ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/7/23

    7 ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ

ᠬᠤᠷᠢᠶ᠎ᠠ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ

ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ

ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ

ᠱᠤᠤ ᠴᠧᠩ ᠬᠤᠷᠠᠯ ᠢ ᠡᠷᠭᠢᠯᠡᠪᠡ᠃

    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ

ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂

ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ

ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠃ ᠪᠦᠭᠦᠳᠡ

ᠬᠤᠷᠠᠯ ᠠᠴᠠ ᠪᠠᠲᠤᠯᠠᠭᠰᠠᠨ ︽ᠲᠣᠭᠲᠠᠭᠠᠯ︾᠎ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ

ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ

ᠭᠦᠨᠵᠡᠭᠡᠶᠢᠷᠡᠭᠦᠯᠬᠦ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ᠂ ᠴᠢᠬᠤᠯᠠ ᠶᠡᠭᠡ ᠵᠠᠷᠴᠢᠮ ᠢ

ᠲᠣᠳᠣᠷᠬᠠᠶᠢᠯᠠᠵᠤ᠂ ᠢᠷᠡᠭᠡᠳᠦᠢ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ

ᠭᠤᠣᠯᠳᠠᠯᠭ᠎ᠠ ᠲᠠᠢ ᠪᠠᠶᠢᠷᠢᠯᠠᠭᠤᠯᠵᠤ᠂ ᠰᠢᠨ᠎ᠡ ᠠᠶᠠᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ

ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠠᠢ᠃ ᠪᠢᠳᠡ

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠲᠠᠢ ᠤᠶᠠᠯᠳᠤᠭᠤᠯᠵᠤ᠂ ︽ᠲᠣᠭᠲᠠᠭᠠᠯ︾ ᠪᠣᠯᠣᠨ ᠶᠡᠷᠦᠩᠬᠡᠢ

ᠱᠦᠵᠢ ᠰᠢ ᠶᠢᠨ ᠫᠢᠩ ᠤᠨ ︽ᠲᠣᠭᠲᠠᠭᠠᠯ ︵ᠶᠠᠷᠢᠯᠴᠠᠬᠤ ᠨᠣᠣᠷᠠᠭ︶︾᠎ ᠤᠨ ᠲᠤᠬᠠᠢ ᠲᠣᠳᠣᠷᠬᠠᠶᠢᠯᠠᠯᠲᠠ ᠶᠢ ᠲᠡᠷᠡ

ᠬᠡᠪ ᠢᠶᠠᠷ ᠨᠢ ᠰᠤᠳᠤᠯᠤᠨ ᠤᠩᠰᠢᠵᠤ᠂ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂

ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ

ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ᠂ ᠪᠣᠳᠠᠲᠤ

ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠠᠵᠢᠯ ᠢ ᠰᠠᠶᠢᠲᠤᠷ

ᠠᠳᠬᠤᠬᠤ ᠬᠡᠷᠡᠭᠲᠡᠢ᠃ ᠡᠯ᠎ᠡ ᠱᠠᠲᠤᠨ ᠤ ᠬᠢᠨ ᠨᠠᠷᠢᠨ ᠬᠢᠨᠠᠮᠠᠭᠠᠢ ᠲᠥᠯᠥᠪᠵᠢᠭᠦᠯᠵᠦ᠂ ᠲᠦᠷᠭᠡᠨ ᠬᠥᠳᠡᠯᠦᠯᠴᠡᠵᠦ᠂

ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠡᠭᠦᠷ ᠪᠦᠷᠢ᠂ ᠨᠠᠮ ᠤᠨ ᠭᠡᠰᠢᠭᠦᠨ ᠪᠦᠷᠢ ᠳᠤ ᠴᠠᠭ ᠲᠤᠬᠠᠢ

᠎ ᠳᠤᠨᠢ ᠤᠯᠠᠮᠵᠢᠯᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠪᠦᠭᠦᠨ ᠢ ᠪᠦᠷᠬᠦᠭᠦᠯᠦᠨ ᠠᠬᠢᠭᠤᠯᠬᠤ

