ᠤᠯᠠᠭᠠᠢ ᠬᠠᠮᠢᠶᠠᠷᠤᠯᠲᠠ ᠶᠢᠨ ᠣᠷᠣᠨ ᠤ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠲᠥᠪ ᠡᠷᠦᠬᠡ ᠳᠤ ᠣᠷᠣᠵᠤ ᠰᠠᠭᠤᠭᠠᠯᠢ ᠡᠷᠦᠬᠡ ᠳᠤ ᠮᠡᠳᠡᠭᠳᠡᠵᠦ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠭᠦᠢᠴᠡᠳᠬᠡᠬᠦ ᠳᠤ ᠬᠦᠴᠢᠷᠲᠡᠢ︾ ᠠᠰᠠᠭᠤᠳᠠᠯ ᠢ ᠢᠳᠡᠪᠬᠢᠲᠡᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/7/25

    7 ᠰᠠᠷ᠎ᠠ ᠶᠢᠨ 23 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠥᠯᠥ ᠬᠥᠳᠡᠯᠬᠦ ᠬᠥᠷᠥᠩᠭᠡ ᠶᠢ

ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠲᠥᠪ ᠠᠵᠢᠯᠲᠠᠳ ᠢᠶᠠᠨ ᠵᠣᠬᠢᠶᠠᠨ ᠪᠠᠶᠢᠭᠤᠯᠵᠤ ᠴᠧᠨ ᠭᠤᠸᠠᠩ ᠵᠢᠵᠢᠭ

ᠲᠣᠭᠤᠷᠢᠭ ᠤᠨ 2 ᠳ᠋ᠤᠭᠠᠷ ᠠᠰᠠᠷ ᠲᠤ ᠬᠦᠷᠴᠦ ᠡᠷᠦᠬᠡ ᠳᠤ ᠬᠦᠷᠴᠦ ᠦᠢᠯᠡᠴᠢᠯᠡᠭᠡ ᠥᠷᠨᠢᠭᠦᠯᠵᠦ᠂ ᠥᠯᠥ ᠬᠥᠳᠡᠯᠬᠦ

ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠬᠦ ᠬᠠᠮᠢᠶ᠎ᠠ ᠪᠦᠬᠦᠢ ᠵᠦᠢᠯᠡᠰ ᠢ ᠮᠡᠳᠡᠭᠳᠡᠪᠡ᠃

    ᠲᠣᠰ ᠤᠳᠠᠭ᠎ᠠ ᠡᠷᠦᠬᠡ ᠳᠤ ᠣᠷᠣᠵᠤ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠨ ︽ᠴᠧᠨ ᠭᠤᠸᠠᠩ

ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠡᠷᠦᠬᠡ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠢ

ᠭᠦᠢᠴᠡᠳᠬᠡᠵᠦ ᠪᠣᠯᠬᠤᠲᠤᠬᠠᠢ ᠮᠡᠳᠡᠭᠳᠡᠯ ᠤᠨ ᠪᠢᠴᠢᠭ︾ ᠢ ᠲᠠᠷᠬᠠᠭᠠᠪᠠ᠃ᠰᠠᠭᠤᠭᠠᠯᠢ ᠠᠷᠠᠳ ᠲᠤ ᠦᠯᠦ ᠬᠥᠳᠡᠯᠬᠦ

ᠬᠥᠷᠥᠩᠭᠡ ᠶᠢ ᠳᠠᠩᠰᠠᠯᠠᠨ ᠲᠡᠮᠳᠡᠭᠯᠡᠬᠦ ᠳᠤ ᠬᠡᠷᠡᠭᠰᠡᠬᠦ ᠮᠠᠲ᠋ᠧᠷᠢᠶᠠᠯ᠂ ᠴᠤᠪᠤᠷᠠᠯ ᠵᠢᠴᠢ ᠴᠠᠭ ᠲᠤᠬᠠᠢ ᠳᠤᠨᠢ

ᠮᠡᠳᠡᠭᠳᠡᠭᠰᠡᠨ

ᠦᠭᠡᠢ ᠦᠨᠡᠮᠯᠡᠯ ᠭᠦᠢᠴᠡᠳᠬᠡᠬᠦ ᠳᠤ ᠣᠷᠣᠰᠢᠵᠤ ᠮᠡᠳᠡᠬᠦ ᠲᠦᠭᠰᠢᠭᠦᠷᠢ ᠶᠢ ᠬᠦᠯᠢᠴᠡᠩᠭᠦᠢ ᠪᠠᠷ ᠨᠠᠷᠢᠨ ᠨᠢᠮᠪᠠᠢ

