ᠣᠶᠢᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠭᠤᠣᠯ ᠴᠣᠭᠴᠠ ᠶᠢᠨ ᠢᠲᠡᠭᠡᠮᠵᠢ ᠶᠢᠨ | ᠲᠠᠰ ᠲᠣᠭᠲᠠᠭᠠᠯᠲᠠ ᠳᠤ AAA ᠪᠠᠷ ᠦᠨᠡᠯᠡᠭᠳᠡᠵᠦ᠂ ᠤᠯᠤᠰ ᠤᠨ ᠳᠣᠲᠣᠭᠠᠳᠤ ᠳᠠᠬᠢ ᠠᠵᠤ ᠠᠬᠤᠶᠢᠯᠠᠯ ᠤᠨ | ᠢᠲᠡᠭᠡᠮᠵᠢ ᠶᠢᠨ ᠲᠠᠰ ᠤᠨ ︽ᠨᠢᠭᠡᠳᠦᠭᠡᠷ ᠱᠠᠲᠤᠯᠵᠢᠨ ᠤ ᠡᠩᠨᠡᠭᠡᠨ︾ ᠳᠤ ᠣᠷᠣᠪᠠ᠃ ︵ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ | 7 ᠳ᠋ᠤᠭᠠᠷ ᠰᠠᠷ᠎ᠠ ᠶᠢᠨ 19 ᠤ ᠡᠳᠦᠷ᠂ ᠬᠥᠬᠡᠬᠤᠲᠠ ᠶᠢᠨ ᠳᠣᠣᠷ᠎ᠠ ᠠᠭᠠᠷ ᠤᠨ ᠠᠵᠤ ᠠᠬᠤᠢ ᠶᠢᠨ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠬᠢᠭᠡᠳ ᠵᠠᠰᠠᠮᠠᠯ ᠵᠠᠮ ᠤᠨ ᠭᠠᠷᠠᠮ ᠤᠨ | ᠥᠭᠡᠷᠡᠴᠢᠯᠡᠯᠲᠡ ᠶᠢᠨ ᠰᠢᠨᠡᠳᠬᠡᠬᠦ ᠪᠠᠷᠢᠯᠭ᠎ᠠ ᠶᠢᠨ ᠠᠵᠢᠯ ᠡᠬᠢᠯᠡᠬᠦ ᠶᠣᠰᠣᠯᠠᠯ ᠢᠶᠠᠨ ᠬᠢᠵᠦ᠂ ᠳᠣᠣᠷ᠎ᠠ ᠠᠭᠠᠷ ᠤᠨ ᠠᠵᠤ | ᠠᠬᠤᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠴᠦ ᠬᠥᠮᠥᠷᠭᠡᠯᠡᠨ ᠬᠠᠳᠠᠭᠠᠯᠠᠬᠤ ᠬᠥᠮᠥᠷᠭᠡ᠂ ᠱᠠ ᠯᠢᠶᠠᠩ ᠵᠠᠰᠠᠮᠠᠯ | ᠵᠠᠮ ᠤᠨ ᠭᠠᠷᠠᠮ᠂ ᠭᠠᠳᠠᠭᠠᠳᠤ ᠭᠠᠷᠭᠠᠯᠲᠠ ᠶᠢᠨ ᠬᠢᠨᠠᠨ ᠬᠠᠮᠢᠶᠠᠷᠤᠯᠲᠠ ᠪᠠ ᠨᠡᠶᠢᠲᠡ ᠶᠢᠨ ᠬᠡᠷᠡᠭᠯᠡᠭᠡᠨ ᠤ ᠬᠡᠯᠪᠡᠷᠢ ᠶᠢᠨ | ᠭᠠᠶᠢᠯᠢ ᠪᠠᠲᠤᠯᠠᠬᠤ ᠬᠥᠮᠥᠷᠭᠡ ᠵᠡᠷᠭᠡ 3 ᠲᠥᠷᠥᠯ ᠵᠦᠢᠯ ᠢ ᠤᠷᠢᠳ ᠢᠶᠠᠷ ᠪᠠᠶᠢᠭᠤᠯᠬᠤ ᠪᠣᠯᠣᠨ᠎ᠠ᠃ | ︵ᠬᠥᠬᠡᠬᠤᠲᠠ ᠶᠢᠨ ᠵᠠᠰᠠᠭ ᠤᠨ ᠣᠷᠳᠣᠨ︶ | ᠳᠡᠭᠡᠷ᠎ᠡ ᠬᠠᠭᠠᠰ ᠵᠢᠯ ᠳᠤ᠂ ᠰᠢᠯᠢ ᠶᠢᠨ ᠭᠤᠣᠯ ᠠᠶᠢᠮᠠᠭ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠢ | ᠨᠡᠶᠢᠲᠡ 740.1 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 13. | 69% ᠨᠡᠮᠡᠭᠳᠡᠪᠡ︔ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠤᠨ ᠶᠡᠷᠦᠩᠬᠡᠢ ᠵᠠᠷᠤᠳᠠᠯ ᠨᠢ 95.62 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.66% ᠨᠡᠮᠡᠭᠳᠡᠪᠡ᠃ | ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ︶ |