭᠠᠵᠤ᠂ 2023 ᠣᠨ ᠳᠤ ᠪᠦᠭᠦ ᠣᠷᠣᠨ ᠤ | ᠬᠡᠪᠴᠢᠶᠡᠨ ᠳᠤ 14.75 ᠲᠦᠮᠡᠨ ᠮᠦ ᠶᠢᠨ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠭᠠᠵᠠᠷ ᠰᠢᠷᠣᠢ ᠶᠢ | ᠰᠢᠢᠳᠪᠦᠷᠢᠯᠡᠵᠦ᠂ 22 ᠳ᠋ᠦᠩᠰᠢᠭᠤᠷ ᠲᠥᠭᠦᠷᠢᠭ ᠤᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠬᠤ ᠶᠢ ᠪᠡᠶᠡᠯᠡᠭᠦᠯᠵᠦ᠂ | ᠲᠠᠷᠢᠶᠠᠨ ᠭᠠᠵᠠᠷ ᠤᠨ ᠤᠰᠤᠯᠠᠯᠲᠠ ᠶᠢᠨ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠲᠤᠭ᠎ᠠ ᠠᠩᠬ᠎ᠠ ᠤᠳᠠᠭ᠎ᠠ | ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ | ︽ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ︾ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠳᠡᠪᠬᠢᠲᠡᠢ ᠠᠬᠢᠴᠠ ᠲᠠᠢ | ᠪᠣᠯᠵᠤ᠂ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠡᠩ ᠤᠨ ᠵᠢᠯ ᠤᠨ ᠬᠢ ᠠᠴᠠ | 45% ᠪᠠᠷ ᠪᠠᠭᠠᠰᠪᠠ᠃ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ | ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠠᠷ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠨᠡᠩ | ᠲᠡᠭᠦᠯᠳᠡᠷ ᠪᠣᠯᠪᠠ᠃ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠭᠦᠨᠵᠡᠭᠡᠢ | ᠴᠡᠭᠴᠡᠯᠡᠨ ᠵᠠᠰᠠᠬᠤ 20 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠠᠷᠢᠮᠵᠢᠶ᠎ᠠ ᠶᠢ ᠳᠡᠭᠡᠭᠰᠢᠯᠡᠭᠦᠯᠭᠦ᠂ | ᠬᠤᠷᠳᠤᠴᠠ ᠶᠢ ᠳᠡᠭᠡᠭᠰᠢᠯᠡᠭᠦᠯᠭᠦ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ︾ ᠲᠤᠰᠬᠠᠢ ᠠᠵᠢᠯᠯᠠᠭ᠎ᠠ ᠶᠢ ᠥᠷᠨᠢᠭᠦᠯᠦᠨ᠂ | ᠡᠯ᠎ᠡ ᠱᠠᠲᠤᠨ ᠤ ᠬᠢᠨ ᠤ ︽ᠶᠠᠪᠤᠳᠠᠯ ᠢ ᠰᠢᠢᠳᠪᠦᠷᠢᠯᠡᠬᠦ ᠰᠡᠳᠬᠢᠬᠦᠢ︾ ︽ᠶᠠᠪᠤᠳᠠᠯ ᠢ ᠰᠠᠶᠢᠲᠤᠷ ᠰᠢᠢᠳᠪᠦᠷᠢᠯᠡᠬᠦ | ᠰᠡᠳᠬᠢᠬᠦᠢ︾ ᠪᠠᠷ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠨ ᠬᠦᠴᠢᠷᠳᠡᠯ ᠢ ᠢᠯᠡᠨ ᠳᠠᠪᠠᠭᠤ ᠶᠢ | ᠠᠬᠢᠭᠤᠯᠵᠤ᠂ ᠠᠵᠢᠯ ᠤᠨ ᠳᠤᠮᠳᠠᠬᠢ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠦᠵᠡᠭᠳᠡᠯ ᠢ ᠠᠯᠬᠤᠮ | ᠠᠯᠬᠤᠮ ᠢᠶᠠᠷ ᠰᠠᠶᠢᠵᠢᠷᠠᠭᠤᠯᠪᠠ᠃ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢᠨ | ᠲᠣᠭᠤᠷᠢᠨ ᠳᠤ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠱᠤᠭᠤᠮ︾ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠳᠦᠷ ᠲᠤ ︽ᠡᠭᠦᠳᠡ ᠪᠠᠨ ᠬᠠᠭᠠᠬᠤ ᠦᠭᠡᠢ︾᠂ ᠭᠠᠷᠠᠭ ᠤᠨ ᠰᠡᠭᠦᠯᠴᠢ ᠳᠤ ︽ᠦᠢᠯᠡᠴᠢᠯᠡᠭᠡ ᠪᠠᠨ | ᠲᠠᠰᠤᠯᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠵᠦ᠂ ᠡᠯ᠎ᠡ ᠱᠠᠲᠤᠨ ᠤ ᠬᠢᠨ ᠤ ᠠᠵᠤ ᠠᠬᠤᠶᠢᠯᠠᠯ ᠸᠠ ᠣᠯᠠᠨ | ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠡᠭᠡ ᠪᠠᠷ ᠳᠡᠭᠡᠭᠰᠢᠯᠡᠪᠡ᠃ ᠵᠠᠬ᠎ᠠ ᠳᠡᠯᠭᠡᠭᠦᠷ ᠤᠨ ᠰᠡᠳᠬᠢᠬᠦᠢ ᠸᠠ ᠨᠠᠷᠢᠨ | ᠳᠠᠩᠰᠠ ᠪᠤᠳᠤᠬᠤ ᠤᠬᠠᠮᠰᠠᠷ ᠢ ᠴᠢᠩᠭᠠᠳᠬᠠᠨ᠂ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠷᠭ᠎ᠠ | ᠮᠠᠶ᠋ᠢᠭ ᠢ ᠴᠠᠭ ᠦᠶ᠎ᠡ ᠲᠠᠢ ᠵᠡᠷᠭᠡ ᠪᠠᠷ ᠰᠢᠯᠢᠳᠡᠭᠵᠢᠭᠦᠯᠵᠦ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠪᠠ | ᠨᠡᠭᠦᠷᠡᠰᠦᠲᠥ᠋ᠷᠥᠭᠴᠢ ᠬᠤᠷᠠᠮᠳᠤᠭᠤᠯᠬᠤ ᠭᠦᠢᠴᠡᠳᠬᠡᠯ ᠲᠤᠭ᠎ᠠ ᠶᠢᠨ ᠠᠷᠠᠯᠵᠢᠶ᠎ᠠ ᠶᠢ ᠭᠦᠨᠵᠡᠭᠡᠢ ᠠᠬᠢᠭᠤᠯᠵᠤ᠂ | ᠲᠤᠬᠠᠢ ᠶᠢᠨ ᠭᠠᠵᠠᠷ ᠤᠨ ᠤᠠᠶᠢᠳᠠᠯ ᠳᠤᠨᠢ ᠲᠣᠬᠢᠷᠠᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠥᠪᠡᠷ ᠤᠨ ᠦᠷᠲᠡᠭ ᠢ ᠪᠠᠭᠤᠷᠠᠭᠤᠯᠵᠤ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠵᠤ | ᠠᠮᠢᠳᠤᠷᠠᠬᠤ ᠶᠢ ᠪᠠᠷᠢᠮᠲᠠᠯᠠᠨ᠂ ᠨᠢᠭᠡ ᠬᠤᠪᠢ ᠡᠬᠢ ᠪᠠᠶᠠᠯᠢᠭ ᠪᠠ ᠨᠢᠭᠡ ᠮᠥᠩᠭᠦ ᠵᠣᠭᠤᠰ ᠢ ᠴᠥᠮ ᠬᠠᠮᠤᠭ ᠤᠨ ᠶᠡᠭᠡ | ᠦᠷ᠎ᠡ ᠠᠰᠢᠭ ᠲᠠᠢ ᠪᠣᠯᠭᠠᠵᠠᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠵᠦ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠷᠲᠠᠯ ᠤᠨ ᠠᠷᠬᠠᠭ ᠭᠡᠮ ᠢ ᠦᠨᠳᠦᠰᠦᠨ ᠠᠴᠠ ᠨᠢ | ᠵᠠᠰᠠᠵᠤ᠂1+1+1>3 ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠴᠡᠭᠴᠡᠯᠡᠨ ᠡᠮᠬᠢᠳᠬᠡᠭᠰᠡᠨ ᠡᠬᠡ ᠳᠠᠩᠰᠠ 3/4 ᠰᠢᠬᠠᠮ ᠪᠠᠶᠢᠵᠤ᠂ ᠬᠤᠰᠢᠭᠤ ᠰᠢᠶᠠᠨ ᠭᠦᠷᠲᠡᠯ᠎ᠡ | ᠬᠤᠷᠠᠯᠳᠤᠭᠤᠯᠬᠤ ᠬᠤᠷᠠᠯ 1/2 ᠰᠢᠬᠠᠮ ᠪᠠᠭᠠᠰᠴᠤ᠂ ᠰᠤᠮᠤ ᠰᠢᠶᠠᠩ ᠪᠠᠯᠭᠠᠰᠤ ᠶᠢᠨ ᠡᠭᠦᠷᠭᠡ ᠲᠤᠰᠢᠶᠠᠯ ᠡᠭᠦᠷᠭᠡ | ᠬᠠᠷᠢᠭᠤᠴᠠᠯᠭ᠎ᠠ 373 ᠵᠦᠢᠯ ᠪᠠᠶᠢᠭᠰᠠᠨ ᠢ 148 ᠵᠦᠢᠯ ᠪᠣᠯᠭᠠᠨ ᠰᠢᠯᠢᠳᠡᠭᠵᠢᠭᠦᠯᠵᠦ᠂ ︽ᠰᠠᠭᠤᠷᠢ ᠳ᠋ᠠᠶᠢᠲ᠋ᠠ ᠶᠢᠨ | ᠬᠥᠮᠥᠷᠭᠡ︾ ᠪᠣᠯᠣᠨ ︽ᠪᠦᠷᠢᠨ ᠴᠢᠳᠠᠮᠵᠢᠲᠤ ᠬᠦᠰᠦᠨᠦᠭᠲᠦ︾ ᠵᠡᠷᠭᠡ ᠬᠡᠷᠡᠭᠯᠡᠭᠡᠨ ᠤ ᠲᠠᠪᠴᠠᠩ ᠢ ᠪᠠᠶᠢᠭᠤᠯᠬᠤ ᠪᠠᠷ | ᠳᠠᠮᠵᠢᠭᠤᠯᠤᠨ ᠦᠨᠳᠦᠰᠦᠨ ᠱᠠᠲᠤᠨ ᠤ ᠬᠦᠰᠦᠨᠦᠭᠲᠦ ᠲᠠᠭᠯᠠᠬᠤ ᠠᠵᠢᠯ ᠤᠯᠠᠨ ᠵᠡᠷᠭᠡ ᠠᠰᠠᠭᠤᠳᠠᠯ ᠢ | ᠰᠢᠢᠳᠪᠦᠷᠢᠯᠡᠵᠦ᠂ ᠺᠠᠳ᠋ᠷᠴᠤᠳ ᠨᠡᠩ ᠣᠯᠠᠨ ᠴᠠᠭ ᠪᠣᠯᠣᠨ ᠣᠶᠤᠨ ᠴᠢᠳᠠᠯ ᠢᠶᠠᠨ ᠵᠠᠷᠤᠴᠠᠭᠤᠯᠤᠨ ᠣᠯᠠᠨ ᠲᠦᠮᠡᠨ ᠳᠤ | ᠪᠣᠳᠠᠲᠤ ᠶᠠᠪᠤᠳᠠᠯ ᠬᠢᠵᠦ ᠥᠭᠴᠦ ᠳᠡᠶᠢᠯᠭᠦ ᠪᠣᠯᠵᠠᠢ᠃ ︽ᠠᠯᠢᠪᠠ ᠪᠦᠭᠦᠨ ᠳᠤ ᠦᠷ᠎ᠡ ᠳ᠋ᠦᠩ ᠢ ᠦᠵᠡᠬᠦ᠂ ᠪᠣᠳᠠᠲᠤ | ᠦᠷ᠎ᠡ ᠪᠦᠲᠦᠮᠵᠢ ᠪᠠᠷ ᠦᠨᠡᠯᠡᠬᠦ︾ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠵᠥᠪ ᠴᠢᠭᠯᠡᠯ ᠢᠶᠠᠷ | ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠸᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ | ᠪᠤᠷᠤᠭᠤ ᠶᠢ ᠵᠠᠯᠠᠷᠠᠭᠤᠯᠬᠤ 8 ᠵᠦᠢᠯ ᠤᠨ ᠰᠠᠨᠠᠯ ᠢ ᠭᠦᠨᠵᠡᠭᠡᠢ ᠬᠡᠷᠡᠭᠵᠢᠭᠦᠯᠵᠦ᠂ ︽ᠬᠠᠷᠢᠭᠤᠴᠠᠯᠭ᠎ᠠ ᠡᠭᠦᠷᠭᠡᠯᠡᠵᠦ | ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠦᠨᠡᠯᠡᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ | ᠠᠵᠢᠯ ᠢ ᠬᠤᠶᠠᠷ ᠵᠢᠯ ᠳᠠᠷᠠᠭᠠᠯᠠᠨ ᠥᠷᠨᠢᠭᠦᠯᠵᠦ᠂ ᠤᠳᠤᠷᠢᠳᠬᠤ ᠺᠠᠳ᠋ᠷᠴᠤᠳ ᠤᠨ ᠳᠠᠪᠰᠢᠵᠤ ᠪᠠᠭᠤᠵᠤ ᠪᠦᠷ ᠪᠤᠯᠬᠤ | ᠲᠣᠭᠲᠠᠭᠠᠯ ᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ | ᠢᠯᠡᠭᠦᠬᠡᠨ ᠪᠣᠳᠣᠯᠬᠢᠯᠠᠬᠤ᠂ ᠠᠰᠠᠭᠤᠳᠠᠯ ᠢ ᠢᠯᠡᠭᠦᠬᠡᠨ ᠰᠤᠳᠤᠯᠬᠤ ᠶᠢ ᠠᠬᠢᠭᠤᠯᠵᠤ᠂ ᠳᠠᠩᠰᠠ ᠮᠡᠳᠡᠭᠦᠯᠬᠦ ᠤᠬᠠᠮᠰᠠᠷ᠂ | ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ᠦᠷ᠎ᠡ ᠪᠦᠲᠦᠭᠡᠯ ᠤᠨ ᠤᠬᠠᠮᠰᠠᠷ ᠢᠶᠠᠷ ᠠᠵᠢᠯᠯᠠᠵᠤ᠂ ᠥᠷᠯᠥᠭᠡ | ᠦᠳᠡᠰᠢ ᠶᠢ ᠲᠡᠮᠡᠴᠡᠨ ᠤᠷᠤᠭᠰᠢᠯᠠᠵᠤ᠂ ᠵᠣᠭᠰᠣᠯ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠨᠢ ᠥᠷᠭᠡᠨ | ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯᠯᠠᠭᠠᠨ ᠤ ᠤᠬᠠᠮᠰᠠᠷ ᠪᠣᠯᠵᠠᠢ᠃ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠲᠤᠶᠢᠯ ᠢᠶᠠᠷ ᠬᠠᠯᠠᠮᠵᠢᠯᠠᠵᠤ᠂ ᠬᠦᠨᠳᠦ ᠬᠦᠰᠡᠯ | ᠨᠠᠶᠢᠳᠠᠯᠭ᠎ᠠ ᠲᠠᠯᠪᠢᠵᠤ ᠪᠤᠢ᠃ ᠪᠢᠳᠡ ᠡᠷᠬᠡᠪᠰᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ | ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠥᠪᠥᠷ ᠮᠣᠩᠭᠤᠯ ᠤᠨ | ᠶᠠᠪᠤᠳᠠᠯ ᠢ ᠨᠡᠩ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠣᠳᠠᠲᠠᠢ ᠠᠵᠢᠯ ᠪᠣᠳᠠᠲᠤ ᠠᠮᠵᠢᠯᠲᠠ ᠪᠠᠷ ᠢᠶᠠᠨ | ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ | ᠲᠤᠰᠢᠶᠠᠨ᠎ᠠ᠃ | ︵ᠤᠤᠯ ᠵᠣᠬᠢᠶᠠᠯ ᠢ 2024 ᠣᠨ ᠤ 7 ᠰᠠᠷ᠎ᠠ ᠶᠢᠨ 17 ᠤ ᠡᠳᠦᠷ ᠤᠨ ᠳᠤᠮᠳᠠᠳᠤ ᠤᠯᠤᠰ ᠤᠨ | ᠦᠨᠳᠦᠰᠦᠲᠡᠨ ᠤ ᠰᠦᠯᠵᠢᠶ᠎ᠡ ᠳᠤ ᠨᠡᠶᠢᠲᠡᠯᠡᠪᠡ︶ | | |