ᠣᠶᠢᠷ᠎ᠠ ᠶᠢᠨ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠡᠶᠢᠭᠡᠮ ᠤᠨ ᠨᠡᠶᠢᠳᠡ ᠶᠢᠨ ᠡᠮᠬᠢ ᠳᠢᠭᠯᠢᠮ ᠪᠠ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠡᠮᠬᠢ ᠳᠢᠭᠯᠢᠮ ᠢ ᠦᠨᠡᠨ ᠬᠦ ᠬᠠᠮᠠᠭᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ | ᠦᠢᠯᠡ ᠠᠵᠢᠯᠯᠠᠭ᠎ᠠ ᠶᠢ ᠳᠦᠷᠢᠮᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠬᠥᠮᠥᠰ ᠤᠨ ᠬᠠᠤᠯᠢ ᠶᠣᠰᠣᠭᠠᠷ᠂ ᠡᠮᠬᠢ | ᠵᠢᠷᠤᠮ ᠲᠠᠢ ᠡᠷᠬᠡ ᠪᠠᠨ ᠬᠠᠮᠠᠭᠠᠯᠠᠬᠤ ᠶᠢ ᠵᠢᠯᠤᠭᠤᠳᠬᠤ ᠶᠢᠨ ᠲᠥᠯᠥᠭᠡ᠂ ᠤᠯᠠᠭᠠᠢ ᠬᠠᠮᠢᠶᠠᠷᠤᠯᠲᠠ ᠶᠢᠨ ᠣᠷᠣᠨ ᠤ | ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ | ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠢᠴᠢ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠬᠠᠮᠲᠤᠷᠠᠨ | ︽ᠤᠯᠠᠭᠠᠢ ᠬᠠᠮᠢᠶᠠᠷᠤᠯᠲᠠ ᠶᠢᠨ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠶᠢᠨ ᠳᠤᠮᠳᠠᠬᠢ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠪᠠ᠃ | ᠵᠠᠷᠯᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ | ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠵᠢᠴᠢ ᠬᠠᠮᠤᠭ ᠤᠨ ᠳᠡᠭᠡᠳᠦ ᠬᠠᠤᠯᠢ᠂ ᠬᠠᠮᠤᠭ ᠤᠨ ᠳᠡᠭᠡᠳᠦ | ᠪᠠᠶᠢᠴᠠᠭᠠᠬᠤ ᠬᠤᠷᠢᠶ᠎ᠠ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠨᠡᠶᠢᠲᠡᠯᠡᠭᠰᠡᠨ ᠬᠠᠮᠢᠶ᠎ᠠ ᠪᠦᠬᠦᠢ ᠵᠢᠯᠤᠭᠤᠳᠬᠤ | ᠰᠠᠨᠠᠯ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠪᠠᠷ ᠦᠨᠳᠦᠰᠦᠯᠡᠯ | ᠪᠣᠯᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠳᠤᠷᠠᠳᠤᠨ ᠭᠠᠷᠭᠠᠬᠤ᠂ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠰᠢᠢᠳᠬᠡᠬᠦ᠂ ᠦᠢᠯᠡ ᠪᠠᠶᠢᠳᠠᠯ ᠤᠨ ᠬᠦᠨᠳᠦ ᠬᠥᠩᠭᠡᠨ ᠢ ᠰᠢᠢᠳᠪᠦᠷᠢᠯᠡᠬᠦ᠂ ᠠᠯᠪᠠᠨ ᠲᠤᠰᠢᠶᠠᠯᠲᠠᠨ ᠪᠠ | ᠨᠠᠮ ᠤᠨ ᠭᠡᠰᠢᠭᠦᠨ ᠤ ᠲᠣᠭᠲᠠᠭᠠᠯ ᠢ ᠵᠥᠷᠢᠴᠡᠭᠰᠡᠨ ᠰᠢᠢᠳᠬᠡᠯ ᠥᠭᠬᠦ ᠵᠡᠷᠭᠡ ᠵᠢᠷᠭᠤᠭᠠᠨ ᠲᠠᠯ᠎ᠠ ᠪᠠᠷ ᠲᠣᠳᠣᠷᠬᠠᠢ | ᠲᠣᠭᠲᠠᠭᠠᠯ ᠭᠠᠷᠭᠠᠵᠠᠢ᠃ | ᠲᠤᠰ ᠵᠠᠷᠯᠠᠯ ᠨᠢ ᠲᠡᠭᠷᠢ ᠶᠢᠨ ᠲᠠᠯ᠎ᠠ ᠶᠢᠨ ᠤᠯᠠᠭᠠᠢ ᠲᠠᠯ᠎ᠠ ᠨᠤᠲᠤᠭ ᠤᠨ ᠤᠯᠠᠭᠠᠢ ᠤᠯᠤᠰ ᠲᠥᠷᠥ ᠬᠠᠤᠯᠢ | ᠴᠠᠭᠠᠵᠠ ᠵᠡᠷᠭᠡ ᠣᠯᠠᠨ ᠨᠡᠶᠢᠲᠡ ᠶᠢᠨ ᠳ᠋ᠤᠭᠠᠷ ᠵᠢᠴᠢ ᠨᠠᠶᠢᠵᠠ ᠶᠢᠨ ᠲᠣᠭᠤᠷᠢᠭ ᠲᠤ ᠤᠯᠠᠷᠢᠨ ᠰᠢᠯᠵᠢᠵᠦ᠂ | ᠣᠳᠣᠬᠠᠨ ᠳᠤ 1000 ᠭᠠᠷᠤᠢ ᠬᠥᠮᠥᠨ ᠤᠳᠠᠭ᠎ᠠ ᠤᠩᠰᠢᠯᠭ᠎ᠠ ᠬᠢᠵᠦ ᠪᠠᠶᠢᠨ᠎ᠠ᠃ |