6 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠳ᠋ ᠲᠡᠷᠢᠭᠦᠯᠡᠭᠴᠢ | ᠨᠠᠷ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ᠂ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠡᠷᠡ ᠶᠣᠰᠣᠭᠠᠷ ᠨᠢ | ᠰᠠᠶᠢᠲᠤᠷ ᠠᠳᠬᠤᠬᠤ ᠬᠡᠷᠡᠭᠲᠡᠢ᠃ ᠨᠠᠮ ᠪᠠ ᠴᠡᠷᠢᠭ ᠠᠩᠭᠢ ᠶᠢᠨ ᠦᠢᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ | ᠣᠪᠣᠷ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ | ᠬᠤᠷᠠᠯ ᠠᠴᠠ ᠰᠤᠳᠤᠯᠤᠭᠰᠠᠨ ᠰᠠᠭᠤᠭ᠎ᠠ ᠴᠡᠷᠢᠭ ᠠᠩᠭᠢ ᠶᠢᠨ ᠰᠠᠨᠠᠯ ᠳᠤᠷᠠᠳᠤᠯᠭ᠎ᠠ ᠶᠢᠨ ᠠᠰᠠᠭᠤᠳᠠᠯ ᠢ ᠪᠥᠬᠦ | ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠠᠵᠢᠯ ᠢ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ᠂ ᠠᠵᠤ | ᠠᠬᠤᠶᠢᠯᠠᠯ᠂ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ᠪᠦᠰᠡᠯᠡᠯᠲᠡ ᠰᠢᠪᠲᠤᠯᠬᠤ︾ ᠳᠤ ᠬᠦᠴᠦ ᠪᠠᠨ ᠲᠥᠪᠯᠡᠷᠡᠭᠦᠯᠬᠦ ᠬᠡᠷᠡᠭᠲᠡᠢ᠃ ᠳᠡᠭᠡᠷ᠎ᠡ ᠬᠠᠭᠠᠰ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠳ᠋ᠦᠩᠨᠡᠵᠦ᠂ ᠳᠣᠣᠷ᠎ᠠ ᠬᠠᠭᠠᠰ ᠵᠢᠯ ᠤᠨ ᠠᠵᠢᠯ ᠢ | ᠰᠠᠶᠢᠲᠤᠷ ᠲᠥᠯᠥᠪᠵᠢᠭᠦᠯᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠲᠦᠷᠦᠯ ᠤᠨ | ᠬᠦᠷᠢᠶ᠎ᠡ ᠬᠡᠪᠴᠢᠶ᠎ᠡ ᠶᠣᠰᠣᠭᠠᠷ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ᠂ ᠢᠲᠡᠭᠡᠮᠵᠢᠲᠦ | ᠵᠢᠭᠡᠯᠡᠯᠭᠡ᠂ ᠳᠠᠮ ᠬᠦᠦ ᠮᠥᠩᠭᠦ ᠵᠡᠷᠭᠡ ᠲᠦᠷᠦ ᠶᠢᠨ ᠪᠣᠳᠣᠯᠭ᠎ᠠ ᠶᠢ ᠰᠠᠶᠢᠲᠤᠷ ᠰᠤᠳᠤᠯᠤᠨ ᠬᠡᠷᠡᠭᠯᠡᠵᠦ᠂ ᠤᠯᠠᠨ | ᠲᠦᠮᠡᠨ ᠤ ᠬᠡᠷᠡᠭᠯᠡᠭᠡᠨ ᠤ ᠬᠠᠲᠠᠭᠤ ᠲᠠᠯᠳᠡ ᠬᠦᠴᠦᠨ ᠢ ᠠᠭᠤᠳᠠᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ | ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠲᠦᠷᠦᠯ ᠵᠦᠢᠯ ᠤᠨ ᠲᠥᠯᠦᠪᠵᠢᠭᠦᠯᠭᠡ ᠪᠠᠨ ᠴᠢᠩᠭᠠᠳᠬᠠᠵᠤ᠂ | ᠲᠦᠷᠦᠯ ᠵᠦᠢᠯ ᠤᠨ ᠨᠥᠭᠡᠴᠡ ᠬᠥᠮᠥᠷᠭᠡ ᠶᠢ ᠦᠷᠭᠦᠯᠵᠢᠯᠡᠨ ᠰᠢᠨᠡᠴᠢᠯᠡᠵᠦ᠂ ᠠᠵᠤ ᠦᠢᠯᠡᠳᠪᠦᠷᠢ ᠶᠢᠨ | ᠬᠦᠷᠢᠶᠡᠨ ᠳᠠᠬᠢ ᠪᠡᠯᠡ ᠣᠷᠣᠭᠤᠯᠤᠯᠲᠠ ᠶᠢ ᠥᠷᠭᠡᠳᠬᠡᠵᠦ᠂ ᠣᠷᠣᠨ ᠨᠤᠲᠤᠭ ᠤᠨ ᠪᠠ ᠠᠵᠢᠯ ᠲᠦᠷᠦᠯ ᠤᠨ | ᠪᠠᠷᠢᠮᠵᠢᠶ᠎ᠠ ᠶᠢ ᠰᠠᠶᠢᠲᠤᠷ ᠲᠣᠭᠲᠠᠭᠠᠵᠤ ᠵᠠᠰᠠᠪᠤᠷᠢ ᠣᠷᠣᠭᠤᠯᠬᠤ ᠬᠡᠷᠡᠭᠲᠡᠢ᠃ ᠪᠦᠬᠦ ᠤᠯᠤᠰ ᠤᠨ ᠵᠠᠬ᠎ᠠ ᠳᠡᠯᠭᠡᠭᠦᠷ ᠤᠨ | ᠠᠵᠠ ᠲᠣᠬᠢᠶᠠᠯ ᠢ ᠰᠠᠶᠢᠲᠤᠷ ᠡᠵᠡᠮᠳᠡᠵᠦ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠂ ᠰᠠᠯᠬᠢᠨ ᠬᠦᠴᠦᠨ | ᠴᠠᠬᠢᠯᠭᠠᠨ ᠭᠡᠷᠡᠯᠴᠢ ᠴᠡᠨᠡᠭ ᠲᠣᠨᠣᠭᠯᠠᠯ ᠵᠡᠷᠭᠡ ᠳᠠᠪᠠᠭᠤᠯᠢᠭ ᠦᠢᠯᠡᠳᠬᠦᠨ ᠤ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ | ᠠᠬᠢᠭᠤᠯᠬᠤ ᠬᠡᠷᠡᠭᠲᠡᠢ᠃ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠳᠤ ᠬᠤᠯᠪᠣᠭᠳᠠᠬᠤ ᠲᠥᠬᠦᠭᠡᠷᠦᠮᠵᠢ ᠶᠢᠨ | ᠰᠢᠨᠡᠴᠢᠯᠡᠯᠲᠡ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠲᠣᠭᠲᠠᠴᠠ | ᠪᠠᠶᠢᠭᠤᠯᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠴᠢᠩᠭ᠎ᠠ ᠠᠳᠬᠤᠨ ᠪᠣᠳᠠᠲᠠᠢ ᠠᠳᠬᠤᠵᠤ᠂ ᠭᠦᠨᠵᠡᠭᠡᠢ | ᠨᠠᠷᠢᠯᠢᠭ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠂ | ᠨᠠᠶᠢᠳᠠᠪᠤᠷᠢᠵᠢᠭᠤᠯᠤᠭᠰᠠᠨ ᠨᠢ ᠪᠣᠳᠠᠲᠠᠢ ᠪᠢᠰᠢ᠂ ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ᠂ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠶᠠᠭᠠᠬᠢᠭᠰᠠᠨ ᠴᠤ ᠭᠠᠷᠴᠤ ᠪᠣᠯᠬᠤ ᠦᠭᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ | ᠵᠦᠢᠯ ᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠬᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ | ᠮᠣᠩᠭᠤᠯ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠰᠤᠳᠤᠯᠪᠠ᠃ | | |