ᠣᠶᠢᠷ᠎ᠠ ᠳᠤ᠂ ᠮᠠᠨ ᠤ ᠠᠶᠢᠮᠠᠭ ︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠭᠦᠨᠵᠡᠭᠡᠢ | ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠡᠨᠡ ᠵᠢᠯ ᠪᠠ ᠢᠷᠡᠬᠦ ᠵᠢᠯ ᠳᠤ ᠮᠠᠨ ᠤ | ᠠᠶᠢᠮᠠᠭ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ᠂ ᠪᠣᠷᠣᠯᠠᠭᠤᠯᠬᠤ ᠪᠠ ᠨᠡᠷᠡᠳᠦ ᠲᠡᠮᠳᠡᠭ ᠤᠨ ᠪᠠᠶᠢᠭᠤᠯᠤᠯᠲᠠ ᠶᠢ | ᠤᠯᠠᠮ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ ᠭᠡᠵᠦ | ᠲᠣᠳᠣᠷᠬᠠᠢ ᠲᠣᠭᠲᠠᠭᠠᠪᠠ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ᠂ ᠮᠠᠨ ᠤ ᠠᠶᠢᠮᠠᠭ ︽ᠡᠷᠦᠭᠡ ᠳᠤ ᠲᠡᠵᠢᠭᠡᠨ ᠦᠷᠡᠵᠢᠭᠦᠯᠵᠦ | ᠠᠵᠤ ᠠᠬᠤᠶᠢᠯᠠᠯ ᠳᠤ ᠪᠣᠷᠳᠣᠨ ᠲᠠᠷᠭᠤᠯᠠᠭᠤᠯᠬᠤ︾ ᠬᠠᠮᠲᠤᠷᠠᠯᠴᠠᠭᠠᠨ ᠤ ᠵᠠᠭᠪᠤᠷ ᠢ ᠵᠣᠷᠢᠭᠵᠢᠭᠤᠯᠵᠤ᠂ | ᠲᠡᠵᠢᠭᠡᠨ ᠦᠷᠡᠵᠢᠭᠦᠯᠬᠦ ᠡᠷᠦᠬᠡ ᠶᠢᠨ ᠲᠤᠭᠤᠯ ᠳᠤᠰᠴᠦ᠂ ᠠᠶᠢᠮᠠᠭ ᠤᠨ ᠳᠣᠲᠣᠷᠠᠬᠢ ᠲᠤᠭᠤᠯ ᠪᠣᠷᠳᠣᠨ | ᠲᠠᠷᠭᠤᠯᠠᠭᠤᠯᠬᠤ ᠲᠠᠯᠠᠪᠠᠶ ᠳᠤ ᠬᠤᠳᠠᠯᠳᠤᠨ ᠥᠭᠬᠦ᠂ ᠪᠣᠷᠳᠣᠨ ᠲᠠᠷᠭᠤᠯᠠᠭᠤᠯᠬᠤ ᠳᠠᠯᠠᠪᠠᠢ ᠶᠢᠨ ᠳᠤᠭᠤᠯ ᠬᠤᠳᠠᠯᠳᠤᠨ | ᠠᠪᠴᠤ ᠪᠣᠷᠳᠣᠨ ᠲᠠᠷᠭᠤᠯᠠᠭᠤᠯᠬᠤ ᠶᠢ ᠢᠳᠡᠪᠬᠢᠲᠡᠢ ᠬᠥᠲᠥᠯᠥᠨ ᠵᠢᠯᠣᠭᠤᠳᠤᠨ᠎ᠠ︔ ᠵᠣᠬᠢᠬᠤ ᠬᠡᠪᠴᠢᠶ᠎ᠡ ᠪᠠᠷ ᠮᠢᠬᠠᠨ | ᠤ ᠦᠬᠡᠷ ᠪᠣᠷᠳᠣᠨ ᠲᠠᠷᠭᠤᠯᠠᠭᠤᠯᠬᠤ ᠶᠢ ᠵᠣᠷᠢᠭᠵᠢᠭᠤᠯᠵᠤ᠂ ᠠᠶᠢᠮᠠᠭ ᠤᠨ ᠳᠣᠲᠣᠷᠠᠬᠢ ᠪᠣᠷᠳᠣᠨ ᠲᠠᠷᠭᠤᠯᠠᠭᠤᠯᠬᠤ | ᠠᠵᠤ ᠠᠬᠤᠶᠢᠯᠠᠯ ᠤᠨ ᠲᠠᠩᠰᠠ ᠡᠪᠬᠡᠮᠡᠯ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠠᠶᠢᠮᠠᠭ ᠤᠨ | ᠳᠣᠲᠣᠷᠠᠬᠢ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠲᠠᠯᠠᠪᠠᠶ ᠨᠢ ᠪᠣᠷᠳᠣᠨ ᠲᠠᠷᠭᠤᠯᠠᠭᠤᠯᠤᠭᠰᠠᠨ ᠦᠬᠡᠷ ᠢᠶᠠᠨ | ᠠᠶᠢᠮᠠᠭ ᠤᠨ ᠳᠣᠲᠣᠷᠠᠬᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠬᠤᠳᠠᠯᠳᠤᠪᠠᠯ ᠨᠥᠬᠦᠪᠦᠷᠢ | ᠣᠯᠭᠤᠨ᠎ᠠ︔ ᠠᠶᠢᠮᠠᠭ ᠤᠨ ᠳᠣᠲᠣᠭᠠᠳᠤ ᠶᠢᠨ ᠠᠵᠤ ᠠᠬᠤᠶᠢᠯᠠᠯ ᠤᠨ ᠨᠠᠷᠢᠯᠢᠭ ᠭᠦᠨᠵᠡᠭᠡᠢ ᠡᠳ᠋ᠰᠢᠭᠦᠯᠦᠨ | ᠪᠤᠯᠪᠠᠰᠤᠷᠠᠭᠤᠯᠬᠤ ᠶᠢ ᠳᠡᠮᠵᠢᠵᠦ᠂ ᠠᠶᠢᠮᠠᠭ ᠤᠨ ᠳᠣᠲᠣᠭᠠᠳᠤ ᠳᠤ ᠪᠣᠷᠳᠣᠨ ᠲᠠᠷᠭᠤᠯᠠᠭᠤᠯᠤᠭᠰᠠᠨ ᠦᠬᠡᠷ ᠢ ᠵᠢᠯ ᠳᠤ | 2000 ᠠᠴᠠ ᠳᠡᠭᠡᠭᠰᠢ ᠨᠢᠲᠤᠯᠵᠤ ᠡᠳ᠋ᠰᠢᠭᠦᠯᠦᠭᠰᠡᠨ ᠠᠵᠤ ᠠᠬᠤᠶᠢᠯᠠᠯ ᠢ 100 ᠲᠦᠮᠡᠨ ᠲᠥᠭᠦᠷᠢᠭ ᠢᠶᠠᠷ | ᠱᠠᠩᠨᠠᠵᠤ᠂100 ᠦᠬᠡᠷ ᠨᠡᠮᠡᠭᠳᠡᠭᠦᠯᠬᠦ ᠪᠣᠯᠭᠠᠨ ᠢᠯᠡᠭᠦᠦ 5 ᠲᠦᠮᠡᠨ ᠲᠥᠭᠦᠷᠢᠭ ᠢᠶᠠᠷ ᠱᠠᠩᠨᠠᠨ᠂ ᠱᠠᠩᠨᠠᠯ ᠤᠨ | ᠮᠥᠩᠭᠦ ᠶᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠮᠢᠬᠠᠨ ᠤ | ᠦᠬᠡᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠠᠶᠢᠮᠠᠭ ᠤᠨ ᠳᠣᠲᠣᠷ᠎ᠠ ᠪᠣᠷᠳᠣᠵᠤ ᠲᠠᠷᠭᠤᠯᠠᠭᠤᠯᠤᠭᠰᠠᠨ ᠦᠬᠡᠷ ᠢ ᠨᠢᠲᠤᠯᠵᠤ ᠡᠳ᠋ᠰᠢᠭᠦᠯᠦᠭᠰᠡᠨ ᠮᠥᠷᠲᠡᠭᠡᠨ C | ᠦᠵᠦᠭᠦᠷ ᠤᠨ ᠪᠣᠷᠤᠯᠠᠭᠤᠯᠭ᠎ᠠ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ ᠰᠢᠯᠢ ᠶᠢᠨ ᠭᠤᠣᠯ ᠬᠤᠨᠢᠨ ᠤ ᠡᠷᠬᠡ ᠶᠢ | ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠬᠦᠢᠲᠡᠨ ᠬᠡᠯᠬᠢᠶᠡᠲᠦ ᠲᠡᠭᠡᠭᠡᠪᠦᠷᠢ ᠪᠠ | ᠬᠡᠷᠡᠭᠯᠡᠭᠴᠢ ᠠᠴᠠ ᠬᠠᠮᠤᠭ ᠤᠨ ᠣᠶᠢᠷᠠᠬᠠᠨ ᠬᠥᠮᠥᠷᠭᠡ ᠶᠢ ᠤᠷᠢᠳ ᠢᠶᠠᠷ ᠬᠡᠷᠡᠭᠯᠡᠭᠦᠯᠦᠨ᠎ᠡ᠃ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠯ᠎ᠠ ᠪᠠᠷ᠂ ᠮᠥᠩᠭᠦᠨ ᠭᠦᠢᠯᠭᠡᠭᠡ᠂ ᠢᠲᠡᠭᠡᠮᠵᠢ ᠶᠢᠨ ᠳᠠᠭᠠᠭᠠᠨ | ᠪᠠᠲᠤᠯᠠᠭ᠎ᠠ ᠶᠢᠨ ᠪᠠᠶᠢᠭᠤᠯᠤᠮᠵᠢ ᠶᠢ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ | ᠭᠦᠢᠯᠭᠡᠭᠡᠨ ᠤ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠪᠡᠯᠡ ᠬᠤᠷᠠᠮᠳᠤᠭᠤᠯᠭ᠎ᠠ ᠶᠢᠨ ᠥᠪᠡᠷ ᠤᠨ ᠦᠷᠳᠡᠭ ᠢ | ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠬᠡᠪᠴᠢᠶᠡᠵᠢᠭᠰᠡᠨ ᠮᠢᠬᠠᠨ ᠤ ᠦᠬᠡᠷ ᠲᠡᠵᠢᠭᠡᠨ | ᠦᠷᠡᠵᠢᠭᠦᠯᠬᠦ ᠠᠵᠤ ᠠᠬᠤᠶᠢᠯᠠᠯ ᠪᠣᠯᠣᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠬᠠᠷᠠᠭᠠᠯᠵᠠᠯᠲᠤ ᠵᠢᠭᠡᠯᠡᠯᠭᠡ | ᠡᠷᠡᠮᠡᠯᠵᠡᠬᠦ ᠳᠤ ᠰᠢᠯᠢ ᠶᠢᠨ ᠭᠤᠣᠯ ᠬᠤᠨᠢᠨ ᠤ ᠡᠷᠬᠡ ᠶᠢ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ | ᠨᠥᠬᠦᠴᠡᠯ ᠢᠶᠠᠷ ᠤᠷᠢᠳ ᠢᠶᠠᠷ ᠳᠡᠮᠵᠢᠨ᠎ᠡ᠃ ᠵᠢᠭᠡᠯᠡᠯᠭᠡ ᠶᠢᠨ ᠮᠥᠩᠭᠦᠨ ᠤ ᠲᠤᠭ᠎ᠠ ᠶᠢ ᠪᠣᠷᠳᠣᠨ ᠲᠠᠷᠭᠤᠯᠠᠭᠤᠯᠬᠤ ᠪᠠ | ᠨᠢᠲᠤᠯᠵᠤ ᠡᠳ᠋ᠰᠢᠭᠦᠯᠬᠦ ᠪᠣᠳᠠᠲᠠᠢ ᠲᠤᠭ᠎ᠠ ᠬᠡᠮᠵᠢᠶ᠎ᠡ ᠲᠠᠢ ᠬᠤᠯᠪᠣᠵᠤ᠂ ᠵᠢᠭᠡᠯᠡᠯᠭᠡ ᠶᠢᠨ ᠮᠥᠩᠭᠦ ᠶᠢ 3000 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠵᠤ᠂ ᠠᠷᠠᠳ ᠤᠨ ᠪᠠᠩᠬᠢ ᠶᠢᠨ ᠨᠡᠶᠢᠲᠡᠯᠡᠭᠰᠡᠨ ᠲᠤᠬᠠᠢ ᠶᠢᠨ | ᠬᠤᠭᠤᠴᠠᠭᠠᠨ ᠤ LPR ︵ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠦ ᠨᠣᠷᠮ᠎ᠠ︶ ᠠᠴᠠ ᠬᠡᠲᠦᠷᠡᠭᠦᠯᠬᠦ | ᠦᠭᠡᠢ ᠪᠠᠷ 50% ᠶᠢᠨ ᠬᠦᠦ ᠮᠥᠩᠭᠦ ᠶᠢ ᠨᠢ ᠣᠷᠣᠯᠠᠨ ᠥᠭᠭᠦᠨ᠎ᠡ᠃ | ᠠᠷᠠᠯᠵᠢᠶᠠᠴᠢᠨ ᠤᠷᠢᠵᠤ ᠪᠡᠯᠡ ᠲᠠᠲᠠᠬᠤ ᠲᠠᠯ᠎ᠠ ᠪᠠᠷ᠂ ᠮᠢᠬᠠᠨ ᠤ ᠦᠬᠡᠷ ᠤᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠮᠠᠨ ᠤ ᠠᠶᠢᠮᠠᠭ ᠤᠨ ᠠᠩᠭᠢᠰ ᠦᠬᠡᠷ ᠵᠢᠴᠢ | ᠸᠠᠬᠢᠶ᠋ᠢᠤ᠋ ᠦᠬᠡᠷ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ 1-2 ᠳᠡᠭᠡᠳᠦ ᠲᠠᠰ ᠤᠨ ᠮᠢᠬᠠᠨ ᠤ ᠦᠬᠡᠷ ᠤᠨ | ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ ᠭᠤᠣᠯᠳᠠᠯᠭ᠎ᠠ ᠲᠠᠢ ᠲᠠᠲᠠᠨ ᠣᠷᠣᠭᠤᠯᠵᠤ᠂ ᠠᠶᠢᠮᠠᠭ ᠤᠨ | ᠳᠣᠲᠣᠷ᠎ᠠ ᠪᠠᠨ ᠳᠡᠭᠡᠳᠦ ᠳᠡᠰ ᠤᠨ ᠦᠬᠡᠷ ᠤᠨ ᠮᠢᠬ᠎ᠠ ᠨᠠᠷᠢᠯᠢᠭ ᠡᠳ᠋ᠰᠢᠭᠦᠯᠦᠨ ᠪᠣᠷᠣᠯᠠᠭᠤᠯᠵᠤ᠂ ᠲᠡᠵᠢᠭᠡᠨ | ᠦᠷᠡᠵᠢᠭᠦᠯᠬᠦ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠮᠠᠨ ᠤ ᠠᠶᠢᠮᠠᠭ ᠤᠨ | ᠳᠡᠭᠡᠳᠦ ᠲᠠᠰ ᠤᠨ ᠮᠢᠬᠠᠨ ᠤ ᠦᠬᠡᠷ ᠤᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠳᠤ ᠰᠠᠶᠢᠨ ᠰᠠᠭᠤᠷᠢ | ᠲᠠᠯᠪᠢᠨ᠎ᠠ᠃ | | |