ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠸᠠᠩ ᠰᠢᠩ ᠺᠠᠢ ᠠᠩᠭᠢ ᠳᠠᠭᠠᠭᠤᠯᠤᠨ ᠤᠯᠠᠭᠠᠢ ᠣᠰᠣᠨ ᠴᠦᠬᠦᠷᠦᠮ ᠤᠨ ᠡᠷᠭᠢ ᠢ ᠴᠡᠭᠴᠡᠯᠡᠨ ᠵᠠᠰᠠᠬᠤ ᠵᠢᠴᠢ ᠣᠰᠣᠨ ᠴᠦᠬᠦᠷᠦᠮ ᠤᠨ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/7/25

    7 ᠰᠠᠷ᠎ᠠ ᠶᠢᠨ 23 ᠤ ᠡᠳᠦᠷ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ

ᠭᠡᠰᠢᠭᠦᠨ ᠸᠠᠩ ᠰᠢᠩ ᠺᠠᠢ ᠪᠦᠯᠬᠦᠮ ᠳᠠᠭᠠᠭᠤᠯᠤᠨ ᠤᠯᠠᠭᠠᠢ ᠤᠰᠤᠨ ᠴᠥᠭᠦᠷᠥᠮ ᠤᠨ ᠡᠷᠭᠢ ᠶᠢᠨ ᠪᠡᠯ ᠢ ᠴᠡᠭᠴᠡᠯᠡᠨ

ᠵᠠᠰᠠᠬᠤ ᠵᠢᠴᠢ ᠤᠰᠤᠨ ᠴᠥᠭᠦᠷᠥᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠤᠨ

ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ

ᠥᠷᠨᠢᠭᠦᠯᠵᠦ᠂ ᠤᠰᠤᠨ ᠠᠰᠢᠭᠯᠠᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂

ᠲᠣᠪᠴᠢᠶᠠᠨ ᠳᠠᠷᠤᠭ᠎ᠠ ᠮᠥᠷᠡᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃

    ᠪᠠᠶᠢᠴᠠᠭᠠᠬᠤ ᠳᠤᠭᠤᠶᠢᠯᠠᠩ ᠤᠨ ᠬᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠲᠤᠬᠠᠢ ᠶᠢᠨ ᠭᠠᠵᠠᠷ ᠲᠤᠨᠢ

ᠵᠢᠯᠣᠭᠤᠳᠤᠨ ᠪᠠᠶᠢᠴᠠᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢ

ᠰᠢᠮᠳᠠᠭᠤᠯᠵᠤ ᠪᠠᠶᠢᠭᠠᠳ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠦᠶᠡᠷ ᠤᠨ

ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂

ᠤᠯᠠᠭᠠᠢ ᠤᠰᠤᠨ ᠴᠥᠭᠦᠷᠥᠮ ᠤᠨ ᠡᠷᠭᠢ ᠶᠢᠨ ᠴᠡᠭᠴᠡᠯᠡᠨ ᠵᠠᠰᠠᠯᠲᠠ ᠵᠢᠴᠢ ᠤᠰᠤᠨ ᠴᠥᠭᠦᠷᠥᠮ ᠤᠨ ᠡᠷᠬᠢᠨ

ᠲᠣᠭᠤᠷᠢᠨ ᠤ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠤᠨ ᠦᠶᠡᠷ ᠢ ᠥᠩᠭᠡᠷᠡᠭᠦᠯᠬᠦ ᠠᠮᠤᠷ ᠲᠦᠪᠰᠢᠨ ᠢ

ᠦᠨᠡᠨᠬᠦ ᠪᠠᠲᠤᠯᠠᠪᠠ᠃

    ᠸᠠᠩ ᠰᠢᠩ ᠺᠠᠢ᠂ ᠨᠢᠭᠡ ᠳᠤ᠂ ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ

ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠬᠤ ᠪᠥᠭᠡᠳ ᠦᠶᠡᠷ ᠤᠨ

ᠬᠤᠭᠤᠴᠠᠭᠠᠨ ᠳᠤ ᠮᠠᠨ ᠤ ᠭᠠᠵᠠᠷ ᠤᠨ ᠪᠣᠷᠣᠭᠠᠨ ᠤ ᠬᠡᠮᠵᠢᠶ᠎ᠡ ᠶᠡᠭᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ

ᠣᠷᠣᠯᠴᠠᠭᠰᠠᠨ ᠨᠢᠭᠡᠴᠢ ᠶᠢᠨ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠠᠵᠢᠯ ᠤᠨ ᠪᠠᠶᠢᠷᠢ ᠳᠤ ᠬᠦᠷᠴᠦ ᠡᠭᠦᠷᠭᠡ