ᠬᠡᠷᠡᠭᠲᠡᠢ ᠭᠡᠵᠦ ᠵᠢᠭᠠᠵᠤ  ᠭᠠᠷᠭᠠᠵᠠᠢ᠃

    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠠ

ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠪᠦᠭᠦ ᠨᠠᠮ ᠪᠦᠭᠦ ᠤᠯᠤᠰ ᠤᠨ

ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ

ᠥᠷᠢᠰᠦᠯᠳᠦᠭᠡᠨ ᠢ ᠠᠷᠭᠠᠴᠠᠭᠠᠵᠤ᠂ ᠮᠠᠰᠢ ᠤᠯᠠᠨ ᠶᠡᠭᠡ ᠶᠠᠪᠤᠳᠠᠯ ᠬᠦᠴᠢᠷ ᠶᠠᠪᠤᠳᠠᠯ ᠴᠢᠬᠤᠯᠠ ᠶᠠᠪᠤᠳᠠᠯ ᠢ

ᠪᠦᠲᠦᠭᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠢᠯᠡᠳᠲᠡ ᠠᠮᠵᠢᠯᠲᠠ ᠣᠯᠵᠤ᠂

ᠬᠥᠮᠥᠰ ᠤᠨ ᠰᠡᠳᠬᠢᠯ ᠢ ᠶᠡᠭᠡ ᠪᠠᠷ ᠬᠥᠭᠵᠢᠭᠡᠵᠦ᠂ ᠡᠷᠴᠢ ᠵᠣᠷᠢᠭ ᠢ ᠬᠥᠪᠴᠢᠯᠡᠵᠦ᠂ ᠬᠦᠴᠦᠨ ᠴᠢᠳᠠᠯ ᠢ

ᠨᠢᠭᠲᠠᠷᠠᠭᠤᠯᠪᠠ᠃ ᠵᠢᠯ ᠭᠠᠷᠤᠢ ᠶᠢᠨ ᠦᠢᠯᠡᠳᠦᠯᠭᠡ ᠳᠠᠬᠢᠨᠲᠠ ᠭᠡᠷᠡᠴᠢᠯᠡᠭᠰᠡᠨ ᠨᠢ᠂ ᠮᠠᠨ ᠤ ᠨᠠᠮ ᠤᠨ ᠤᠳᠤᠷᠢᠳᠤᠯᠭ᠎ᠠ

ᠤᠯᠠᠮ ᠠᠴᠠ ᠤᠯᠠᠮ ᠪᠠᠲᠤ ᠴᠢᠩᠭ᠎ᠠ ᠪᠣᠯᠵᠤ᠂ ᠨᠡᠶᠢᠭᠡᠮ ᠵᠢᠷᠤᠮ ᠤᠨ ᠪᠠᠶᠢᠭᠤᠯᠤᠯ ᠤᠯᠠᠮ ᠠᠴᠠ ᠤᠯᠠᠮ ᠪᠠᠬᠢᠵᠢᠵᠦ᠂

ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠯᠠᠮ ᠠᠴᠠ ᠤᠯᠠᠮ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ

ᠤᠯᠠᠮ ᠠᠴᠠ ᠤᠯᠠᠮ ᠲᠣᠭᠲᠠᠭᠤᠨ ᠪᠣᠯᠵᠠᠢ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠤ ᠦᠨᠳᠦᠰᠦ ᠨᠢ

ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ

ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ ᠭᠡᠵᠦ ᠵᠢᠭᠠᠵᠤ ᠭᠠᠷᠭᠠᠪᠠ᠃

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ

ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠠᠵᠢᠯ ᠢ ᠯᠠᠪᠳᠠᠭᠤᠨ

ᠪᠠᠲᠤᠲᠠᠢ ᠰᠠᠶᠢᠲᠤᠷ ᠬᠢᠬᠦ ᠬᠡᠷᠡᠭᠲᠡᠢ᠃ ᠪᠦᠭᠦ ᠣᠷᠣᠨ ᠤ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ

ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠬᠤᠯᠪᠣᠭᠳᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ

ᠡᠭᠦᠷᠭᠡᠯᠡᠵᠦ᠂ ᠪᠦᠬᠦᠯᠢ ᠴᠣᠭᠴᠠ ᠪᠠᠷ ᠠᠬᠢᠭᠤᠯᠬᠤ ᠶᠢ ᠪᠠᠷᠢᠮᠲᠠᠯᠠᠨ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ

ᠵᠣᠷᠢᠭᠵᠢᠭᠤᠯᠵᠤ᠂ ᠨᠠᠩ ᠶᠡᠭᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠵᠢᠯ ᠤᠨ ᠡᠬᠢᠨ ᠳᠤ

ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠵᠡᠮᠳᠡᠵᠦ᠂ ︽ᠵᠢᠷᠭᠤᠭᠠᠨ ᠢᠨᠵᠧᠨᠧᠷᠢᠩ︾᠎ ᠢ

ᠬᠡᠷᠡᠭᠵᠢᠭᠦᠯᠬᠦ ᠪᠠᠷ ᠭᠠᠷᠳᠠᠴᠠ ᠪᠣᠯᠭᠠᠨ ︽ᠲᠠᠪᠤᠨ ᠶᠡᠭᠡ ᠡᠭᠦᠷᠭᠡ︾᠎ ᠶᠢᠨ ᠨᠠᠩ ᠣᠯᠠᠨ ᠦᠷ᠎ᠡ ᠪᠦᠲᠦᠭᠡᠯ ᠣᠯᠬᠤ ᠶᠢ

ᠠᠬᠢᠭᠤᠯᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠨ ᠵᠢᠱᠢᠶᠡᠴᠢ ᠥᠪᠡᠷᠲᠡᠭᠡᠨ ᠵᠠᠰᠠᠬᠤ

ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠰᠢᠨ᠎ᠡ

ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠰᠢᠨ᠎ᠡ ᠠᠬᠢᠴᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ᠃

︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠳ᠋ᠦᠩᠨᠡᠯᠲᠡ ᠦᠨᠡᠯᠡᠯᠲᠡ ᠪᠠ ︽ᠠᠷᠪᠠᠨ

ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠶᠢ ᠱᠠᠯᠠᠪᠳᠠᠨ

ᠠᠬᠢᠭᠤᠯᠵᠤ᠂ ᠨᠠᠩ ᠣᠯᠠᠨ ᠴᠢᠬᠤᠯᠠ ᠶᠡᠭᠡ ᠲᠥᠷᠥᠯ ᠵᠦᠢᠯ ᠢ ᠤᠯᠤᠰ ᠤᠨ ︽ᠶᠡᠭᠡ ᠲᠠᠯ᠎ᠠ︾᠎ ᠳᠤ ᠣᠷᠣᠭᠤᠯᠬᠤ ᠪᠠᠷ

ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃

    ᠬᠤᠷᠠᠯ ᠠᠴᠠ ︽ᠦᠨᠡᠨ︾ ᠰᠡᠳᠬᠦᠯ ᠤᠨ 2024 ᠣᠨ ᠤ 14 ᠳ᠋ᠦ᠋ᠭᠡᠷ ᠬᠤᠭᠤᠴᠠᠭᠠᠨ ᠳᠤ ᠨᠡᠶᠢᠲᠡᠯᠡᠭᠰᠡᠨ

ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ

ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠮᠠᠨ ᠤ

ᠤᠯᠤᠰ ᠤᠨ ᠬᠥᠭᠵᠢᠯᠲᠡ ᠶᠢᠨ ᠣᠯᠣᠭᠰᠠᠨ ᠶᠡᠷᠦ ᠪᠤᠰᠤ ᠶᠢᠨ ᠠᠮᠵᠢᠯᠲᠠ ᠳᠤᠮᠳᠠ ᠠᠴᠠ ᠣᠶᠤᠨ ᠤᠬᠠᠭᠠᠨ ᠪᠠ

ᠬᠦᠴᠦᠨ ᠴᠢᠳᠠᠯ ᠣᠯᠵᠤ᠂ ᠬᠥᠭᠵᠢᠯᠲᠡ ᠶᠢᠨ ᠢᠲᠡᠭᠡᠯ ᠪᠠ ᠵᠣᠷᠢᠭ ᠢᠶᠠᠨ ᠨᠡᠮᠡᠭᠳᠡᠭᠦᠯᠵᠦ᠂ ᠥᠷᠭᠡᠨ ᠣᠯᠠᠨ ᠨᠠᠮ ᠤᠨ

ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠶ ᠪᠤᠯᠭᠠᠵᠤ᠂ ︽ᠰᠢᠢᠳᠪᠦᠷᠢᠯᠡᠬᠦ

ᠰᠡᠳᠬᠢᠬᠦᠢ︾᠎ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠲᠦᠰᠢᠭᠯᠡᠨ ᠠᠵᠢᠯ ᠤᠨ ᠰᠢᠨ᠎ᠡ

ᠪᠠᠶᠢᠳᠠᠯ ᠢ ᠨᠡᠭᠡᠭᠡᠵᠦ᠂ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ

ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ

ᠨᠠᠢᠮᠠᠳᠤᠭᠠᠷ ᠪᠦᠭᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃

ᠬᠤᠷᠠᠯ ᠠᠴᠠ᠂ ᠪᠦᠭᠦᠳᠡ ᠬᠤᠷᠠᠯ ᠢ 7 ᠰᠠᠷ᠎ᠠ ᠶᠢᠨ 29᠎ ᠤ ᠡᠳᠦᠷ ᠠᠴᠠ 31᠎ ᠤ ᠡᠳᠦᠷ ᠪᠤᠯᠲᠠᠯ᠎ᠠ ᠭᠦᠭᠡᠬᠤᠲᠠ ᠳᠤ

ᠬᠤᠷᠠᠯᠳᠤᠭᠤᠯᠬᠤ ᠪᠠᠷ ᠲᠣᠭᠲᠠᠵᠤ᠂ ᠭᠤᠣᠯ ᠡᠭᠦᠷᠭᠡ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ

ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ

ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ

ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ

ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ

ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃

    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠦᠨᠡᠨᠴᠢ

ᠢᠲᠡᠭᠡᠮᠵᠢ ᠶᠢᠨ ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾᠎ ᠢ ᠰᠤᠳᠤᠯᠪᠠ᠃

    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号