ᠰᠢᠨᠬᠤᠸᠠ ᠬᠤᠷᠢᠶᠠᠨ ᠤ ᠮᠡᠳᠡᠭᠡ ᠮᠠᠨ ᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠳᠠᠭᠠᠳᠬᠠᠯ ᠤᠨ ᠰᠢᠰᠲ᠋ᠧᠮ ᠤᠨ ᠭᠤᠷᠪᠠᠳᠤᠭᠠᠷ ᠲᠤᠯᠭᠠᠭᠤᠷᠢ ᠶᠢᠨ ᠴᠢᠬᠤᠯᠠ ᠳᠦᠷᠢᠮ ᠤᠨ ᠵᠢᠷᠤᠭ ᠲᠥᠯᠥᠪᠯᠡᠭᠡ | ᠪᠣᠯᠤᠭᠰᠠᠨ ᠤ ᠬᠤᠪᠢ ᠳᠤ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ 36 | ᠬᠤᠲᠠ ᠪᠠ ᠭᠠᠵᠠᠷ ᠣᠷᠣᠨ ᠳᠤ ᠤᠷᠢᠳᠠᠪᠠᠷ ᠬᠡᠷᠡᠭᠵᠢᠭᠦᠯᠦᠭᠡᠳ ᠨᠢᠭᠡᠨᠲᠡ ᠵᠢᠯ ᠭᠠᠷᠤᠢ ᠪᠣᠯᠵᠠᠢ᠃ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠤᠭ ᠤᠨ ᠰᠢᠨ᠎ᠡ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠣᠳᠣᠬᠠᠨ ᠳᠤ ᠨᠢᠭᠡᠨᠲᠡ 6000 ᠭᠠᠷᠤᠢ ᠲᠦᠮᠡᠨ ᠬᠥᠮᠥᠨ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠡᠩᠰᠠᠨ ᠡᠷᠦᠬᠡ ᠶᠢ ᠨᠡᠭᠡᠭᠡᠭᠰᠡᠨ ᠪᠠᠶᠢᠨ᠎ᠠ᠃ | ᠤᠯᠤᠰ ᠤᠨ ᠨᠡᠶᠢᠭᠡᠮ ᠤᠨ ᠳᠠᠭᠠᠳᠬᠠᠯ ᠤᠨ ᠤᠯᠠᠨ ᠨᠠᠶᠢᠳᠠ ᠶᠢᠨ ᠦᠢᠯᠡᠴᠢᠯᠡᠭᠡᠨ ᠤ ᠲᠠᠪᠴᠠᠩ ᠤᠨ | ᠨᠡᠶᠢᠲᠡᠯᠡᠭᠰᠡᠨ ᠮᠡᠳᠡᠭᠡ ᠵᠠᠩᠭᠢ ᠠᠴᠠ ᠦᠵᠡᠪᠡᠯ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠲᠤᠰᠬᠠᠢ ᠵᠦᠢᠯ ᠤᠨ ᠦᠢᠯᠡᠳᠬᠦᠨ ᠳᠤ ᠬᠥᠷᠥᠩᠭᠡ ᠠᠬᠤᠶᠢᠯᠠᠬᠤ᠂ ᠬᠠᠳᠠᠭᠠᠯᠠᠮᠵᠢ᠂ ᠳᠠᠭᠠᠳᠬᠠᠯ᠂ ᠰᠠᠭᠤᠷᠢ ᠮᠥᠩᠭᠦ | ᠵᠡᠷᠭᠡ ᠳᠥᠷᠪᠡᠨ ᠲᠥᠷᠥᠯ ᠪᠠᠭᠲᠠᠨ᠎ᠠ᠃ ᠣᠲᠣ ᠪᠣᠯᠲᠠᠯ᠎ᠠ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠲᠤᠰᠬᠠᠢ ᠵᠦᠢᠯ ᠤᠨ ᠦᠢᠯᠡᠳᠬᠦᠨ 762 ᠪᠠᠶᠢᠵᠤ᠂ ᠡᠭᠦᠨ ᠳᠤ ᠬᠠᠳᠠᠭᠠᠯᠠᠮᠵᠢ ᠶᠢᠨ ᠦᠢᠯᠡᠳᠬᠦᠨ | 465᠂ ᠰᠠᠭᠤᠷᠢ ᠮᠥᠩᠭᠦ ᠶᠢᠨ ᠦᠢᠯᠡᠳᠬᠦᠨ 192᠂ ᠳᠠᠭᠠᠳᠬᠠᠯ ᠤᠨ ᠦᠢᠯᠡᠳᠬᠦᠨ 82᠂ ᠬᠥᠷᠥᠩᠭᠡ ᠠᠬᠤᠶᠢᠯᠠᠬᠤ | ᠦᠢᠯᠡᠳᠬᠦᠨ 23 ᠪᠤᠢ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠳᠦᠷᠢᠮ ᠨᠢ ᠠᠳᠠᠯᠢ ᠪᠤᠰᠤ ᠨᠠᠰᠤᠨ ᠤ ᠬᠥᠮᠥᠰ ᠢ ᠲᠠᠲᠠᠬᠤ ᠬᠦᠴᠦᠨ ᠨᠢ ᠠᠳᠠᠯᠢ ᠪᠤᠰᠤ ᠶᠢᠨ ᠪᠠᠶᠢᠳᠠᠭ᠃ 31 | ᠨᠠᠰᠤᠨ ᠠᠴᠠ 40 ᠨᠠᠰᠤᠨ ᠤ ᠬᠤᠭᠤᠷᠤᠨᠳᠤᠬᠢ ᠳᠤᠮᠳᠠ ᠪᠠ ᠥᠨᠳᠥᠷ ᠣᠷᠣᠯᠭ᠎ᠠ ᠲᠠᠢ ᠬᠥᠮᠥᠰ ᠪᠣᠯ ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠤᠨ ᠳᠠᠩᠰᠠᠨ ᠡᠷᠦᠬᠡ ᠨᠡᠭᠡᠭᠡᠬᠦ᠂ ᠰᠦᠢᠳᠬᠡᠯ ᠲᠤᠰᠢᠶᠠᠬᠤ ᠪᠠ | ᠦᠢᠯᠡᠳᠬᠦᠨ ᠬᠤᠳᠠᠯᠳᠤᠨ ᠠᠪᠬᠤ ᠭᠤᠣᠯ ᠬᠦᠴᠦᠨ ᠮᠥᠨ᠂ ᠲᠡᠳᠡᠨ ᠤ ᠠᠩᠬᠠᠷᠤᠯ ᠢ ᠲᠠᠲᠠᠵᠤ ᠪᠠᠶᠢᠭ᠎ᠠ ᠭᠤᠣᠯ | ᠰᠢᠯᠲᠠᠭᠠᠨ ᠪᠣᠯ ︽ᠠᠵᠢᠯ ᠤᠨ ᠠᠮᠠᠷᠠᠯᠲᠠ ᠪᠠᠨ ᠠᠪᠴᠤ ᠨᠠᠰᠤᠵᠢᠯ ᠤᠨ ᠠᠰᠠᠷᠠᠮᠵᠢ ᠳᠠᠭᠠᠨ ᠪᠡᠯᠡᠳᠬᠡᠯ ᠬᠢᠬᠦ︾ ᠪᠠ | ︽ᠭᠠᠶᠢᠯᠢ ᠶᠢ ᠲᠤᠯᠭᠠᠨ ᠥᠭᠬᠦ︾ ᠶᠠᠪᠤᠳᠠᠯ ᠪᠣᠯᠣᠨ᠎ᠠ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠯᠡᠷᠬᠡᠶᠢᠯᠡᠬᠦ ᠳᠡᠭᠡᠨ᠂ | ᠲᠠᠷᠠᠭᠠᠴᠢ ᠶᠢᠨ ᠠᠯᠬᠤᠮ ᠳᠤ ᠭᠤᠷᠪᠠᠳᠤᠭᠠᠷ ᠲᠤᠯᠭᠠᠭᠤᠷᠢ ᠬᠦᠴᠦᠨ ᠪᠣᠯᠬᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢ ᠢᠳᠡᠪᠬᠢᠲᠡᠢ ᠬᠥᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠡᠭᠦᠨ ᠤ ᠪᠦᠷᠬᠦᠭᠦᠯᠬᠦ ᠨᠤᠷᠮ᠎ᠠ ᠪᠠ ᠰᠦᠢᠳᠬᠡᠯ ᠲᠤᠰᠢᠶᠠᠬᠤ | ᠲᠦᠪᠰᠢᠨ ᠢ ᠲᠡᠭᠡᠭᠰᠢᠯᠡᠬᠦᠯᠦᠨ᠎ᠡ᠃ ︵ᠰᠤᠷᠪᠤᠯᠵᠢᠯᠠᠭᠴᠢ ᠵᠢᠶᠠᠩ ᠯᠢᠨ︶ | | |