ᠬᠠᠷᠢᠭᠤᠴᠠᠯᠭ᠎ᠠ ᠪᠠᠨ ᠭᠦᠢᠴᠡᠳᠬᠡᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠤᠨ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠪᠣᠷᠣᠭᠠᠨ ᠤ

ᠪᠠᠶᠢᠳᠠᠯ᠂ ᠦᠶᠡᠷ ᠤᠨ ᠪᠠᠶᠢᠳᠠᠯ ᠢ ᠨᠢᠭᠲᠠ ᠠᠩᠬᠠᠷᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ

ᠲᠣᠭᠤᠷᠢᠨ ᠪᠠᠶᠢᠴᠠᠭᠠᠯᠲᠠ ᠶᠢ ᠰᠠᠶᠢᠲᠤᠷ ᠬᠢᠵᠦ᠂ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ

ᠬᠡᠷᠡᠭᠲᠡᠢ︔ ᠬᠤᠶᠠᠷ ᠲᠤ᠂ ᠲᠦᠷᠦᠯ ᠵᠦᠢᠯ ᠤᠨ ᠭᠤᠣᠯᠳᠠᠯᠭ᠎ᠠ ᠲᠠᠢ ᠬᠡᠰᠡᠭ᠂ ᠪᠠᠭᠤᠷᠠᠢ ᠭᠤᠭᠴᠤᠭ᠎ᠠ ᠶᠢ ᠴᠢᠩᠭ᠎ᠠ

ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ︽ᠵᠢᠵᠢᠭ ᠪᠣᠷᠣᠭᠠᠨ ᠲᠦᠷᠭᠡᠨ

ᠠᠵᠢᠯᠯᠠᠬᠤ᠂ ᠪᠣᠷᠣᠭᠠᠨ ᠵᠣᠭᠰᠣᠵᠤ ᠶᠡᠬᠡᠪᠡᠷ ᠠᠵᠢᠯᠯᠠᠬᠤ︾ ᠠᠵᠢᠯ ᠤᠨ ᠵᠠᠭᠪᠤᠷ ᠢ ᠬᠡᠷᠡᠭᠯᠡᠵᠦ᠂ ᠪᠠᠷᠢᠯᠭ᠎ᠠ ᠶᠢᠨ ᠠᠬᠢᠴᠠ

ᠪᠠ ᠠᠵᠢᠯ ᠤᠨ ᠶᠠᠪᠤᠴᠠ ᠶᠢ ᠵᠣᠬᠢᠰᠲᠠᠢ ᠲᠣᠬᠢᠷᠠᠭᠤᠯᠵᠤ᠂ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠠᠮᠵᠢᠨ

ᠠᠳᠬᠤᠵᠤ᠂ ᠪᠠᠷᠢᠯᠭ᠎ᠠ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠬᠤ ᠬᠡᠷᠡᠭᠲᠡᠢ︔ ᠭᠤᠷᠪᠠ ᠳᠤ᠂

ᠪᠠᠷᠢᠯᠭ᠎ᠠ ᠶᠢᠨ ᠨᠢᠭᠡᠴᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ

ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠢᠶᠠᠷᠬᠤ ᠶᠢ ᠴᠢᠩᠭᠠᠳᠬᠠᠵᠤ᠂ ᠪᠠᠷᠢᠯᠭ᠎ᠠ ᠶᠢᠨ ᠲᠡᠷᠭᠡ ᠬᠥᠰᠬᠡ ᠶᠢᠨ

ᠵᠢᠯᠣᠭᠤᠴᠢ ᠶᠢᠨ ᠠᠮᠤᠷ ᠲᠦᠪᠰᠢᠨ ᠤ ᠬᠥᠮᠦᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠭᠠᠨ ᠤ

ᠵᠢᠷᠤᠮᠵᠢᠯ ᠢ ᠴᠢᠩᠭ᠎ᠠ ᠰᠠᠬᠢᠬᠤ ᠬᠡᠷᠡᠭᠲᠡᠢ᠃

    ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠠᠯᠪᠠᠯᠠᠬᠤ ᠲᠣᠭᠤᠷᠢᠭ ᠪᠣᠯᠣᠨ ᠠᠵᠢᠯᠴᠢᠨ ᠤ ᠠᠮᠢᠳᠤᠷᠠᠯ ᠤᠨ

ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠯᠲᠠ ᠬᠢᠵᠦ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢ

ᠱᠠᠯᠠᠪᠳᠠᠭᠤᠯᠤᠨ ᠡᠳᠦᠷ ᠲᠤᠲᠤᠮ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ

ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠬᠤ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号