ᠤᠯᠠᠭᠠᠢ ᠬᠠᠮᠢᠶᠠᠷᠤᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠦᠶᠡᠷ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/7/24

    ᠣᠶᠢᠷ᠎ᠠ ᠶᠢᠨ ᠬᠤᠭᠤᠴᠠᠭᠠᠨ ᠳᠤ ᠬᠠᠮᠢᠶᠠᠷᠤᠯᠲᠠ ᠶᠢᠨ ᠣᠷᠣᠨ ᠤ ᠬᠤᠷ᠎ᠠ ᠲᠤᠨᠤᠳᠠᠰᠤ ᠣᠯᠠᠨ ᠪᠣᠯᠬᠤᠷ ︽ᠠᠮᠤᠷ

ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ︾ ᠠᠮᠤᠷ ᠲᠦᠪᠰᠢᠨ ᠤ

ᠴᠢᠭᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠬᠤ ᠶᠢᠨ ᠲᠥᠯᠥᠭᠡ᠂ ︽ᠲᠤᠯᠤᠭᠠᠨ ᠰᠠᠷ᠎ᠠ ᠶᠢᠨ ᠰᠡᠭᠦᠯᠴᠢ᠂ ᠨᠠᠢᠮᠠᠨ

ᠰᠠᠷ᠎ᠠ ᠶᠢᠨ ᠡᠬᠢᠨ ︾ ᠤ ᠵᠠᠩᠭᠢᠯᠠᠭ᠎ᠠ ᠶᠢᠨ ᠬᠤᠭᠤᠴᠠᠭᠠᠨ ᠤ ᠠᠮᠤᠷ ᠲᠦᠪᠰᠢᠨ ᠢᠶᠠᠷ ᠦᠶᠡᠷ ᠤᠨ

ᠬᠤᠭᠤᠴᠠᠭ᠎ᠠ ᠶᠢ ᠥᠩᠭᠡᠷᠡᠭᠦᠯᠬᠦ ᠵᠢᠴᠢ ᠬᠠᠮᠢᠶᠠᠷᠤᠯᠲᠠ ᠶᠢᠨ ᠣᠷᠣᠨ ᠤ ᠨᠠᠭᠠᠳᠤᠮ ᠤᠨ ᠬᠤᠭᠤᠴᠠᠭᠠᠨ ᠤ ᠠᠶᠤᠯᠭᠦᠢ

ᠦᠢᠯᠡᠳᠪᠦᠷᠢᠯᠡᠯ ᠤᠨ ᠠᠵᠢᠯ ᠢ ᠦᠨᠡᠨ ᠬᠦ ᠪᠠᠲᠤᠯᠠᠭᠰᠠᠨ ᠪᠠᠶᠢᠨ᠎ᠠ᠃ 7 ᠰᠠᠷ᠎ᠠ ᠶᠢᠨ 22 ᠠᠴᠠ 23 ᠤ ᠡᠳᠦᠷ

ᠪᠣᠯᠳᠠᠯ᠎ᠠ ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ ᠲᠣᠪᠴᠢᠶ᠎ᠠ ᠦᠶᠡᠷ ᠢ ᠰᠡᠷᠭᠡᠶᠢᠯᠡᠬᠦ ᠠᠯᠪᠠᠨ ᠭᠡᠷ᠂

ᠭᠠᠯ ᠤᠨᠲᠠᠷᠠᠭᠠᠬᠤ ᠪᠠ ᠴᠠᠬᠢᠯᠭᠠᠨ ᠬᠦᠴᠦᠨ ᠵᠡᠷᠭᠡ ᠪᠠᠶᠢᠭᠤᠯᠭ᠎ᠠ ᠲᠠᠢ ᠬᠤᠯᠪᠤᠭᠠᠯᠠᠨ ᠬᠠᠯᠠᠭᠠᠳᠣ ᠲᠠᠯᠠᠪᠠᠢ᠂ ᠬᠡᠰᠡᠭ

