ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠢᠦᠢ ᠸᠠᠨ ᠬᠠᠢ ᠥᠪᠥᠷ ᠮᠣᠩᠭᠤᠯ ᠤᠨ ᠤᠯᠠᠭᠠᠢ ᠶᠢᠨ ᠢᠦᠢ ᠷᠦᠨ ᠪᠡᠯᠡ ᠮᠥᠩᠭᠦ ᠬᠤᠷᠠᠮᠳᠤᠭᠤᠯᠬᠤ ᠪᠠᠲᠤᠯᠠᠭ᠎ᠠ ᠶᠢᠨ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/22

    7 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠤᠯᠠᠭᠠᠢ ᠬᠠᠮᠢᠶᠠᠷᠤᠯᠲᠠ ᠶᠢᠨ ᠣᠷᠣᠨ ᠤ ᠡᠳ᠋ ᠤᠨ

ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠤᠯᠤᠰ ᠤᠨ

ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠢᠦᠢ ᠸᠠᠨ ᠬᠠᠢ

ᠬᠠᠮᠢᠶᠠᠷᠤᠯᠲᠠ ᠶᠢᠨ ᠣᠷᠣᠨ ᠤ ᠢᠦᠢ ᠷᠦᠨ ᠪᠡᠯᠡ ᠣᠷᠣᠭᠤᠯᠵᠤ ᠪᠠᠲᠤᠯᠠᠬᠤ ᠺᠣᠮᠫᠠᠨᠢ ᠳᠤ ᠬᠦᠷᠴᠦ ᠪᠠᠶᠢᠴᠠᠭᠠᠨ

ᠰᠤᠳᠤᠯᠤᠯᠲᠠ ᠬᠢᠵᠦ᠂ ᠪᠠᠲᠤᠯᠠᠭ᠎ᠠ ᠶᠢᠨ ᠺᠣᠮᠫᠠᠨᠢ ᠶᠢᠨ ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ

ᠰᠣᠨᠣᠰᠴᠤ᠂ ᠬᠠᠮᠢᠶᠠᠷᠤᠯᠲᠠ ᠶᠢᠨ ᠣᠷᠣᠨ ᠤ ᠪᠠᠲᠤᠯᠠᠬᠤ ᠦᠢᠯᠡᠰ ᠤᠨ ᠦᠷᠬᠦᠯᠵᠢᠯᠡᠨ ᠡᠷᠡᠭᠦᠯ ᠢᠶᠠᠷ ᠬᠥᠭᠵᠢᠬᠦ ᠶᠢ

ᠠᠬᠢᠭᠤᠯᠬᠤ ᠲᠤᠬᠠᠢ ᠬᠦᠰᠡᠯ ᠱᠠᠭᠠᠷᠳᠠᠯᠭ᠎ᠠ ᠳᠤᠷᠠᠳᠴᠠᠢ᠃

    ᠢᠦᠢ ᠸᠠᠨ ᠬᠠᠢ ᠵᠢᠭᠠᠵᠤ ᠭᠠᠷᠭᠠᠭᠰᠠᠨ ᠨᠢ᠂ ᠺᠣᠮᠫᠠᠨᠢ ᠬᠡᠳᠦᠶᠢᠪᠡᠷ ᠪᠠᠶᠢᠭᠤᠯᠤᠭᠰᠠᠨ ᠴᠠᠭ ᠨᠢ ᠨᠡᠯᠢᠶᠡᠳ

ᠣᠬᠤᠷ ᠪᠣᠯᠪᠠᠴᠤ ᠬᠠᠤᠯᠢ ᠲᠣᠭᠲᠠᠭᠠᠯ ᠳᠤ ᠨᠡᠶᠢᠴᠡᠭᠰᠡᠨ ᠲᠣᠭᠲᠠᠭᠤᠨ ᠡᠵᠡᠩᠨᠡᠯᠲᠡ ᠬᠢᠵᠦ᠂ ᠠᠶᠤᠯ ᠲᠦᠭᠰᠢᠭᠦᠷᠢ ᠶᠢ

ᠴᠢᠩᠭ᠎ᠠ ᠡᠵᠡᠮᠳᠡᠭᠰᠡᠨ ᠪᠥᠭᠡᠳ ᠨᠡᠯᠢᠶᠡᠳ ᠰᠠᠶᠢᠨ ᠡᠵᠡᠩᠨᠡᠯᠲᠡ ᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃

ᠪᠠᠲᠤᠯᠠᠭ᠎ᠠ ᠶᠢᠨ ᠺᠣᠮᠫᠠᠨᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠵᠡᠩᠨᠡᠯᠲᠡ ᠶᠢᠨ ᠲᠣᠭᠲᠠᠴᠠ ᠶᠢ ᠤᠯᠠᠮ

ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠢᠦᠢ ᠸᠠᠨ ᠬᠠᠢ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠂

ᠨᠢᠭᠡ ᠳᠤ ᠺᠣᠮᠫᠠᠨᠢ ᠲᠤᠬᠠᠶᠢᠯᠠᠭᠰᠠᠨ ᠠᠵᠢᠯ ᠤᠨ ᠠᠵᠢᠯᠯᠠᠬᠤ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠯᠠᠪᠳᠠᠭᠤᠨ

ᠲᠣᠭᠲᠠᠭᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠶ ᠪᠠᠷ ᠠᠵᠢᠯ ᠢᠶᠠᠨ ᠥᠷᠨᠢᠭᠦᠯᠬᠦ ᠬᠡᠷᠡᠭᠲᠡᠢ᠃ ᠬᠤᠶᠠᠷ ᠲᠤ

ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠺᠣᠮᠫᠠᠨᠢ ᠶᠢ ᠵᠢᠯᠤᠭᠤᠳᠬᠤ ᠪᠠᠨ ᠴᠢᠩᠭᠠᠳᠬᠠᠵᠤ

ᠪᠠᠶᠢᠭᠠᠳ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠵᠦ᠂ ᠠᠵᠢᠯᠲᠠᠨ

ᠠᠵᠢᠯᠴᠢᠨ ᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃  ᠭᠤᠷᠪᠠ ᠳᠤ᠂ ᠠᠵᠢᠯᠲᠠᠨ ᠠᠵᠢᠯᠴᠢᠨ ᠤ ᠡᠩᠨᠡᠭᠡ ᠶᠢᠨ

ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠨ ᠠᠵᠢᠯᠴᠢᠨ ᠢ ᠬᠥᠮᠥᠵᠢᠭᠦᠯᠬᠦ ᠶᠢ ᠴᠢᠬᠤᠯᠠᠴᠢᠯᠠᠵᠤ᠂ ᠺᠣᠮᠫᠠᠨᠢ ᠶᠢᠨ

ᠵᠠᠯᠠᠭᠤ ᠠᠵᠢᠯᠲᠠᠨ ᠠᠵᠢᠯᠴᠢᠨ ᠤ ᠲᠤᠬᠠᠢ ᠲᠠᠨᠢᠯᠲᠠ ᠶᠢ ᠦᠷᠭᠦᠯᠵᠢᠯᠡᠨ ᠠᠳᠬᠤᠬᠤ ᠪᠠᠷ ᠪᠠᠷᠠᠬᠤ ᠦᠭᠡᠢ᠂ ᠲᠡᠳᠡᠨ ᠤ

ᠳᠠᠭᠠᠭᠠᠯᠲᠠ ᠶᠢᠨ ᠠᠵᠢᠯ ᠤᠨ ᠲᠤᠬᠠᠢ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠲᠡᠳᠡᠨ ᠤ ᠭᠠᠭᠴᠠᠭᠠᠷ ᠪᠠᠶᠢᠬᠤ

ᠴᠢᠳᠠᠪᠤᠷᠢ ᠶᠢ ᠬᠥᠮᠥᠵᠢᠭᠦᠯᠵᠦ᠂ ᠲᠡᠳᠡᠨ ᠤ ᠬᠥᠭᠵᠢᠯᠲᠡ ᠶᠢᠨ ᠣᠷᠣᠨ ᠵᠠᠢ ᠶᠢ ᠳᠡᠭᠡᠭᠰᠢᠯᠡᠭᠦᠯᠵᠦ᠂ ᠠᠵᠢᠯ ᠤᠨ

ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠢᠷᠠᠭᠤ ᠠᠯᠳᠠᠷᠲᠤ ᠰᠡᠳᠬᠢᠯᠭᠡ ᠪᠠᠨ ᠲᠠᠰᠤᠷᠠᠯᠲᠠ ᠦᠭᠡᠢ

ᠴᠢᠩᠭᠠᠳᠬᠠᠬᠤ ᠬᠡᠷᠡᠭᠲᠡᠢ᠃

    ᠢᠦᠢ ᠸᠠᠨ ᠬᠠᠢ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠪᠠᠲᠤᠯᠠᠭ᠎ᠠ ᠶᠢᠨ ᠺᠣᠮᠫᠠᠨᠢ ᠶᠢᠨ

ᠬᠥᠭᠵᠢᠯᠲᠡ ᠶᠢᠨ ᠱᠠᠲᠤᠨ ᠳᠤ ᠪᠠᠶᠢᠵᠤ᠂ ᠬᠥᠭᠵᠢᠯᠲᠡ ᠶᠢᠨ ᠳᠤᠮᠳᠠ ᠪᠠᠰᠠ ᠵᠠᠷᠢᠮ ᠬᠦᠴᠢᠷᠳᠡᠯ ᠪᠠ ᠬᠦᠷᠦᠯᠴᠡᠬᠦ

ᠦᠭᠡᠢ ᠲᠠᠯ᠎ᠠ ᠣᠷᠣᠰᠢᠵᠤ ᠪᠠᠶᠢᠨ᠎ᠠ᠃ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ᠳᠡᠭᠡᠳᠦ

ᠱᠠᠲᠤᠨ ᠤ ᠰᠠᠯᠠᠭ᠎ᠠ ᠮᠥᠴᠢᠷ ᠤᠨ ᠳᠠᠭᠠᠭᠠᠯᠲᠠ ᠶᠢᠨ ᠺᠣᠮᠫᠠᠨᠢ ᠡᠭᠦᠳᠦᠨ ᠪᠠᠶᠢᠭᠤᠯᠬᠤ ᠵᠣᠷᠢᠯᠲᠠ ᠶᠢᠨ ᠶᠣᠰᠣᠭᠠᠷ᠂

ᠲᠤᠬᠠᠶᠢᠯᠠᠭᠰᠠᠨ ᠠᠵᠢᠯ ᠤᠨ ᠬᠥᠭᠵᠢᠯᠲᠡ ᠪᠠ ᠲᠦᠭᠰᠢᠭᠦᠷᠢ ᠶᠢᠨ ᠬᠠᠮᠢᠶᠠᠷᠤᠯᠲᠠ ᠶᠢ ᠭᠠᠷ ᠳᠠᠮᠵᠢᠭᠰᠠᠨ ᠠᠳᠬᠤᠬᠤ ᠶᠢ

ᠪᠠᠷᠢᠮᠲᠠᠯᠠᠵᠤ᠂ ︽ᠠᠵᠢᠯᠯᠠᠭ᠎ᠠ ᠨᠢ ᠵᠢᠷᠤᠮᠵᠢᠭᠤᠨ᠂ ᠴᠢᠩᠭ᠎ᠠ ᠬᠢᠨᠠᠨ ᠬᠠᠷᠭᠤᠭᠤᠯᠵᠤ᠂ ᠲᠠᠰ ᠳᠠᠷᠠᠭᠠᠯᠠᠯ ᠨᠢ ᠬᠠᠤᠯᠢ ᠳᠤ

ᠨᠡᠶᠢᠴᠡᠬᠦ︾ ᠵᠠᠷᠴᠢᠮ ᠶᠣᠰᠣᠭᠠᠷ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠬᠦ

ᠳᠣᠲᠣᠭᠠᠳᠤ ᠡᠵᠡᠮᠳᠡᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠲᠣᠭᠲᠠᠴᠠ ᠶᠢᠨ ᠲᠠᠯ᠎ᠠ ᠠᠴᠠ ᠠᠶᠤᠯ

ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠺᠣᠮᠫᠠᠨᠢ ᠶᠢᠨ ᠦᠷᠭᠦᠯᠵᠢᠯᠡᠨ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠢ

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号