︽ᠠᠵᠤ ᠠᠬᠤᠢ ᠶᠢᠨ ᠪᠡᠶ᠎ᠡ ᠶᠢᠨ ᠪᠠᠶᠢᠴᠠᠭᠠᠯᠲᠠ︾ ᠬᠢᠭᠡᠳ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ | ᠶᠢ ᠤᠶᠠᠯᠳᠤᠭᠤᠯᠤᠭᠰᠠᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ | ᠬᠠᠮᠢᠶᠠᠷᠤᠯᠲᠠ ᠶᠢᠨ ᠣᠷᠣᠨ ᠤ ᠬᠢᠨᠠᠨ ᠪᠣᠳᠣᠬᠤ ᠲᠣᠪᠴᠢᠶ᠎ᠠ ᠪᠣᠯᠣᠨ ᠲᠣᠭᠤᠷᠢᠨ ᠪᠠᠶᠢᠴᠠᠭᠠᠬᠤ ᠠᠯᠪᠠᠨ ᠭᠡᠷ ︽ᠬᠢᠨᠠᠨ | ᠪᠠᠶᠢᠴᠠᠭᠠᠬᠤ ᠴᠠᠭᠳᠠᠨ ᠪᠠᠶᠢᠴᠠᠭᠠᠬᠤ ᠬᠤᠯᠪᠤᠭᠠᠯᠠᠨ ᠬᠥᠳᠡᠯᠦᠯᠴᠡᠬᠦ︾ ᠠᠵᠢᠯ ᠤᠨ ᠵᠠᠭᠪᠤᠷ ᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ᠬᠢᠨᠠᠯᠲᠠ ᠲᠠᠯᠪᠢᠬᠤ ᠠᠵᠢᠯ ᠤᠨ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠤᠨ᠂ | ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠪᠡ᠃ | ᠣᠶᠢᠷ᠎ᠠ ᠳᠤ᠂ ᠬᠢᠨᠠᠨ ᠪᠣᠳᠣᠬᠤ ᠲᠣᠪᠴᠢᠶ᠎ᠠ ᠬᠢᠨᠠᠨ ᠪᠣᠳᠣᠬᠤ ᠳᠤᠭᠤᠶᠢᠯᠠᠩ ᠲᠣᠮᠢᠯᠠᠵᠤ᠂ᠬᠠᠮᠢᠶᠠᠷᠤᠯᠲᠠ ᠶᠢᠨ | ᠣᠷᠣᠨ ᠤ ᠴᠠᠭᠳᠠᠨ ᠪᠠᠶᠢᠴᠠᠭᠠᠬᠤ ᠠᠯᠪᠠᠨ ᠭᠡᠷ ᠲᠠᠢ ᠬᠠᠮᠲᠤ ᠳᠤ ᠨᠢ ᠬᠢᠨᠠᠨ ᠪᠠᠶᠢᠴᠠᠭᠠᠬᠤ ᠲᠣᠭᠤᠷᠢᠨ ᠪᠠᠶᠢᠴᠠᠭᠠᠬᠤ | ᠨᠢᠭᠡᠴᠡ ᠳᠤ ᠣᠷᠣᠵᠤ᠂ ︽ᠬᠢᠨᠠᠨ ᠪᠠᠶᠢᠴᠠᠭᠠᠬᠤ ᠴᠠᠭᠳᠠᠨ ᠪᠠᠶᠢᠴᠠᠭᠠᠬᠤ ᠬᠤᠯᠪᠤᠭᠠᠯᠠᠨ ᠬᠥᠳᠡᠯᠦᠯᠴᠡᠬᠦ︾ ᠠᠩᠬᠠᠨ ᠤ | ᠦᠢᠯᠡᠳᠦᠯᠭᠡ ᠶᠢᠨ ᠰᠦᠪᠡᠭᠴᠢᠯᠡᠯᠲᠡ ᠬᠢᠪᠡ᠃ ᠬᠢᠨᠠᠨ ᠪᠠᠶᠢᠴᠠᠭᠠᠬᠤ ᠠᠵᠢᠯ ᠤᠨ ᠬᠤᠭᠤᠴᠠᠭᠠᠨ ᠳᠤ ᠬᠢᠨᠠᠨ ᠪᠤᠳᠤᠬᠤ | ᠳᠤᠭᠤᠶᠢᠯᠠᠩ ᠬᠢᠨᠠᠨ ᠪᠤᠳᠤᠬᠤ ᠤᠷ᠎ᠠ ᠮᠡᠷᠭᠡᠵᠢᠯ ᠪᠠ ᠠᠷᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠡᠳ᠋ ᠤᠨ ᠶᠠᠪᠤᠳᠠᠯ ᠤᠨ | ᠲᠤᠭ᠎ᠠ ᠪᠠᠷᠢᠮᠲᠠ ᠶᠢ ᠬᠢᠨᠠᠨ ᠪᠤᠳᠤᠬᠤ᠂ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠵᠠᠳᠠᠯᠬᠤ᠂ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠪᠠᠷ ᠳᠠᠮᠵᠢᠭᠤᠯᠤᠨ᠂ ᠬᠢᠨᠠᠨ ᠪᠤᠳᠤᠭᠳᠠᠵᠦ ᠪᠠᠶᠢᠭ᠎ᠠ ᠨᠢᠭᠡᠴᠢ ᠶᠢᠨ | ᠡᠳ᠋ ᠤᠨ ᠶᠠᠪᠤᠳᠠᠯ ᠬᠢᠭᠡᠳ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢᠨ ᠬᠤᠪᠢᠷᠠᠯᠲᠠ ᠶᠢᠨ ᠬᠠᠨᠳᠤᠰᠢ ᠶᠢᠨ | ᠬᠤᠯᠪᠣᠭᠳᠠᠯᠲᠤ ᠴᠢᠨᠠᠷ᠂ ᠲᠤᠬᠠᠶᠢᠯᠠᠭᠰᠠᠨ ᠠᠵᠢᠯ ᠤᠨ ᠬᠠᠤᠯᠢ ᠲᠣᠭᠲᠠᠭᠠᠯ ᠳᠤ ᠨᠡᠶᠢᠴᠡᠬᠦ ᠴᠢᠨᠠᠷ ᠢ ᠠᠩᠬᠠᠷᠤᠨ᠎ᠠ︔ | ᠲᠣᠭᠤᠷᠢᠨ ᠪᠠᠶᠢᠴᠠᠭᠠᠬᠤ ᠳᠤᠭᠤᠶᠢᠯᠠᠩ ᠨᠢ ᠮᠠᠲ᠋ᠧᠷᠢᠶᠠᠯ ᠢ ᠦᠵᠡᠬᠦ᠂ ᠶᠠᠷᠢᠯᠴᠠᠨ ᠣᠶᠢᠯᠠᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠡᠯ᠎ᠡ ᠵᠦᠢᠯ ᠤᠨ ᠠᠵᠢᠯ ᠥᠷᠨᠢᠭᠦᠯᠵᠦ | ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠵᠤ᠂ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠲᠠᠢ ᠬᠤᠯᠪᠣᠭ᠎ᠠ ᠲᠠᠢ | ᠬᠠᠷᠢᠴᠠᠭᠤᠯᠤᠯ ᠢᠶᠠᠨ ᠴᠢᠩᠭᠠᠳᠬᠠᠨ᠂ ᠵᠠᠩᠭᠢᠯᠠᠭ᠎ᠠ ᠶᠢᠨ ᠠᠰᠠᠭᠤᠳᠠᠯ ᠤᠨ ᠪᠠᠶᠢᠭ᠎ᠠ ᠭᠠᠵᠠᠷ ᠢ ᠡᠷᠢᠵᠦ᠂ ︽ᠲᠣᠭᠤᠷᠢᠨ | ᠪᠠᠶᠢᠴᠠᠭᠠᠬᠤ︾ ᠡᠷᠬᠡ ᠰᠦᠷ ᠪᠠ︽ᠬᠢᠨᠠᠬᠤ︾ ᠳᠠᠪᠠᠭᠤᠯᠢᠭ ᠢ ᠭᠦᠢᠴᠡᠳ ᠪᠠᠳᠠᠷᠠᠭᠤᠯᠪᠠ᠃ | ᠳᠠᠷᠠᠭᠠᠴᠢ ᠶᠢᠨ ᠠᠵᠢᠯ ᠤᠨ ᠳᠤᠮᠳᠠ ᠢᠵᠢᠯ ᠴᠢᠭᠯᠡᠯ ᠢᠶᠠᠷ ᠬᠦᠴᠦᠯᠡᠵᠦ᠂ ᠢᠵᠢᠯ ᠳᠠᠪᠲᠠᠮᠵᠢ ᠪᠠᠷ ᠦᠷ᠎ᠡ | ᠪᠦᠲᠦᠭᠡᠯ ᠢ ᠬᠠᠮᠲᠤᠪᠠᠷ ᠡᠳ᠋ᠯᠡᠵᠦ᠂ ᠬᠠᠮᠲᠤᠷᠠᠯ ᠤᠨ ᠬᠦᠴᠦᠨ ᠢ ᠴᠢᠨᠠᠭᠰᠢᠳᠠ ᠴᠢᠩᠭᠠᠳᠬᠠᠵᠤ᠂ 1+1>2 ᠳᠠᠪᠬᠤᠷ | ᠦᠷ᠎ᠡ ᠪᠦᠲᠦᠮᠵᠢ ᠶᠢ ᠪᠡᠶᠡᠯᠡᠭᠦᠯᠦᠨ᠎ᠡ᠃ |