ᠮᠡᠳᠡᠭᠳᠡᠭᠰᠡᠨ ᠪᠥᠭᠡᠳ ᠥᠯᠥ

ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠦᠨᠡᠮᠯᠡᠯ ᠤᠨ ᠪᠢᠴᠢᠭ ᠢ ᠭᠦᠢᠴᠡᠳᠬᠡᠬᠦ ᠶᠢᠨ ᠠᠴᠢ ᠬᠤᠯᠪᠣᠭᠳᠠᠯ ᠢ ᠤᠬᠠᠭᠤᠯᠵᠤ᠂ ᠰᠠᠭᠤᠭᠠᠯᠢ ᠠᠷᠠᠳ ᠤᠨ ᠬᠤᠯᠪᠣᠭᠳᠠᠯ ᠪᠦᠬᠦᠢ ᠭᠠᠵᠠᠷ ᠰᠢᠷᠣᠢ᠂ ᠭᠡᠷ ᠬᠥᠷᠥᠩᠭᠡ ᠵᠡᠷᠭᠡ ᠥᠯᠥ

ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠲᠠᠯ᠎ᠠ ᠶᠢᠨ ᠯᠠᠪᠯᠠᠭ᠎ᠠ ᠳᠤ ᠬᠠᠷᠢᠭᠤᠯᠲᠠ ᠦᠭᠴᠡᠢ᠃

    ᠵᠢᠵᠢᠭ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠪᠣᠯ ᠠᠷᠠᠳ ᠤᠨ ᠠᠮᠢᠳᠤᠷᠠᠯ ᠤᠨ ᠶᠡᠭᠡ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠭ᠎ᠠ ᠶᠠᠪᠤᠳᠠᠯ ᠪᠣᠯᠣᠨ᠎ᠠ᠂ ᠡᠨᠡ ᠪᠣᠯ ᠰᠠᠭᠤᠭᠠᠯᠢ ᠠᠷᠠᠳ ᠤᠨ ᠡᠷᠦᠬᠡ ᠠᠮᠠ ᠣᠷᠣᠬᠤ᠂

ᠬᠡᠦᠬᠡᠳ ᠤᠨ ᠰᠤᠷᠭᠠᠭᠤᠯᠢ ᠳᠤ ᠣᠷᠣᠬᠤ᠂ ᠭᠡᠷ ᠬᠥᠷᠥᠩᠭᠡ ᠶᠢᠨ ᠠᠷᠠᠯᠵᠢᠶ᠎ᠠ ᠶᠢᠨ ᠴᠢᠬᠤᠯᠠ ᠭᠡᠷᠡᠴᠢ ᠪᠠᠷᠢᠮᠲᠠ ᠮᠥᠨ᠂ ᠨᠠᠩ ᠴᠤ ᠠᠷᠠᠳ ᠣᠯᠠᠨ ᠤ ᠠᠮᠤᠷ ᠲᠠᠶᠢᠪᠤᠩ ᠠᠮᠢᠳᠤᠷᠠᠬᠤ ᠶᠢᠨ ᠴᠢᠬᠤᠯᠠ ᠪᠠᠲᠤᠯᠠᠭ᠎ᠠ ᠮᠥᠨ᠂ ᠤᠯᠠᠭᠠᠢ

ᠬᠠᠮᠢᠶᠠᠷᠤᠯᠲᠠ ᠶᠢᠨ ᠣᠷᠣᠨ ᠤ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠲᠥᠪ ᠦᠷᠭᠦᠯᠵᠢᠯᠡᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠬᠤᠳᠠᠯᠳᠤᠭ᠎ᠠ ᠡᠷᠭᠢᠯᠡᠬᠦ ᠣᠷᠴᠢᠨ

ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠶᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ︽ᠦᠨᠡᠮᠯᠡᠯ

ᠭᠦᠢᠴᠡᠳᠬᠡᠬᠦ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠶᠢ ᠶᠡᠭᠡ ᠪᠠᠷ ᠠᠬᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠬᠦ

ᠪᠣᠯᠣᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号