7 ᠰᠠᠷ᠎ᠠ ᠶᠢᠨ 20 ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ︽ᠤᠯᠠᠭᠠᠢ ᠶᠢᠨ ᠭᠤᠣᠯ ᠳᠤ | ᠣᠶᠢᠷᠠᠳᠴᠤ ᠶᠠᠪᠠᠭᠠᠨ ᠢᠶᠠᠷ ᠮᠥᠷᠳᠡᠬᠦ ᠠᠶᠠᠯᠠᠯ︾ ᠪᠣᠯᠵᠣᠨ ᠡᠬᠢᠯᠡᠵᠦ᠂ ᠶᠠᠪᠠᠭᠠᠨ ᠪᠠᠭ᠋ᠠᠲᠠᠳ ᠤᠯᠠᠭᠠᠢ ᠶᠢᠨ ᠲᠠᠯ᠎ᠠ | ᠨᠤᠲᠤᠭ ᠲᠤ ᠴᠤᠭᠯᠠᠷᠠᠨ ᠬᠠᠶᠢᠨ ᠰᠦᠪᠡᠭᠴᠢᠯᠡᠬᠦ ᠠᠶᠠᠨ ᠡᠬᠢᠯᠡᠪᠡ᠃ | ᠲᠣᠰ ᠤᠳᠠᠭᠠᠨ ᠤ ᠠᠵᠢᠯᠯᠠᠭ᠎ᠠ ᠨᠢ ᠤᠯᠠᠭᠠᠢ ᠴᠠᠨ᠎ᠠ ᠴᠡᠴᠡᠭ ᠤᠨ ᠬᠥᠨᠳᠡᠢ ᠶᠢᠨ ᠦᠵᠡᠮᠵᠢ ᠶᠢᠨ ᠣᠷᠣᠨ ᠳᠤ | ᠬᠥᠰᠢᠭᠡ ᠪᠠᠨ ᠰᠡᠬᠦᠵᠦ᠂ ᠬᠠᠮᠢᠶᠠᠷᠤᠯᠲᠠ ᠶᠢᠨ ᠣᠷᠣᠨ ᠤ ᠤᠳᠤᠷᠢᠳᠤᠯᠭ᠎ᠠ ᠴᠠᠩ ᠱᠧᠩ᠂ ᠭᠤᠤ ᠸᠧᠨ ᠪᠢᠩ᠂ ᠵᠢᠶᠠ | ᠹᠧᠩ ᠶᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ | ᠶᠠᠪᠠᠭᠠᠨ ᠵᠢᠭᠤᠯᠴᠢᠯᠠᠯ ᠤᠨ ᠠᠵᠤ ᠠᠬᠤᠶᠢᠯᠠᠯ᠂ ᠲᠤᠰᠬᠠᠢ ᠮᠡᠷᠭᠡᠵᠢᠯ ᠤᠨ ᠶᠠᠪᠠᠭᠠᠨ ᠬᠥᠮᠥᠨ ᠵᠡᠷᠭᠡ 80 ᠭᠠᠷᠤᠢ | ᠬᠥᠮᠥᠨ ᠠᠵᠢᠯᠯᠠᠭ᠎ᠠ ᠳᠤ ᠣᠷᠣᠯᠴᠠᠵᠤ᠂ ᠡᠭᠦᠨ ᠳᠤ ᠬᠠᠮᠤᠭ ᠤᠨ ᠪᠠᠭ᠎ᠠ ᠣᠷᠣᠯᠴᠠᠭᠴᠢ ᠨᠢ 8 ᠨᠠᠰᠤ ᠲᠠᠢ᠃ ᠲᠣᠰ | ᠤᠳᠠᠭᠠᠨ ᠤ ᠶᠠᠪᠠᠭᠠᠨ ᠶᠠᠪᠤᠬᠤ ᠵᠢᠭᠤᠯᠴᠢᠯᠠᠯ ᠤᠨ ᠴᠠᠭ ᠨᠢ 7 ᠰᠠᠷ᠎ᠠ ᠶᠢᠨ 20 ᠤ ᠡᠳᠦᠷ ᠠᠴᠠ 22 ᠤᠨ ᠡᠳᠦᠷ | ᠪᠣᠯᠲᠠᠯ᠎ᠠ᠂ ᠴᠠᠨ᠎ᠠ ᠴᠡᠴᠡᠭ ᠤᠨ ᠬᠥᠨᠳᠡᠢ ᠶᠢᠨ ᠦᠵᠡᠮᠵᠢ ᠶᠢᠨ ᠣᠷᠣᠨ ᠤ ᠵᠡᠭᠦᠨᠰᠢ ᠪᠠᠷᠤᠭ 5 ᠺᠢᠯᠣᠮᠧᠲᠷ ᠢᠶᠠᠷ | ᠭᠠᠷᠤᠭ᠎ᠠ ᠪᠣᠯᠭᠠᠵᠤ᠂ ᠰᠢᠯᠢᠮᠳᠡᠭ ᠤᠨ ᠴᠡᠴᠡᠭ ᠤᠨ ᠲᠡᠯᠡᠶ ᠶᠢᠨ ᠬᠤᠸᠠᠷᠠᠨ᠂ ᠤᠯᠠᠭᠠᠨᠬᠠᠳᠠ ᠭᠠᠴᠠᠭ᠎ᠠ ᠶᠢᠨ ᠬᠥᠩᠭᠡᠨ | ᠬᠡᠭᠡᠨᠴᠢᠷ ᠭᠠᠵᠠᠷ᠂ ᠲᠠᠯ᠎ᠠ ᠨᠤᠲᠤᠭ ᠤᠨ ᠭᠦᠨ ᠳᠠᠬᠢ ᠮᠠᠯᠴᠢᠨ ᠠᠶᠢᠯ ᠤᠨ ᠭᠡᠷ ᠵᠡᠷᠭᠡ ᠭᠠᠵᠠᠷ ᠢᠶᠠᠷ ᠥᠩᠭᠡᠷᠡᠵᠦ᠂ ᠪᠥᠬᠦ | ᠣᠷᠳᠣ ᠨᠢ 66 ᠺᠢᠯᠣᠮᠧᠲᠷ ᠪᠣᠯᠣᠨ᠎ᠠ᠃ | ᠮᠣᠷᠳᠠᠬᠤ ᠳᠣᠬᠢᠶ᠎ᠠ ᠬᠠᠩᠭᠢᠨᠠᠬᠤ ᠶᠢ ᠳᠠᠭᠠᠯᠳᠤᠨ᠂ ᠭᠡᠰᠢᠭᠦᠳ ᠢᠳᠡᠷᠡᠭᠦᠨ ᠠᠯᠬᠤᠭ᠎ᠠ ᠪᠠᠷ ᠠᠶᠠᠨ ᠵᠠᠮ ᠢᠶᠠᠨ | ᠡᠬᠢᠯᠡᠭᠦᠯᠵᠦ᠂ ᠡᠮᠬᠢ ᠴᠡᠭᠴᠡ ᠲᠠᠢ ᠡᠩᠨᠡᠭᠡ ᠤᠷᠲᠤ ᠯᠤᠤ ᠮᠡᠲᠦ ᠮᠣᠷᠳᠠᠵᠤ᠂ ᠮᠤᠷᠤᠢ ᠰᠠᠷᠤᠢ ᠤᠷᠤᠭᠰᠢᠯᠠᠵᠤ᠂ ᠲᠠᠯᠠᠪᠠᠢ | ᠰᠦᠷᠯᠢᠭ ᠰᠠᠶᠢᠬᠠᠨ ᠪᠠᠶᠢᠯ᠎ᠠ᠃ ᠤᠯᠠᠨ ᠢᠶᠠᠷ ᠢᠶᠠᠨ ᠬᠠᠷᠢᠯᠴᠠᠨ ᠵᠣᠷᠢᠭᠵᠢᠭᠤᠯᠵᠤ᠂ ᠬᠠᠷᠢᠯᠴᠠᠨ ᠬᠠᠪᠰᠤᠷᠤᠯᠴᠠᠵᠤ᠂ | ᠣᠶᠢᠷ᠎ᠠ ᠵᠠᠢ ᠠᠴᠠ ᠲᠠᠯ᠎ᠠ ᠨᠤᠲᠤᠭ ᠤᠨ ᠰᠢᠨ᠎ᠡ ᠰᠡᠪᠡᠭᠦᠨ ᠪᠠ ᠴᠡᠪᠡᠷ ᠴᠡᠮᠴᠡᠭᠡᠷ ᠪᠠᠶᠢᠳᠠᠯ ᠢ ᠣᠶᠢᠯᠠᠭᠠᠵᠤ᠂ | ᠶᠠᠪᠠᠭᠠᠨ ᠢᠶᠠᠷ ᠪᠡᠶ᠎ᠡ ᠪᠠᠨ ᠴᠢᠭᠢᠷᠠᠭᠵᠢᠭᠤᠯᠬᠤ ᠠᠴᠠ ᠪᠣᠯᠤᠭᠰᠠᠨ ᠪᠠᠶᠠᠷ ᠪᠠᠭ᠋ᠠᠳᠤᠯ ᠢ ᠡᠳ᠋ᠯᠡᠵᠦ ᠪᠠᠶᠢᠨ᠎ᠠ᠃ ᠡᠭᠦᠨ ᠤ | ᠬᠠᠮᠲᠤ᠂ ᠠᠩᠭᠢ ᠶᠢᠨ ᠭᠡᠰᠢᠭᠦᠳ ᠴᠤᠤᠷᠢᠶ᠎ᠠ ᠪᠤᠰᠢᠭᠤ ᠭᠠᠷ᠂ ᠬᠠᠷᠠᠭᠠᠨ ᠳᠠᠪᠲᠠᠮᠵᠢ ᠶᠢᠨ ᠳ᠋ᠤᠭᠠᠷ ᠵᠡᠷᠭᠡ ᠰᠢᠨ᠎ᠡ | ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠠᠶᠠᠨ ᠵᠠᠮ ᠤᠨ ᠭᠤᠸ᠎ᠠ ᠰᠠᠶᠢᠬᠠᠨ᠂ ᠶᠠᠪᠠᠭᠠᠨ ᠶᠠᠪᠤᠬᠤ ᠳᠤᠷ᠎ᠠ | ᠪᠠᠬ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠤᠯᠠᠭᠠᠢ ᠶᠢᠨ ᠲᠠᠯ᠎ᠠ ᠨᠤᠲᠤᠭ ᠤᠨ ᠭᠤᠶᠣ ᠰᠠᠶᠢᠬᠠᠨ ᠪᠠᠶᠢᠭᠠᠯᠢ ᠶᠢᠨ | ᠥᠩᠭᠡ ᠦᠵᠡᠮᠵᠢ ᠪᠠ ᠶᠠᠪᠠᠭᠠᠨ ᠬᠥᠮᠥᠨ ᠤ ᠨᠤᠭᠤᠷᠠᠰᠢ ᠦᠭᠡᠢ ᠵᠣᠷᠢᠭ ᠰᠠᠨᠠᠭ᠎ᠠ ᠶᠢ ᠬᠦᠴᠦᠲᠡᠢ ᠳᠡᠯᠭᠡᠨ | ᠦᠵᠡᠭᠦᠯᠵᠦ᠂ ᠶᠠᠪᠠᠭᠠᠨ ᠢᠶᠠᠷ ᠮᠥᠷᠳᠡᠬᠦ ᠠᠵᠢᠯᠯᠠᠭ᠎ᠠ ᠶᠢ ᠬᠥᠮᠥᠰ ᠤᠨ ᠠᠩᠬᠠᠷᠤᠯ ᠢ ᠶᠡᠬᠡᠳᠡ ᠲᠠᠲᠠᠪᠠ᠃ |