ᠪᠠᠶᠠᠨᠬᠤᠰᠢᠭᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠡᠷᠬᠢᠯᠡᠭᠴᠢ ᠪᠠᠢ ᠶᠦᠨ ᠹᠧᠩ ᠭᠠᠴᠠᠭ᠎ᠠ ᠲᠣᠰᠬᠤᠨ ᠳᠤ ᠭᠦᠨᠵᠡᠭᠡᠶᠢᠷᠡᠨ ᠮᠠᠯᠵᠢᠬᠤ ᠲᠠᠷᠢᠶᠠᠯᠠᠬᠤ ᠣᠷᠣᠨ ᠤ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ | ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ ᠪᠦᠦ ᠱᠤᠸᠠᠩ ᠴᠧᠩ᠂ ᠪᠠᠯᠭᠠᠰᠤᠨ ᠤ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠶᠤᠸᠠᠢ ᠽᠢ ᠮᠢᠩ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠪᠠᠢ ᠶᠦᠨ ᠹᠧᠩ ᠤᠷᠢᠳ ᠬᠤᠵᠢᠳ ᠳᠡᠯᠭᠡᠷ ᠲᠣᠰᠬᠤᠨ᠂ ᠥᠨᠳᠥᠷ ᠣᠪᠣᠭ᠎ᠠ ᠲᠣᠰᠬᠤᠨ᠂ ᠤᠯᠠᠭᠠᠨᠬᠠᠳᠠ | ᠭᠠᠴᠠᠭ᠎ᠠ᠂ ᠰᠠᠷᠠᠨᠵᠤᠤ ᠲᠣᠰᠬᠤᠨ᠂ ᠤᠯᠠᠭᠠᠨ ᠴᠠᠪ ᠭᠠᠴᠠᠭ᠎ᠠ᠂ ᠴᠠᠭᠠᠨᠬᠠᠳᠠ ᠲᠣᠰᠬᠤᠨ᠂ ᠬᠤᠪᠣᠯᠴᠢᠨᠠᠭᠤᠯᠠ | ᠲᠣᠰᠬᠤᠨ ᠳᠤ ᠭᠦᠨᠵᠡᠭᠡᠶᠢᠷᠡᠵᠦ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠯ᠎ᠡ ᠴᠢᠳᠠᠪᠬᠢ ᠶᠢᠨ | ᠲᠠᠰᠤᠭ ᠪᠣᠯᠣᠨ ᠲᠥᠬᠦᠭᠡᠷᠦᠮᠵᠢ ᠶᠢ ᠪᠠᠶᠢᠴᠠᠭᠠᠨ ᠦᠵᠡᠬᠦ᠂ ᠬᠦᠴᠢᠷ ᠵᠠᠮ ᠤᠨ ᠬᠡᠰᠡᠭ ᠢ ᠲᠤᠬᠠᠢ ᠶᠢᠨ ᠭᠠᠵᠠᠷ ᠲᠤᠨᠢ | ᠣᠶᠢᠯᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠭᠠᠴᠠᠭ᠎ᠠ ᠲᠣᠰᠬᠤᠨ ᠤ ᠨᠠᠮ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ᠂ ︽ᠬᠤᠶᠠᠷ ᠵᠥᠪᠯᠡᠯ︾ ᠤᠨ ᠪᠠᠭ ᠤᠨ | ᠠᠵᠢᠯᠯᠠᠭᠠᠨ ᠤ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠥᠷᠨᠢᠭᠦᠯᠦᠭᠰᠡᠨ ᠪᠠᠶᠢᠳᠠᠯ᠂ ᠭᠠᠴᠠᠭ᠎ᠠ | ᠲᠣᠰᠬᠤᠨ ᠤ ᠬᠠᠮᠲᠤ ᠶᠢᠨ ᠡᠳ᠋ ᠬᠥᠷᠥᠩᠭᠡ ᠵᠢᠴᠢ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠣᠳᠣᠬᠢ | ᠪᠠᠶᠢᠳᠠᠯ᠂ ᠨᠠᠮ ᠤᠨ ᠪᠠᠶᠢᠭᠤᠯᠤᠯᠲᠠ ᠪᠠᠷ ᠲᠦᠷᠦᠯ ᠲᠡᠮᠳᠡᠭ ᠢ ᠡᠭᠦᠳᠦᠨ ᠪᠠᠶᠢᠭᠤᠯᠬᠤ᠂ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠭᠠᠴᠠᠭ᠎ᠠ ᠲᠣᠰᠬᠤᠨ ᠳᠤ ᠲᠤᠯᠭᠠᠷᠠᠭᠰᠠᠨ | ᠬᠦᠴᠢᠷᠳᠡᠯ ᠪᠣᠯᠣᠨ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠪᠠ᠃ | ᠪᠠᠢ ᠶᠦᠨ ᠹᠧᠩ ᠴᠢᠬᠤᠯᠠᠴᠢᠯᠠᠭᠰᠠᠨ ᠨᠢ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠦᠭᠡᠢ | ᠴᠢᠩᠭᠠᠳᠬᠠᠵᠤ᠂ ᠤᠳᠤᠷᠢᠳᠬᠤ ᠪᠠᠭ ᠢ ᠠᠳᠬᠤᠵᠤ ᠡᠩᠨᠡᠭᠡ ᠶᠢ ᠳᠠᠶᠢᠴᠢᠯᠠᠬᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠪᠠᠷ ᠳᠠᠮᠵᠢᠭᠤᠯᠵᠤ᠂ ᠨᠠᠮ ᠤᠨ ᠪᠠᠶᠢᠭᠤᠯᠤᠯᠲᠠ ᠶᠢᠨ | ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ | ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠨᠠᠮ ᠤᠨ ᠪᠠᠶᠢᠭᠤᠯᠤᠯᠲᠠ ᠶᠢᠨ ᠠᠵᠢᠯ ᠢ ︽ᠨᠢᠭᠡ ᠲᠣᠰᠬᠤᠨ ᠨᠢᠭᠡ ᠲᠦᠷᠦᠯ ᠲᠡᠮᠳᠡᠭ︾ ᠤᠨ ᠪᠠᠶᠢᠭᠤᠯᠤᠯᠲᠠ ᠶᠢᠨ ᠪᠦᠬᠦ | ᠶᠠᠪᠤᠴᠠ ᠳᠤ ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠵᠤ᠂ ᠡᠬᠢ ᠪᠠᠶᠠᠯᠢᠭ ᠢ ᠨᠡᠶᠢᠳᠬᠡᠵᠦ᠂ ᠬᠦᠴᠦᠨ ᠢ ᠨᠢᠭᠲᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠲᠤᠰ ᠭᠠᠴᠠᠭ᠎ᠠ ᠲᠣᠰᠬᠤᠨ ᠤ ᠭᠤᠣᠯᠯᠠᠭᠴᠢ ᠠᠵᠤ ᠦᠢᠯᠡᠰ ᠤᠨ ᠲᠦᠷᠦᠯ ᠲᠡᠮᠳᠡᠭ ᠢ ᠡᠭᠦᠳᠴᠦ᠂ | ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠪᠠ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ | ᠪᠠᠶᠢᠭᠤᠯᠵᠤ ᠬᠠᠮᠲᠤᠪᠠᠷ ᠠᠰᠢᠭ ᠬᠦᠷᠳᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠭᠠᠴᠠᠭ᠎ᠠ ᠲᠣᠰᠬᠤᠨ ᠤ ᠬᠠᠮᠲᠤ ᠶᠢᠨ | ᠡᠳ᠋ ᠬᠥᠷᠥᠩᠭᠡ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠵᠠᠬ᠎ᠠ ᠳᠡᠯᠭᠡᠭᠦᠷ ᠤᠨ ᠪᠠᠶᠢᠳᠠᠯ ᠤᠨ | ᠬᠤᠪᠢᠷᠠᠯᠲᠠ ᠶᠢ ᠢᠳᠡᠪᠬᠢᠲᠡᠢ ᠠᠷᠭᠠᠴᠠᠨ᠂ ᠰᠡᠳᠬᠢᠮᠵᠢ ᠪᠠᠨ ᠤᠯᠠᠮ ᠨᠢᠭᠡ ᠠᠯᠬᠤᠮ ᠥᠷᠭᠡᠳᠬᠡᠵᠦ᠂ ᠬᠠᠮᠲᠤ ᠶᠢᠨ | ᠠᠵᠤ ᠠᠬᠤᠢ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠴᠢᠭᠯᠡᠯ ᠪᠠ ᠠᠬᠢᠭᠤᠯᠬᠤ ᠠᠷᠭ᠎ᠠ ᠵᠠᠮ ᠢ | ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ | ᠪᠣᠯᠣᠨ ᠣᠨᠴᠠᠭᠠᠢ ᠬᠦᠴᠢᠷᠳᠡᠯᠲᠡᠢ ᠬᠥᠮᠥᠰ ᠤᠨ ᠠᠰᠠᠭᠤᠳᠠᠯ᠂ ᠭᠤᠣᠯ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ | ᠡᠵᠡᠮᠰᠢᠵᠦ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠤᠯᠠᠨ ᠲᠦᠮᠡᠨ ᠤ ᠠᠵᠢᠯ ᠢ | ᠦᠨᠡᠨᠬᠦ ᠰᠠᠶᠢᠲᠤᠷ ᠬᠢᠬᠦ ᠬᠡᠷᠡᠭᠲᠡᠢ᠃ ᠨᠡᠶᠢᠭᠡᠮ ᠤᠨ ᠲᠣᠭᠲᠠᠭᠤᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠮᠠᠯᠴᠢᠨ ᠲᠠᠷᠢᠶᠠᠴᠢᠨ ᠤ ᠦᠵᠡᠯ ᠰᠠᠨᠠᠭᠠᠨ ᠤ ᠪᠠᠶᠢᠳᠠᠯ ᠢ ᠦᠷᠭᠦᠯᠵᠢᠯᠡᠨ ᠠᠩᠬᠠᠷᠴᠤ᠂ ᠵᠠᠬᠢᠳᠠᠯ ᠰᠣᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠠᠰᠠᠭᠤᠳᠠᠯ ᠢ ᠢᠳᠡᠪᠬᠢᠲᠡᠢ ᠪᠠᠷ | ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ | ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ | | |