ᠬᠤᠸᠠᠢ ᠷᠧᠦ ᠲᠤᠷᠰᠢᠯᠲᠠ ᠶᠢᠨ ᠲᠠᠰᠤᠭ ᠬᠢᠭᠡᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ  ᠰᠦᠨ ᠱᠤᠤ ᠴᠧᠩ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2024/7/24

    7 ᠳ᠋ᠤᠭᠠᠷ ᠰᠠᠷ᠎ᠠ ᠶᠢᠨ 14 ᠤ ᠦᠳᠡ ᠶᠢᠨ ᠡᠮᠦᠨ᠎ᠡ᠂ ᠬᠤᠸᠠᠢ ᠷᠧᠦ ᠲᠤᠷᠰᠢᠯᠲᠠ ᠶᠢᠨ ᠲᠠᠰᠤᠭ ᠬᠢᠭᠡᠳ ᠥᠪᠡᠷᠲᠡᠭᠡᠨ

ᠵᠠᠰᠠᠬᠤ ᠣᠷᠣᠨ ᠤ ᠵᠠᠰᠠᠭ ᠤᠨ ᠣᠷᠳᠣᠨ ᠪᠡᠭᠡᠵᠢᠩ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ

ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ

ᠰᠢᠶᠠ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠤᠷᠭᠠᠨ ᠬᠥᠮᠦᠵᠢᠯ ᠤᠨ ᠠᠵᠢᠯ ᠤᠨ

ᠬᠤᠷᠢᠶ᠎ᠠ ᠶᠢᠨ ᠱᠦᠵᠢ ᠢᠦᠢ ᠶᠢᠩ ᠵᠢᠶᠧ᠂ ᠬᠤᠸᠠᠢ ᠷᠧᠦ ᠲᠤᠷᠰᠢᠯᠲᠠ ᠶᠢᠨ ᠲᠠᠰᠤᠭ ᠤᠨ ᠡᠷᠭᠢᠯᠡᠭᠴᠢ ᠲᠠᠩ ᠭᠤᠸᠠᠩ ᠹᠦ᠋

ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃

    ᠬᠤᠸᠠᠢ ᠷᠧᠦ ᠲᠤᠷᠰᠢᠯᠲᠠ ᠶᠢᠨ ᠲᠠᠰᠤᠭ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠬᠦᠴᠦᠨ ᠤ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠰᠢᠨ᠎ᠡ ᠭᠡᠯᠪᠡᠷᠢ ᠶᠢᠨ ᠤᠯᠤᠰ

ᠳᠠᠶᠠᠭᠠᠷᠴᠢᠯᠠᠬᠰᠠᠨ ᠪᠠᠶᠢᠭᠤᠯᠤᠮᠵᠢ ᠶᠢᠨ ᠳᠠᠪᠠᠭᠤᠯᠢᠭ ᠢ ᠪᠠᠳᠠᠷᠠᠭᠤᠯᠵᠤ᠂ ᠡᠨᠧᠷᠭᠢ ᠶᠢᠨ ᠬᠦᠷᠢᠶᠡᠨ ᠳᠤ ᠠᠩᠬᠠᠷᠤᠯ ᠢᠶᠠᠨ

ᠲᠥᠪᠯᠡᠷᠡᠭᠦᠯᠦᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠠᠭᠤᠷᠢᠯᠠᠬᠤ  ᠴᠢᠨᠠᠷᠲᠠᠢ᠂ ᠪᠠᠷᠠᠯᠠᠯᠳᠤ ᠴᠢᠨᠠᠷᠲᠠᠢ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠵᠦ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠡᠨᠧᠷᠭᠢ ᠶᠢᠨ ᠡᠬᠢ ᠪᠠᠶᠠᠯᠢᠭ ᠡᠯᠪᠡᠭ ᠪᠠᠶᠢᠵᠤ᠂ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ

ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ

ᠪᠠᠲᠤᠯᠠᠬᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ

ᠰᠦᠪᠡᠭᠴᠢᠯᠡᠬᠦ ᠵᠡᠷᠭᠡ ᠲᠠᠯ᠎ᠠ ᠪᠠᠷ ᠴᠢᠬᠤᠯᠠ ᠪᠠᠶᠢᠷᠢ ᠰᠠᠭᠤᠷᠢ ᠲᠠᠢ ᠶᠤᠮ᠃

    ᠵᠥᠪᠯᠡᠯᠴᠡᠭᠡᠷ ᠶᠣᠰᠣᠭᠠᠷ ᠬᠤᠶᠠᠷ ᠲᠠᠯ᠎ᠠ ᠪᠠᠷ ᠢᠶᠠᠨ ︽ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠲᠠᠪᠴᠠᠩ ᠢ

ᠬᠠᠮᠲᠤ ᠪᠠᠷ ᠠᠰᠢᠭᠯᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ︾ ᠵᠠᠷᠴᠢᠮ ᠢ ᠵᠢᠷᠤᠮᠯᠠᠵᠤ᠂ ᠥᠪᠥᠷ ᠮᠣᠩᠭᠤᠯ ᠤᠨ

ᠡᠨᠧᠷᠭᠢ ᠶᠢᠨ ᠰᠤᠳᠤᠯᠭᠠᠨ ᠤ ᠬᠦᠷᠢᠶᠡᠯᠡᠩ ᠢᠶᠠᠷ ᠬᠤᠯᠪᠣᠭᠠᠰᠤ ᠪᠤᠯᠭᠠᠵᠤ᠂ ᠰᠢᠨ᠎ᠡ ᠮᠡᠷᠭᠡᠵᠢᠯ ᠤᠨ ᠪᠣᠳᠠᠲᠤ ᠪᠠᠷᠢᠮᠲᠠ ᠪᠠᠷ

ᠰᠢᠯᠭᠠᠨ ᠭᠡᠷᠡᠴᠢᠯᠡᠬᠦ᠂ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ᠂

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠪᠠ ᠬᠠᠷᠢᠯᠴᠠᠨ

ᠲᠣᠮᠢᠯᠠᠬᠤ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂

ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ

ᠬᠦᠴᠦᠷᠬᠡᠭᠵᠢᠭᠦᠯᠬᠦ ᠰᠠᠭᠤᠷᠢ ᠶᠢ ᠪᠠᠬᠢᠵᠢᠭᠦᠯᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠦᠴᠦᠲᠡᠢ ᠪᠠᠲᠤᠯᠠᠬᠤ

ᠪᠣᠯᠣᠨ᠎ᠠ᠃

    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ᠂ ᠰᠦᠨ ᠵᠢᠶᠦ᠋ᠨ ᠴᠢᠩ ᠭᠠᠷ ᠤᠨ ᠦᠰᠦᠭ

ᠵᠢᠷᠤᠬᠤ ᠶᠣᠰᠣᠯᠠᠯ ᠳᠤ ᠣᠷᠣᠯᠴᠠᠵᠠᠢ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号