ᠠᠭᠤᠯᠠ ᠲᠠᠯᠠᠪᠠᠢ᠂ ᠪᠦᠯᠢᠶᠡᠨ ᠪᠤᠯᠠᠭ ᠵᠡᠷᠭᠡ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠳᠤ ᠬᠦᠷᠴᠦ

ᠦᠶᠡᠷ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃

    ᠡᠩ ᠲᠡᠷᠢᠭᠦᠨ ᠳᠤ᠂ ᠪᠠᠶᠢᠴᠠᠭᠠᠬᠤ ᠳᠤᠭᠤᠶᠢᠯᠠᠩ ᠤᠷᠢᠳᠠᠪᠠᠷ ᠤᠯᠠᠭᠠᠢ ᠤᠰᠤᠨ ᠴᠥᠭᠦᠷᠥᠮ ᠳᠤ ᠬᠦᠷᠴᠦ

ᠣᠳᠣᠬᠠᠨ ᠤ ᠤᠰᠤᠨ ᠲᠦᠪᠰᠢᠨ᠂ ᠤᠰᠤᠨ ᠤ ᠬᠡᠮᠵᠢᠶ᠎ᠡ᠂ ᠳᠡᠭᠡᠳᠦ ᠤᠷᠤᠰᠬᠠᠯ ᠤᠨ ᠤᠰᠤ ᠢᠷᠡᠭᠰᠡᠨ ᠪᠠᠶᠢᠳᠠᠯ ᠢ

ᠣᠶᠢᠯᠠᠭᠠᠵᠤ᠂ ᠤᠰᠤᠨ ᠴᠥᠭᠦᠷᠥᠮ ᠤᠨ ᠶᠡᠭᠡ ᠬᠠᠰᠢᠯᠭ᠎ᠠ᠂ ᠦᠶᠡᠷ ᠵᠠᠯᠠᠬᠤ ᠵᠠᠮ ᠤᠨ ᠬᠠᠭᠠᠯᠲᠠ ᠶᠢᠨ ᠲᠠᠰᠤᠭ ᠵᠡᠷᠭᠡ

ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠦᠵᠡᠪᠡ︔ ᠰᠡᠭᠦᠯᠡᠷ ᠨᠢ ᠬᠤᠸᠠ ᠰᠢ ᠦᠬᠡᠷ ᠤᠨ ᠡᠭᠦᠯᠳᠡᠷ ᠤᠨ

ᠦᠬᠡᠷ ᠢ ᠦᠨ᠎ᠡ ᠬᠠᠶᠠᠵᠤ ᠬᠤᠳᠠᠯᠳᠤᠬᠤ ᠬᠤᠷᠠᠯ ᠤᠨ ᠲᠠᠯᠠᠪᠠᠢ ᠶᠢᠨ ᠲᠤᠬᠠᠢ ᠶᠢᠨ ᠲᠠᠯᠠᠪᠠᠢ ᠳᠤ ᠬᠠᠷᠢᠭᠤᠴᠠᠯᠭᠠᠲᠠᠨ ᠢ

ᠣᠨᠴᠠᠭᠠᠢ ᠴᠠᠭ ᠠᠭᠤᠷ ᠢ ᠰᠡᠷᠭᠡᠶᠢᠯᠡᠬᠦ᠂ ᠰᠢᠷᠦᠭᠦᠨ ᠪᠣᠷᠣᠭᠠᠨ ᠢ ᠰᠡᠷᠭᠡᠶᠢᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ

ᠬᠢᠬᠦ ᠬᠡᠷᠡᠭᠲᠡᠢ ᠭᠡᠵᠦ ᠱᠠᠭᠠᠷᠳᠠᠪᠠ᠃

    ᠳᠠᠷᠠᠭᠠᠯᠠᠪᠠᠯ᠂ ᠤᠷᠢᠳᠠᠪᠠᠷ ᠬᠡᠰᠡᠭ ᠠᠭᠤᠯᠠ ᠤᠰᠤᠨ ᠴᠥᠭᠦᠷᠥᠮ ᠤᠨ ᠭᠤᠣᠯ ᠴᠣᠭᠴᠠ ᠶᠢᠨ ᠪᠠᠷᠢᠯᠭ᠎ᠠ ᠵᠢᠴᠢ

ᠳᠠᠭᠠᠯᠲᠠ ᠲᠥᠬᠦᠭᠡᠷᠦᠮᠵᠢ᠂ ᠤᠰᠤ ᠵᠠᠯᠠᠬᠤ ᠰᠤᠪᠠᠭ ᠤᠨ ᠦᠶᠡᠷ ᠢ ᠵᠠᠯᠠᠬᠤ ᠰᠠᠭᠠᠳ᠂ ᠦᠶᠡᠷ ᠢ ᠰᠡᠷᠭᠡᠶᠢᠯᠡᠬᠦ ᠪᠠᠭᠠᠵᠢ

ᠬᠡᠷᠡᠭᠰᠡᠯ ᠤᠨ ᠨᠥᠭᠡᠴᠡ᠂ ᠠᠵᠢᠯᠲᠠᠨ ᠤ ᠠᠵᠢᠯᠯᠠᠵᠤ ᠪᠠᠶᠢᠭ᠎ᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠲᠣᠭᠤᠷᠢᠨ

ᠪᠠᠶᠢᠴᠠᠭᠠᠪᠠ᠃ ᠪᠠᠶᠢᠴᠠᠭᠠᠬᠤ ᠠᠭᠤᠯᠭ᠎ᠠ ᠳᠤ ᠶᠡᠭᠡ ᠬᠠᠰᠢᠯᠭ᠎ᠠ᠂ ᠬᠠᠭᠠᠯᠲᠠ ᠶᠢᠨ ᠲᠠᠰᠤᠭ᠂ ᠨᠡᠭᠡᠭᠡᠵᠦ ᠬᠠᠭᠠᠬᠤ ᠮᠠᠰᠢᠨ

ᠵᠡᠷᠭᠡ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠡᠰᠡᠬᠦ᠂ ᠦᠶᠡᠷ ᠵᠠᠯᠠᠬᠤ ᠵᠠᠮ ᠳᠤ ᠦᠶᠡᠷ ᠵᠠᠯᠠᠬᠤ

ᠰᠠᠭᠠᠳ ᠪᠠᠶᠢᠬᠤ ᠡᠰᠡᠬᠦ᠂ ᠴᠢᠮᠡᠭᠡ ᠬᠤᠯᠪᠣᠭᠠᠨ ᠤ ᠲᠥᠬᠦᠭᠡᠷᠦᠮᠵᠢ ᠨᠢ ᠰᠠᠭᠠᠳ ᠦᠭᠡᠢ ᠪᠠᠶᠢᠬᠤ ᠡᠰᠡᠬᠦ᠂ ᠦᠶᠡᠷ ᠢ

ᠰᠡᠷᠭᠡᠶᠢᠯᠡᠵᠦ ᠠᠶᠤᠯ ᠠᠴᠠ ᠠᠪᠤᠷᠠᠬᠤ ᠪᠠᠭᠠᠵᠢ ᠬᠡᠷᠡᠭᠰᠡᠯ ᠨᠢ ᠭᠦᠢᠴᠡᠳ ᠪᠠᠶᠢᠬᠤ ᠡᠰᠡᠬᠦ᠂ ᠠᠯᠪᠠᠨ ᠭᠡᠷ ᠲᠤ ᠭᠠᠯ

