ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢᠨ ᠲᠠᠰᠢᠷᠠᠮ ᠢᠶᠠᠷ᠂ ᠪᠦᠬᠦ | ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠤᠷᠠᠯ ᠬᠢᠬᠦ᠂ ᠶᠣᠰᠣᠯᠠᠯ ᠶᠠᠪᠤᠭᠳᠠᠭᠤᠯᠬᠤ᠂ ᠭᠡᠷ | ᠲᠤᠨᠢ ᠬᠦᠷᠴᠦ ᠰᠤᠷᠪᠤᠯᠵᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠨᠠᠮ ᠳᠤ ᠡᠯᠰᠡᠭᠳᠡᠭᠡᠳ 50 ᠵᠢᠯ ᠪᠣᠯᠵᠤ᠂ | ᠢᠮᠠᠭᠲᠠ ᠢᠯᠡᠷᠡᠯ ᠰᠠᠶᠢᠲᠠᠢ 1.29 ᠲᠦᠮᠡᠨ ᠠᠬᠠᠮᠠᠳ ᠨᠠᠮ ᠤᠨ ᠭᠡᠰᠢᠭᠦᠨ ᠳᠤ ︽ᠨᠠᠮ ᠤᠨ ᠭᠡᠰᠢᠭᠦᠨ ᠪᠣᠯᠤᠭᠰᠠᠨ | ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠣᠯᠭᠤᠪᠠ᠃ | ᠳᠤᠷᠠᠰᠬᠠᠯ ᠤᠨ ᠲᠡᠮᠳᠡᠭ ᠬᠦᠷᠲᠡᠭᠰᠡᠨ ᠠᠬᠠᠮᠠᠳ ᠨᠠᠮ ᠤᠨ ᠭᠡᠰᠢᠭᠦᠳ᠂ ︽ᠨᠠᠮ ᠤᠨ ᠭᠡᠰᠢᠭᠦᠨ ᠪᠣᠯᠤᠭᠰᠠᠨ | ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠶᠢᠨ ᠠᠬᠠᠮᠠᠳ ᠨᠠᠮ ᠤᠨ ᠭᠡᠰᠢᠭᠦᠨ ᠳᠤ ᠥᠭᠭᠦᠭᠰᠡᠨ ᠬᠠᠶᠢᠷ᠎ᠠ ᠬᠠᠯᠠᠮᠵᠢ ᠶᠢ ᠳᠠᠮᠵᠢᠭᠤᠯᠵᠠᠢ᠂ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠵᠤ᠂ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠨᠠᠮ ᠳᠤ | ᠣᠷᠣᠬᠤ ᠲᠠᠩᠭᠠᠷᠢᠭ ᠢᠶᠠᠨ ᠦᠯᠦ ᠮᠠᠷᠲᠠᠵᠤ᠂ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ | ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠷᠡᠰ ᠭᠤᠶᠢᠪᠢᠰᠢ ᠦᠭᠡᠢ ᠪᠠᠷ ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ | ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠶᠢ ᠦᠢᠯᠡᠳᠦᠯᠭᠡᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠪᠢᠴᠢᠭᠯᠡᠬᠦ ᠠᠬᠢᠴᠠ ᠳᠤᠮᠳᠠ ᠦᠷᠭᠦᠯᠵᠢᠯᠡᠨ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠢᠯᠡᠳᠬᠡᠪᠡ᠃ | | |