ᠤᠨᠲᠠᠷᠠᠭᠠᠬᠤ ᠳᠠᠯᠳᠠ ᠭᠡᠮ ᠪᠠᠶᠢᠬᠤ ᠡᠰᠡᠬᠦ ᠵᠡᠷᠭᠡ ᠤᠯᠠᠨ ᠵᠦᠢᠯ ᠤᠨ ᠠᠭᠤᠯᠭ᠎ᠠ ᠶᠢ ᠪᠠᠭᠲᠠᠭᠠᠨ᠎ᠠ︔ ᠪᠠᠰᠠ

ᠰᠠᠶ᠋ᠢᠯᠴᠢᠨ

ᠭᠤᠣᠯ ᠳᠤ ᠳᠡᠭᠡᠳᠦ ᠤᠷᠤᠰᠬᠠᠯ ᠤᠨ ᠤᠰᠤ ᠢᠷᠡᠭᠰᠡᠨ ᠪᠠᠶᠢᠳᠠᠯ ᠢ ᠪᠠᠶᠢᠴᠠᠭᠠᠪᠠ᠃

    ᠬᠠᠮᠤᠭ ᠰᠡᠬᠦᠯ ᠳᠤ ᠪᠦᠯᠢᠶᠡᠨ ᠪᠤᠯᠠᠭ ᠤᠨ ᠦᠵᠡᠮᠵᠢ ᠶᠢᠨ ᠣᠷᠣᠨ ᠳᠤ᠂ ᠪᠠᠶᠢᠴᠠᠭᠠᠬᠤ ᠳᠤᠭᠤᠶᠢᠯᠠᠩ ᠬᠠᠮᠢᠶ᠎ᠠ

ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠦᠵᠡᠮᠵᠢ ᠶᠢᠨ ᠣᠷᠣᠨ ᠨᠢ ᠬᠠᠮᠢᠶ᠎ᠠ ᠪᠦᠬᠦᠢ ᠤᠨᠴᠠᠭᠠᠢ

ᠴᠠᠭ ᠠᠭᠤᠷ᠂ ᠰᠢᠷᠦᠭᠦᠨ ᠪᠣᠷᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢᠶᠠᠨ ᠤᠯᠠᠮ ᠨᠢᠭᠡ  ᠠᠯᠬᠤᠮ

ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠦᠵᠡᠮᠵᠢ ᠶᠢᠨ

ᠣᠷᠣᠨ ᠤ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ

ᠵᠦᠢᠯ ᠤᠨ ᠠᠮᠤᠷ ᠲᠦᠪᠰᠢᠨ ᠤ ᠲᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠦᠨ ᠠᠷᠢᠯᠭᠠᠵᠤ᠂ ︽ᠲᠤᠯᠤᠭᠠᠨ

ᠰᠠᠷ᠎ᠠ ᠶᠢᠨ ᠰᠡᠭᠦᠯᠴᠢ  ᠨᠠᠢᠮᠠᠨ ᠰᠠᠷ᠎ᠠ ᠶᠢᠨ ᠡᠬᠢᠨ  ᠤ ᠡᠳᠦᠷ︾ ᠤᠨ ᠵᠠᠩᠭᠢᠯᠠᠭ᠎ᠠ ᠶᠢᠨ ᠬᠤᠭᠤᠴᠠᠭᠠᠨ ᠤ ᠦᠶᠡᠷ ᠢ

ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠪᠡ᠃

    ᠲᠠᠷᠠᠭᠠᠴᠢ ᠶᠢᠨ ᠠᠯᠬᠤᠮ ᠳᠤ᠂ ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ ᠲᠣᠪᠴᠢᠶ᠎ᠠ ᠨᠢ

ᠣᠯᠠᠨ ᠰᠠᠯᠠᠭ᠎ᠠ ᠮᠥᠴᠢᠷ ᠬᠠᠮᠲᠤᠷᠠᠨ ᠦᠶᠡᠷ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠢ ᠪᠠᠶᠢᠴᠠᠭᠠᠬᠤ

ᠬᠦᠴᠦᠯᠡᠴᠡ ᠪᠠᠨ ᠦᠷᠬᠦᠯᠵᠢᠯᠡᠨ ᠴᠢᠩᠭᠠᠳᠬᠠᠵᠤ᠂ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ

ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂

ᠬᠠᠮᠢᠶᠠᠷᠤᠯᠲᠠ ᠶᠢᠨ ᠣᠷᠣᠨ ᠤ ᠦᠶᠡᠷ ᠢ ᠰᠡᠷᠭᠡᠶᠢᠯᠡᠬᠦ ᠠᠵᠢᠯ ᠤᠨ ᠣᠷᠳᠦ ᠬᠤᠭᠤᠴᠠᠭᠠᠨ ᠤ

ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号