︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 22 ᠤᠨ ᠴᠠᠭᠢᠯᠭᠠᠨ ᠮᠡᠳᠡᠭᠡ︶ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠡᠶᠢᠰᠢ ᠡᠷᠡᠮᠡᠬᠡᠶᠢᠯᠡᠨ ᠤᠷᠤᠭᠰᠢᠯᠠᠬᠤ ᠳᠤᠮᠳᠠ᠂ ᠨᠠᠮ ᠪᠣᠯᠣᠨ ᠤᠯᠤᠰ ᠪᠠᠰᠠ ᠨᠢᠭᠡᠨ | ᠲᠡᠦᠬᠡᠲᠦ ᠴᠢᠨᠠᠷᠲᠠᠢ ᠴᠠᠭ ᠮᠥᠴᠡ ᠶᠢ ᠤᠭᠲᠤᠨ ᠠᠪᠤᠯ᠎ᠠ — | 2024 ᠣᠨ ᠤ 7 ᠰᠠᠷ᠎ᠠ ᠶᠢᠨ 18 ᠤ ᠦᠳᠡ ᠶᠢᠨ ᠬᠤᠶᠢᠨ᠎ᠠ᠂ ᠨᠢᠵᠢᠭᠢᠨᠡᠭᠰᠡᠨ ᠠᠯᠠᠭ᠎ᠠ ᠲᠡᠰᠢᠯᠲᠡ ᠶᠢᠨ ᠳᠤᠮᠳᠠ᠂ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠵᠢᠩᠬᠢᠨᠢ ᠪᠠᠷ | ᠪᠠᠲᠤᠯᠠᠪᠠ᠃ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠲᠡᠦᠬᠡ ᠶᠢᠨ ᠵᠠᠩᠭᠢᠯᠠᠭ᠎ᠠ ᠳᠡᠭᠡᠷ᠎ᠡ ᠵᠣᠭᠰᠣᠵᠤ᠂ ᠪᠠᠰᠠ | ᠨᠢᠭᠡ ᠤᠳᠠᠭ᠎ᠠ ᠶᠢᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠴᠢᠬᠤᠯᠠ ᠬᠤᠷᠠᠯ ᠠᠮᠵᠢᠯᠲᠠ ᠲᠠᠢ ᠬᠤᠷᠠᠯᠳᠤᠵᠤ᠂ | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠤᠷᠤᠭᠰᠢᠯᠠᠯᠲᠠ ᠶᠢᠨ ᠪᠦᠷᠢᠶ᠎ᠡ ᠲᠤᠮᠳᠠᠳᠤ ᠶᠢᠨ ᠡᠬᠡ ᠭᠠᠵᠠᠷ ᠲᠤ ᠬᠠᠩᠭᠢᠨᠠᠯ᠎ᠠ᠃ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠴᠡᠷᠢᠭ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠩ ᠵᠣᠷᠢᠭ ᠬᠤᠪᠢᠷᠠᠰᠢ | ᠦᠭᠡᠢ ᠪᠠᠷ ᠵᠣᠷᠢᠭᠲᠠᠢ ᠪᠠᠷ ᠤᠷᠤᠭᠰᠢᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠳᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ | ᠨᠡᠭᠡᠭᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠲᠠᠰᠤᠷᠠᠯᠲᠠ ᠦᠭᠡᠢ ᠠᠬᠢᠭᠤᠯᠪᠠ᠃ | ᠥᠭᠡᠷᠡᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ ᠴᠠᠭ ᠦᠶ᠎ᠡ ᠶᠢᠨ ᠰᠡᠳᠦᠪ ᠲᠤ ᠬᠠᠷᠢᠭᠤᠯᠲᠠ ᠥᠭᠭᠦᠨ᠎ᠡ — | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠥᠯᠥᠭᠡᠯᠡᠬᠦ ᠪᠠᠶᠢᠭᠤᠯᠤᠯ ᠲᠣᠭᠲᠠᠴᠠ ᠶᠢᠨ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠨᠡᠭᠡᠭᠡᠯᠲᠡ ᠭᠡᠬᠦ ᠴᠢᠬᠤᠯᠠ ᠡᠷᠳᠡᠨᠢ ᠶᠢ ᠰᠠᠶᠢᠲᠤᠷ ᠬᠡᠷᠡᠭᠯᠡᠵᠦ᠂ | ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠨ᠎ᠡ | 2024 ᠣᠨ ᠤ 4 ᠰᠠᠷ᠎ᠠ ᠶᠢᠨ ᠡᠴᠦᠰ ᠢᠶᠠᠷ᠂ ᠨᠢᠭᠡᠨ ᠴᠢᠬᠤᠯᠠ ᠮᠡᠳᠡᠭᠡ ᠰᠢᠨᠬᠤᠸᠠ ᠬᠤᠷᠢᠶᠠᠨ ᠤ ᠴᠠᠭᠢᠯᠭᠠᠨ | ᠳᠣᠯᠭᠢᠶᠠᠨ ᠢᠶᠠᠷ ᠳᠠᠮᠵᠢᠨ ᠬᠥᠬᠡᠮᠥ᠋ᠷᠡᠨ ᠤ ᠡᠮᠦᠨ᠎ᠡ ᠤᠮᠠᠷ᠎ᠠ ᠳᠤ ᠲᠠᠷᠬᠠᠪᠠ — | ︽ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 30 ᠤ ᠡᠳᠦᠷ ᠬᠤᠷᠠᠯ | ᠬᠤᠷᠠᠯᠳᠤᠭᠤᠯᠵᠤ᠂ ᠡᠨᠡ ᠵᠢᠯ ᠤᠨ 7 ᠰᠠᠷ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠠ ᠬᠤᠷᠠᠯ ᠢ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ | ᠭᠤᠣᠯᠳᠠᠯᠭ᠎ᠠ ᠲᠠᠢ ᠰᠤᠳᠤᠯᠬᠤ ᠪᠠᠷ ᠲᠣᠭᠲᠠᠪᠠ︾᠃ | ︽ᠳᠤᠮᠳᠠᠳᠤ ᠤᠯᠤᠰ ᠤᠨ ᠤᠯᠤᠰ ᠲᠥᠷᠥ ᠶᠢᠨ ᠠᠵᠢᠯ ᠤᠨ ᠳᠠᠷᠠᠭᠠᠯᠠᠯ ᠤᠨ ᠬᠦᠰᠦᠨᠦᠭᠲᠦ ᠳᠡᠭᠡᠷᠡᠬᠢ ᠬᠠᠮᠤᠭ ᠤᠨ | ᠴᠢᠬᠤᠯᠠ ᠬᠤᠷᠠᠯ ᠤᠨ ᠨᠢᠭᠡ︾᠂ ︽ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠤᠳᠠᠭ᠎ᠠ ᠪᠦᠷᠢ ᠶᠢᠨ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠴᠥᠮ ᠥᠭᠡᠷᠡᠴᠢᠯᠡᠯᠲᠡ ᠶᠢᠨ ᠵᠥᠪᠯᠡᠬᠦ ᠵᠦᠢᠯ ᠳᠤ ᠠᠩᠬᠠᠷᠤᠯ ᠢᠶᠠᠨ | ᠲᠥᠪᠯᠡᠷᠡᠭᠦᠯᠵᠦ᠂ᠳᠤᠮᠳᠠᠳᠤ ᠤᠯᠤᠰ ᠤᠨ ᠢᠷᠡᠭᠡᠳᠦᠢ ᠶᠢᠨ ᠲᠠᠪᠤ ᠠᠴᠠ ᠠᠷᠪᠠᠨ ᠵᠢᠯ ᠤᠨ ᠬᠥᠭᠵᠢᠯᠲᠡ ᠶᠢ ᠤᠬᠠᠭᠠᠯᠠᠨ | ᠲᠥᠯᠥᠪᠯᠡᠵᠦ ᠪᠠᠶᠢᠷᠢᠯᠠᠭᠤᠯᠤᠯᠲᠠ ᠬᠢᠭᠰᠡᠨ ᠪᠠᠶᠢᠨ᠎ᠠ᠂ ᠡᠶᠢᠮᠦ ᠠᠴᠠ ᠬᠥᠮᠥᠰ ᠨᠡᠩ ᠢᠯᠡᠭᠦᠦ ᠬᠦᠰᠡᠨ ᠬᠦᠯᠢᠶᠡᠨ᠎ᠡ︾ ᠁ | ᠤᠯᠤᠰ ᠤᠨ ᠳᠣᠲᠣᠭᠠᠳᠤ ᠭᠠᠳᠠᠭᠠᠳᠤ ᠶᠢᠨ ᠠᠩᠬᠠᠷᠤᠯ ᠤᠨ ᠬᠠᠷᠠᠴᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠡᠦᠬᠡᠨ ᠳᠡᠭᠡᠷᠡᠬᠢ ᠪᠠᠰᠠ ᠨᠢᠭᠡ ᠤᠳᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ — ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠤ ᠲᠥᠪᠯᠡᠷᠡᠭᠰᠡᠨ ᠪᠠᠶᠢᠨ᠎ᠠ᠃ | ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠨᠢ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠤᠨ | ᠰᠡᠳᠬᠢᠯ ᠳᠤ ᠬᠦᠨᠳᠦ ᠴᠢᠬᠤᠯᠠ ᠬᠤᠪᠢ ᠶᠢᠨ ᠵᠢᠩ ᠢ ᠡᠵᠡᠯᠡᠬᠦᠶᠤᠮ᠃ | ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠪᠣᠯ ᠴᠠᠭ | ᠦᠶ᠎ᠡ ᠶᠢ ᠵᠠᠭᠠᠭᠯᠠᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠨᠡᠭᠡᠭᠡᠪᠡ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ᠂ | ᠶᠡᠷᠦᠩᠬᠡᠢ ᠱᠦᠵᠢ ᠰᠢ ᠶᠢᠨ ᠫᠢᠩ ᠠᠭᠤᠤ ᠶᠡᠭᠡ ᠲᠡᠦᠬᠡ ᠶᠢᠨ ᠰᠠᠨᠠᠭᠠᠴᠢᠯᠠᠭᠠᠲᠤ ᠴᠢᠨᠠᠷ᠂ ᠯᠤᠲᠤ ᠶᠡᠭᠡ ᠤᠯᠤᠰ ᠲᠥᠷᠥ ᠶᠢᠨ | ᠰᠥᠰᠥ ᠵᠣᠷᠢᠭ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠪᠡᠶ᠎ᠡ ᠪᠠᠷ ᠢᠶᠠᠨ ᠤᠬᠠᠭᠠᠯᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ | ᠲᠦᠯᠬᠢᠨ ᠠᠬᠢᠭᠤᠯᠵᠤ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ | ᠵᠠᠢ ᠶᠢ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠰᠥᠷᠴᠦ ᠪᠣᠯᠣᠰᠢ ᠦᠭᠡᠢ ᠲᠡᠦᠬᠡᠨ | ᠶᠠᠪᠤᠴᠠ ᠳᠤ ᠣᠷᠣᠪᠠ᠃ | ᠳᠡᠯᠡᠬᠡᠢ ᠳ᠋ᠠᠬᠢᠨ ᠢ ᠪᠠᠷᠠᠯᠠᠬᠤᠶ᠎ᠠ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠡᠶᠢᠮᠦ ᠤᠯᠤᠰ ᠲᠦᠷᠦ ᠶᠢᠨ ᠰᠥᠰᠥ | ᠵᠣᠷᠢᠭ ᠪᠠ ᠲᠡᠦᠬᠡᠨ ᠡᠭᠦᠷᠭᠡᠯᠡᠯ ᠢᠶᠠᠷ᠂ ᠳᠠᠯᠠᠶᠢᠴᠠ ᠶᠡᠬᠡᠲᠡᠢ ᠡᠷᠡᠰ ᠰᠢᠭᠤᠷᠬᠠᠢ ᠪᠠᠷ᠂ ᠬᠢᠲᠤᠭᠠᠨ ᠢᠷ ᠢ ᠳᠣᠲᠣᠭᠰᠢ ᠪᠠᠨ | ᠬᠠᠨᠳᠤᠭᠤᠯᠵᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠴᠢᠳᠠᠭᠰᠠᠨ ᠦᠭᠡᠢ ᠶᠤᠮ᠂ ᠠᠯᠢ ᠴᠤ ᠤᠯᠤᠰ ᠪᠠ ᠲᠦᠷᠦ ᠶᠢᠨ | ᠨᠠᠮ ᠭᠡᠳ ᠡᠶᠢᠮᠦ ᠣᠬᠤᠷᠬᠠᠨ ᠬᠤᠭᠤᠴᠠᠭᠠᠨ ᠳᠤ ᠡᠶᠢᠮᠦ ᠶᠡᠭᠡ ᠬᠡᠪᠴᠢᠶ᠎ᠡ᠂ ᠡᠶᠢᠮᠦ ᠶᠡᠭᠡ ᠬᠡᠮᠵᠢᠶ᠎ᠡ᠂ ᠡᠶᠢᠮᠦ ᠶᠡᠭᠡ | ᠡᠷᠴᠢᠮ ᠲᠠᠢ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠴᠢᠳᠠᠭᠰᠠᠨ ᠦᠭᠡᠢ ᠶᠤᠮ᠂ ᠠᠯᠢ ᠴᠤ ᠤᠯᠤᠰ ᠪᠠ ᠲᠦᠷᠦ ᠶᠢᠨ | ᠨᠠᠮ ᠭᠡᠳ ᠥᠭᠡᠷᠡᠴᠢᠯᠡᠯᠲᠡ ᠶᠢᠨ ᠠᠬᠢᠴᠠ ᠳᠤᠮᠳᠠ ᠡᠶᠢᠮᠦ ᠲᠡᠦᠬᠡᠲᠦ ᠴᠢᠨᠠᠷᠲᠠᠢ ᠬᠤᠪᠢᠰᠤᠯᠲᠠ ᠶᠢ ᠣᠯᠵᠤ᠂ ᠰᠢᠰᠲ᠋ᠧᠮᠲᠦ | ᠴᠢᠨᠠᠷᠲᠠᠢ ᠪᠠᠷ ᠲᠠᠭᠢᠨ ᠴᠣᠭᠴᠠᠯᠠᠨ ᠪᠠᠶᠢᠭᠤᠯᠵᠤ᠂ ᠪᠦᠬᠦᠯᠢ ᠴᠣᠭᠴᠠ ᠶᠢᠨ ᠴᠢᠨᠠᠷᠲᠠᠢ ᠪᠠᠷ ᠲᠠᠭᠢᠨ ᠪᠠᠶᠢᠭᠤᠯᠵᠤ ᠴᠢᠳᠠᠭᠰᠠᠨ | ᠦᠭᠡᠢ ᠶᠤᠮ᠃ | ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ | ᠦᠢᠯᠡᠳᠦᠯᠭᠡ ᠪᠣᠯᠣᠨ ᠠᠭᠤᠤ ᠶᠡᠭᠡ ᠠᠮᠵᠢᠯᠲᠠ ᠪᠦᠲᠦᠮᠵᠢ ᠶᠢ ᠡᠷᠭᠢᠴᠡᠭᠦᠯᠬᠦᠶ᠎ᠡ᠂ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠴᠤ ᠴᠠᠭ ᠦᠶ᠎ᠡ ᠶᠢ ᠵᠠᠭᠠᠭᠯᠠᠵᠤ᠂ ᠰᠢᠨ᠎ᠡ ᠴᠠᠭ | ᠦᠶ᠎ᠡ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ | ᠴᠣᠭᠴᠠ ᠪᠠᠷ ᠲᠥᠯᠥᠪᠯᠡᠨ ᠲᠦᠯᠬᠢᠨ ᠠᠬᠢᠭᠤᠯᠬᠤ ᠰᠢᠨ᠎ᠡ ᠠᠶᠠᠨ ᠵᠠᠮ ᠢ ᠡᠬᠢᠯᠡᠭᠦᠯᠵᠦ᠂ᠮᠠᠨ ᠤ ᠤᠯᠤᠰ ᠤᠨ ᠥᠭᠡᠷᠡᠴᠢᠯᠡᠯᠲᠡ | ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠨᠡᠭᠡᠭᠡᠪᠡ᠃ | ᠴᠠᠭ ᠮᠥᠴᠡ ᠪᠣᠯ ᠦᠨᠡᠨᠴᠢ ᠰᠢᠳᠤᠷᠭᠤ ᠭᠡᠷᠡᠴᠢᠯᠡᠭᠴᠢ᠂ ᠠᠷᠠᠳ ᠲᠦᠮᠡᠨ ᠪᠣᠯ ᠠᠭᠤᠤ ᠶᠡᠭᠡ ᠪᠢᠴᠢᠭᠯᠡᠭᠴᠢ᠃ | 2022 ᠣᠨ ᠤ ᠠᠯᠳᠠᠨ ᠨᠠᠮᠤᠷ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠡᠳᠬᠡᠯ ᠳᠡᠭᠡᠨ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ — | ︽ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠶᠠᠪᠤᠳᠠᠯ ᠪᠣᠯᠣᠨ᠎ᠠ︾᠃ | ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ ᠠᠶᠠᠯᠠᠯ ᠨᠢ ᠪᠠᠰᠠ ᠨᠢᠭᠡᠨ ᠴᠣ ᠰᠢᠨ᠎ᠡ ᠲᠡᠮᠡᠴᠡᠯ ᠤᠨ ᠬᠠᠷᠠᠯᠲᠠ | ᠪᠠᠶᠢᠷᠢᠯᠠᠯ ᠢ ᠲᠣᠳᠣᠷᠬᠠᠶᠢᠯᠠᠪᠠ᠃ | ︽ᠰᠢᠨ᠎ᠡ ᠠᠶᠠᠨ ᠵᠠᠮ ᠳᠤ᠂ ᠶᠠᠭᠤᠨ ᠳᠤ ᠲᠦᠰᠢᠭᠯᠡᠨ ᠤᠯᠠᠮ ᠨᠢᠭᠡ ᠠᠯᠬᠤᠮ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠲᠦᠯᠬᠢᠨ ᠠᠬᠢᠭᠤᠯᠬᠤ | ᠬᠦᠴᠦᠷᠬᠡᠭ ᠶᠡᠭᠡ ᠬᠦᠴᠦᠨ ᠢ ᠬᠤᠷᠠᠮᠳᠤᠭᠤᠯᠬᠤ ᠪᠤᠢ︖ ᠬᠠᠷᠢᠭᠤᠯᠲᠠ ᠨᠢ ᠳᠠᠷᠤᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠲᠦᠰᠢᠭᠯᠡᠨ᠎ᠡ︾᠃ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠯᠤᠰ ᠲᠥᠷᠥᠴᠢᠨ᠂ | ᠪᠣᠳᠣᠯᠭᠠᠲᠠᠨ᠂ ᠪᠠᠶᠢᠯᠳᠤᠬᠤ ᠪᠣᠳᠣᠯᠭᠠᠲᠠᠨ ᠤ ᠭᠦᠨᠵᠡᠭᠡᠢ ᠠᠵᠢᠭᠯᠠᠬᠤ ᠴᠢᠳᠠᠪᠤᠷᠢ᠂ ᠬᠤᠷᠴᠠ ᠰᠡᠷᠭᠡᠭ ᠮᠠᠭᠠᠳᠯᠠᠬᠤ ᠴᠢᠳᠠᠪᠤᠷᠢ᠂ | ᠤᠨᠤᠯ ᠤᠨ ᠪᠦᠲᠦᠭᠡᠯᠴᠢ ᠴᠢᠳᠠᠪᠤᠷᠢ ᠪᠠᠷ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠃ ᠪᠢᠳᠡᠨ ᠳᠤ ᠲᠤᠯᠭᠠᠷᠠᠵᠤ | ᠪᠠᠶᠢᠭ᠎ᠠ ᠪᠠᠶᠢᠳᠠᠯ ᠣᠷᠴᠢᠨ ᠨᠥᠬᠦᠴᠡᠯ ᠤᠷᠢᠳ ᠡᠮᠦᠨ᠎ᠡ ᠪᠠᠶᠢᠭ᠎ᠠ ᠦᠭᠡᠢ ᠨᠠᠷᠢᠨ ᠪᠤᠳᠤᠯᠢᠶᠠᠨᠲᠠᠢ ᠪᠠᠶᠢᠵᠤ᠂ ᠡᠭᠦᠷᠭᠡᠯᠡᠵᠦ | ᠪᠠᠶᠢᠭ᠎ᠠ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠤᠷᠢᠳ ᠡᠮᠦᠨ᠎ᠡ ᠪᠠᠶᠢᠭ᠎ᠠ ᠦᠭᠡᠢ ᠪᠡᠷᠬᠡ ᠬᠠᠲᠠᠭᠤᠵᠢᠯᠲᠠᠢ ᠪᠠᠶᠢᠵᠤ᠂ | ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ | ᠠᠰᠠᠭᠤᠯᠲᠠ ᠨᠢ ᠪᠢᠳᠡᠨ ᠳᠤ ᠨᠡᠩ ᠪᠡᠷᠬᠡ ᠬᠠᠲᠠᠭᠤᠵᠢᠯᠲᠠᠢ ᠰᠢᠯᠭᠠᠯᠲᠠ ᠶᠢᠨ ᠰᠡᠳᠦᠪ ᠳᠤᠷᠠᠳᠤᠭᠰᠠᠨ ᠪᠠᠶᠢᠨ᠎ᠠ᠃ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠴᠠᠭ ᠦᠶ᠎ᠡ ᠳᠤ᠂ ᠬᠡᠷᠬᠢᠨ 14 | ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ | ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ ᠠᠶᠤᠯ ᠲᠦᠭᠰᠢᠭᠦᠷᠢ ᠶᠢᠨ ᠳᠤᠮᠳᠠ ᠰᠢᠨ᠎ᠡ ᠠᠵᠠ ᠲᠣᠭᠢᠶᠠᠯ ᠢ ᠪᠤᠢ ᠪᠤᠯᠭᠠᠵᠤ᠂ | ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠬᠦ ᠪᠤᠢ︖ | ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤᠴᠤᠳ ᠤᠨ ᠰᠣᠩᠭᠤᠯᠲᠠ ᠶᠢ ᠬᠦᠰᠡᠨ ᠪᠠᠷᠠᠯᠠᠵᠤ᠂ ᠴᠠᠭ ᠦᠶ᠎ᠡ | ᠳᠤᠮᠳᠠᠳᠤ ᠤᠯᠤᠰ ᠤᠨ ᠡᠪ ᠬᠠᠮᠲᠤᠴᠤᠳ ᠤᠨ ᠬᠠᠷᠢᠭᠤᠯᠲᠠ ᠶᠢᠨ ᠬᠠᠭᠤᠳᠠᠰᠤ ᠶᠢ ᠬᠠᠷᠠᠵᠤ ᠪᠠᠶᠢᠨ᠎ᠠ᠃ | ᠡᠨᠡ ᠤᠳᠠᠭ᠎ᠠ ᠶᠢᠨ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠶᠠᠮᠠᠷ ᠵᠥᠪᠯᠡᠬᠦ ᠵᠦᠢᠯ ᠢ | ᠰᠤᠳᠤᠯᠬᠤ᠂ ᠶᠠᠮᠠᠷ ᠲᠣᠭᠲᠠᠭᠠᠯ ᠭᠠᠷᠭᠠᠬᠤ᠂ ᠶᠠᠮᠠᠷ ᠠᠷᠭ᠎ᠠ ᠬᠡᠮᠵᠢᠶ᠎ᠡ ᠠᠪᠬᠤ᠂ ᠶᠠᠮᠠᠷ ᠳᠣᠬᠢᠶ᠎ᠠ ᠲᠡᠮᠳᠡᠭ ᠢ ᠳᠠᠮᠵᠢᠭᠤᠯᠬᠤ ᠪᠤᠢ᠂ | ᠨᠠᠮ ᠤᠨ ᠬᠤᠷᠢᠳᠤᠭᠠᠷ ᠶᠡᠭᠡ ᠬᠤᠷᠠᠯ ᠲᠡᠭᠦᠰᠦᠭᠰᠡᠨ ᠤ ᠳᠠᠷᠠᠭ᠎ᠠ ᠶᠡᠷᠦᠩᠬᠡᠢ ᠱᠦᠵᠢ ᠰᠢ ᠶᠢᠨ ᠫᠢᠩ ᠳᠠᠷᠤᠢ ᠡᠨᠡ ᠲᠤᠬᠠᠢ | ᠭᠦᠨᠵᠡᠭᠡᠢ ᠪᠣᠳᠣᠯᠬᠢᠯᠠᠭᠰᠠᠨ ᠪᠠᠶᠢᠪᠠ᠃ | ︽ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠴᠠᠭ ᠦᠶ᠎ᠡ ᠳᠤ᠂ ᠮᠠᠨ ᠤ ᠤᠯᠤᠰ ᠲᠣᠮᠣ ᠠᠯᠬᠤᠭ᠎ᠠ ᠪᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠨᠢ ᠥᠭᠡᠷᠡᠴᠢᠯᠡᠯᠲᠡ | ᠨᠡᠭᠡᠭᠡᠯᠲᠡ ᠳᠤ ᠲᠦᠰᠢᠭᠯᠡᠭᠰᠡᠨ ᠶᠤᠮ︾᠃ | ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ | ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠨᠢ ᠮᠥᠨ ᠴᠦ ᠥᠭᠡᠷᠡᠴᠢᠯᠡᠯᠲᠡ | ᠨᠡᠭᠡᠭᠡᠯᠲᠡ ᠳᠤ ᠲᠦᠰᠢᠭᠯᠡᠭᠰᠡᠨ ᠶᠤᠮ︾᠃ | ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠳᠤ ᠮᠥᠨ ᠯᠡ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠬᠦ ᠬᠡᠷᠡᠭᠲᠡᠢ︾᠃ | ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠡᠭᠦᠯᠡ ᠰᠠᠷᠨᠢᠵᠤ ᠡᠳᠦᠷ ᠴᠡᠯᠮᠡᠭᠵᠢᠭᠦᠶᠡ᠂ ᠶᠡᠷᠦᠩᠬᠡᠢ ᠱᠦᠵᠢ ᠰᠢ ᠶᠢᠨ | ᠫᠢᠩ ᠤᠨ ᠮᠠᠭᠠᠳᠯᠠᠯᠲᠠ ᠴᠠᠴᠠᠨ ᠰᠡᠷᠭᠡᠭ ᠪᠥᠭᠡᠳ ᠡᠷᠡᠰ ᠪᠠᠲᠤ ᠪᠠᠶᠢᠯ᠎ᠠ᠃ | ᠲᠡᠦᠬᠡ ᠶᠢᠨ ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠪᠠᠯ ᠰᠠᠶ᠋ᠢ ᠬᠥᠮᠥᠨ ᠤ ᠶᠢᠷᠲᠢᠨᠴᠦ ᠶᠢᠨ ᠵᠥᠪ | ᠵᠠᠮ ᠢᠶᠠᠷ ᠵᠠᠮᠨᠠᠵᠤ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠳᠤᠮᠳᠠ ᠬᠥᠭᠵᠢᠪᠡᠯ ᠰᠠᠶ᠋ᠢ ᠨᠡᠩ ᠥᠨᠳᠥᠷ ᠲᠤ ᠭᠠᠷᠴᠤ | ᠴᠢᠳᠠᠨ᠎ᠠ — | ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠰᠢᠨ᠎ᠡ | ᠠᠶᠠᠨ ᠵᠠᠮ ᠳᠠᠬᠢ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ︔ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ | ᠲᠦᠷᠦ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ︔ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ | ᠬᠤᠪᠢᠷᠠᠯᠲᠠ ᠳᠤ ᠨᠡᠩ ᠰᠠᠶᠢᠲᠤᠷ ᠵᠣᠬᠢᠴᠠᠬᠤ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ︔ | ᠬᠦᠨᠳᠦ ᠶᠡᠭᠡ ᠠᠶᠤᠯ ᠲᠦᠭᠰᠢᠭᠦᠷᠢ ᠰᠢᠯᠭᠠᠯᠲᠠ ᠶᠢ ᠠᠷᠭᠠᠴᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ | ᠲᠣᠭᠲᠠᠭᠤᠨ ᠢᠶᠠᠷ ᠬᠤᠯᠠ ᠠᠶᠠᠯᠠᠬᠤ ᠶᠢ ᠲᠦᠯᠬᠢᠨ ᠠᠬᠢᠭᠤᠯᠬᠤ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ ᠁ | 2023 ᠣᠨ ᠤ 11 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶ᠎ᠠ ᠤᠷᠢᠳ ᠬᠤᠵᠢᠳ ᠬᠤᠷᠠᠯ ᠬᠤᠷᠠᠯᠳᠤᠭᠤᠯᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ᠂ | ᠠᠯᠤᠰ ᠭᠡᠲᠦ ᠶᠢᠨ ᠨᠥᠯᠥᠭᠡ ᠲᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠪᠠ — ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ | ᠭᠤᠣᠯᠳᠠᠯᠭ᠎ᠠ ᠲᠠᠢ ᠰᠤᠳᠤᠯᠬᠤ ᠶᠢᠨ ᠬᠠᠮᠲᠤ ᠲᠣᠭᠲᠠᠭᠠᠯ ᠭᠠᠷᠭᠠᠨ᠎ᠠ᠃ | ᠡᠭᠦᠨ ᠤ ᠬᠠᠮᠲᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠢ ᠪᠠᠶᠢᠭᠤᠯᠵᠤ᠂ᠶᠡᠷᠦᠩᠬᠡᠢ ᠱᠦᠵᠢ ᠰᠢ ᠶᠢᠨ ᠫᠢᠩ ᠪᠢᠴᠢᠭ | ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠪᠡᠶ᠎ᠡ ᠪᠠᠷ ᠢᠶᠠᠨ ᠡᠭᠦᠷᠭᠡᠯᠡᠵᠡᠢ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠭᠤᠣᠯ | ᠰᠡᠳᠦᠪ ᠢ ᠶᠠᠭᠤᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠲᠣᠭᠲᠠᠭᠠᠭᠰᠠᠨ ᠪᠤᠢ︖ | ᠶᠡᠷᠦᠩᠬᠡᠢ ᠱᠦᠵᠢ ᠰᠢ ᠶᠢᠨ ᠫᠢᠩ᠄ ︽ᠤᠯᠤᠰ ᠤᠨ ᠳᠣᠲᠣᠭᠠᠳᠤ ᠭᠠᠳᠠᠭᠠᠳᠤ ᠳᠤ ᠪᠢᠳᠡᠨ ᠤ ᠥᠭᠡᠷᠡᠴᠢᠯᠡᠯᠲᠡ | ᠨᠡᠭᠡᠭᠡᠯᠲᠡ ᠶᠢᠨ ᠲᠤᠭ ᠢ ᠡᠷᠡᠰ ᠭᠤᠶᠢᠪᠢᠰᠢ ᠦᠭᠡᠢ ᠥᠨᠳᠥᠷ ᠮᠠᠨᠳᠤᠭᠤᠯᠬᠤ ᠴᠢᠩᠭ᠎ᠠ ᠳᠣᠬᠢᠶ᠎ᠠ ᠶᠢ ᠳᠠᠮᠵᠢᠭᠤᠯᠬᠤ ᠬᠡᠷᠡᠭᠲᠡᠢ︾ | ᠭᠡᠵᠦ ᠨᠢᠭᠡ ᠯᠡ ᠦᠭᠡ ᠪᠠᠷ ᠭᠤᠣᠯ ᠰᠠᠨᠠᠭ᠎ᠠ ᠶᠢ ᠨᠢ ᠨᠡᠪᠲᠡ ᠬᠡᠯᠡᠪᠡ᠃ | ᠲᠡᠦᠬᠡ ᠶᠢᠨ ᠠᠯᠤᠰ ᠤᠨ ᠲᠥᠯᠥᠪ ᠢ ᠨᠡᠭᠡᠭᠡᠨ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ | ᠪᠦᠭᠦ ᠲᠠᠯ᠎ᠠ ᠠᠴᠠ ᠪᠠᠷᠠᠯᠠᠪᠠᠯ᠂ ᠡᠨᠡ ᠬᠦ ᠭᠤᠣᠯ ᠰᠡᠳᠦᠪ ᠲᠤ ᠠᠭᠤᠯᠤᠭᠳᠠᠵᠤ ᠪᠠᠶᠢᠭ᠎ᠠ ᠭᠦᠨ ᠤᠳᠬ᠎ᠠ ᠠᠭᠤᠯᠭ᠎ᠠ ᠶᠢ ᠨᠡᠩ | ᠢᠯᠡᠭᠦᠦ ᠣᠶᠢᠯᠠᠭᠠᠵᠤ ᠴᠢᠳᠠᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠲᠡᠢ — | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ | ᠴᠢᠨᠠᠷᠲᠠᠢ ᠦᠢᠯᠡᠰ ᠮᠥᠨ᠂ ᠬᠠᠲᠠᠭᠤ ᠪᠡᠷᠬᠡ ᠴᠢᠨᠠᠷ ᠪᠣᠯᠣᠨ ᠨᠠᠷᠢᠨ ᠪᠤᠳᠤᠯᠢᠶᠠᠨᠲᠤ ᠴᠢᠨᠠᠷ ᠤᠷᠢᠳ ᠡᠮᠦᠨ᠎ᠡ ᠪᠠᠶᠢᠭ᠎ᠠ ᠦᠭᠡᠢ | ᠶᠤᠮ᠂ ᠤᠷᠤᠭᠰᠢᠯᠠᠯᠲᠠ ᠶᠢᠨ ᠵᠠᠮ ᠳᠡᠭᠡᠷ᠎ᠡ ᠡᠯ᠎ᠡ ᠵᠦᠢᠯ ᠤᠨ ᠲᠤᠬᠳᠠᠭᠠᠯᠳᠤ ᠪᠤᠰᠤ᠂ ᠲᠥᠰᠥᠭᠡᠯᠡᠬᠦᠶ᠎ᠡ ᠪᠡᠷᠬᠡ ᠠᠶᠤᠯ | ᠲᠦᠭᠰᠢᠭᠦᠷᠢ ᠥᠷᠢᠰᠦᠯᠳᠦᠭᠡᠨ ᠲᠤᠯᠭᠠᠷᠠᠬᠤ ᠨᠢ ᠵᠠᠶᠢᠯᠠᠰᠢ ᠦᠭᠡᠢ ᠶᠤᠮ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ | ᠵᠢᠯ ᠤᠨ ᠬᠤᠪᠢᠷᠠᠯᠲᠠ ᠲᠦᠷᠭᠡᠨ ᠬᠥᠭᠵᠢᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠳᠡᠯᠡᠬᠡᠢ ᠳ᠋ᠠᠬᠢᠨ ᠰᠢᠨ᠎ᠡ ᠲᠣᠭᠲᠠᠭᠤᠨ | ᠪᠤᠰᠤ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠮᠠᠨ ᠤ ᠤᠯᠤᠰ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠬᠥᠭᠵᠢᠯᠲᠡ ᠶᠢᠨ | ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠲᠣᠪᠣᠶᠢᠮ᠎ᠠ ᠣᠷᠣᠰᠢᠵᠤ᠂ ᠴᠥᠭᠡᠨ ᠪᠤᠰᠤ ᠭᠦᠨ | ᠳᠠᠪᠬᠤᠷᠭ᠎ᠠ ᠶᠢᠨ ᠵᠥᠷᠢᠴᠡᠯ ᠠᠴᠠ ᠵᠠᠶᠢᠯᠠᠵᠤ ᠳᠡᠶᠢᠯᠭᠦ ᠦᠭᠡᠢ᠂ ᠲᠣᠭᠤᠷᠢᠵᠤ ᠭᠠᠷᠴᠤ ᠳᠡᠶᠢᠯᠭᠦ ᠦᠭᠡᠢ ᠶᠤᠮ᠃ ᠡᠳᠡᠭᠡᠷ | ᠵᠥᠷᠢᠴᠡᠯ ᠠᠰᠠᠭᠤᠳᠠᠯ ᠢ ᠰᠢᠢᠳᠪᠦᠷᠢᠯᠡᠵᠦ᠂ ᠬᠠᠷᠢᠭᠤᠯᠲᠠ ᠥᠭᠬᠦ ᠳᠤ ᠡᠷᠬᠡᠪᠰᠢ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠲᠦᠰᠢᠭᠯᠡᠬᠦ ᠬᠡᠷᠡᠭᠲᠡᠢ᠃ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ — | ᠨᠠᠮ ᠤᠨ ᠭᠤᠣᠯ ᠡᠭᠦᠷᠭᠡ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠲᠥᠯᠥᠪᠯᠡᠵᠦ ᠪᠠᠶᠢᠷᠢᠯᠠᠭᠤᠯᠬᠤ ᠪᠣᠯ ᠨᠠᠮ ᠠᠴᠠ | ᠥᠭᠡᠷᠡᠴᠢᠯᠡᠯᠲᠡ ᠨᠡᠭᠡᠭᠡᠯᠲᠡ ᠶᠢ ᠤᠳᠤᠷᠢᠳᠤᠭᠰᠠᠨ ᠠᠮᠵᠢᠯᠲᠠᠲᠠᠢ ᠲᠤᠷᠰᠢᠯᠭ᠎ᠠ ᠮᠥᠨ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ | ᠠᠭᠤᠤ ᠦᠢᠯᠡᠰ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ | ᠭᠤᠣᠯ ᠡᠭᠦᠷᠭᠡ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠤᠨ | ᠲᠥᠰᠥᠪᠯᠡᠨ ᠥᠷᠨᠢᠭᠦᠯᠵᠦ᠂ᠬᠠᠷᠠᠯᠲᠠ ᠲᠣᠳᠣᠷᠬᠠᠢ᠂ ᠴᠢᠭᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠢᠭᠡᠳ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ᠂ ᠨᠢᠭᠲᠠ ᠤᠶᠠᠯᠳᠤᠭᠤᠯᠵᠤ᠂ ᠳᠣᠲᠣᠭᠠᠳᠤ ᠨᠢᠭᠡᠳᠦᠯ ᠲᠠᠢ ᠪᠠᠶᠢᠬᠤ | ᠬᠡᠷᠡᠭᠲᠡᠢ᠃ | ᠶᠠᠭ ᠶᠡᠷᠦᠩᠬᠡᠢ ᠱᠦᠵᠢ ᠰᠢ ᠶᠢᠨ ᠫᠢᠩ ᠤᠨ ᠬᠡᠯᠡᠭᠰᠡᠨᠴᠢᠯᠡᠨ᠄ ︽ᠨᠠᠮ ᠤᠨ ᠬᠤᠷᠢᠳᠤᠭᠠᠷ ᠶᠡᠭᠡ ᠬᠤᠷᠠᠯ ᠠᠴᠠ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠬᠢᠵᠡᠢ᠃ ᠡᠳᠡᠭᠡᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠢᠷᠤᠭ ᠲᠥᠰᠥᠪ ᠢ ᠪᠣᠳᠠᠲᠤ ᠠᠬᠤᠢ | ᠪᠣᠯᠭᠠᠨ ᠬᠤᠪᠢᠷᠠᠭᠤᠯᠬᠤ ᠶᠢᠨ ᠦᠨᠳᠦᠰᠦ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠡᠯ᠎ᠡ | ᠵᠦᠢᠯ ᠤᠨ ᠬᠠᠷᠰᠢ ᠰᠠᠭᠠᠳ ᠢ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠠᠰᠤᠷᠠᠯᠳᠠ ᠦᠭᠡᠢ | ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠳᠤ ᠪᠠᠶᠢᠨ᠎ᠠ︾᠃ | ᠲᠥᠯᠥᠪᠯᠡᠭᠡ ᠬᠥᠲᠥᠯᠪᠦᠷᠢ ᠶᠢ ᠲᠣᠭᠲᠠᠭᠠᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ᠎ᠠ᠃ | ᠤᠳᠠᠭ᠎ᠠ ᠪᠦᠷᠢ ᠶᠢᠨ ᠪᠠᠶᠢᠴᠠᠭᠠᠨ ᠰᠤᠳᠤᠯᠤᠯᠲᠠ᠂ ᠤᠳᠠᠭ᠎ᠠ ᠪᠦᠷᠢ ᠶᠢᠨ ᠶᠠᠷᠢᠯᠴᠠᠭ᠎ᠠ ᠰᠣᠯᠢᠯᠴᠠᠭ᠎ᠠ ᠳᠤᠮᠳᠠ᠂ | ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ | ᠵᠢᠯᠤᠭᠤᠳᠬᠤ ᠵᠠᠷᠴᠢᠮ᠂ ᠬᠠᠷᠠᠯᠲᠠ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ᠂ ᠰᠢᠨᠵᠢᠯᠡᠬᠦ ᠤᠬᠠᠭᠠᠨᠴᠢ ᠠᠷᠭ᠎ᠠ ᠵᠠᠮ ᠵᠡᠷᠭᠡ | ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠭᠦᠳᠡ | ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠢ ᠰᠠᠶᠢᠲᠤᠷ ᠬᠢᠬᠦ ᠳᠤ ᠬᠦᠴᠦᠲᠡᠢ ᠵᠢᠯᠣᠭᠤᠳᠤᠯᠭ᠎ᠠ ᠬᠠᠩᠭᠠᠪᠠ᠃ | ᠶᠡᠷᠦᠩᠬᠡᠢ ᠱᠦᠵᠢ ᠰᠢ ᠶᠢᠨ ᠫᠢᠩ᠂ ᠪᠦᠭᠦᠳᠠ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠴᠢᠬᠤᠯᠠ ᠶᠡᠭᠡ ᠪᠠᠶᠢᠭᠤᠯᠤᠯ ᠲᠣᠭᠲᠠᠴᠠ ᠶᠢᠨ ᠠᠰᠠᠭᠤᠳᠠᠯ᠂ ᠭᠦᠨ | ᠳᠠᠪᠬᠤᠷᠭ᠎ᠠ ᠶᠢᠨ ᠵᠥᠷᠢᠴᠡᠯ ᠪᠣᠯᠣᠨ ᠠᠰᠠᠭᠤᠳᠠᠯ ᠢ ᠠᠳᠬᠤᠵᠤ᠂ ᠭᠦᠨᠵᠡᠭᠡᠢ ᠰᠤᠳᠤᠯᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ | ᠵᠠᠩᠭᠢᠯᠠᠭ᠎ᠠ ᠶᠢ ᠣᠨᠣᠪᠴᠢᠲᠠᠢ ᠡᠷᠢᠵᠦ᠂ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ᠂ᠤᠷᠢᠳ ᠢᠶᠠᠷ | ᠪᠣᠳᠣᠯᠬᠢᠯᠠᠬᠤ ᠲᠡᠰ ᠳᠠᠷᠠᠭᠠᠯᠠᠯ᠂ ᠭᠤᠣᠯ ᠰᠢᠪᠲᠤᠯᠬᠤ ᠴᠢᠭᠯᠡᠯ᠂ ᠠᠵᠢᠯ ᠤᠨ ᠲᠣᠭᠲᠠᠴᠠ᠂ ᠠᠬᠢᠭᠤᠯᠬᠤ ᠠᠷᠭ᠎ᠠ ᠭᠡᠯᠪᠡᠷᠢ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠨᠡ ᠬᠦ ᠰᠠᠭᠤᠷᠢᠨ ᠳᠡᠭᠡᠷ᠎ᠡ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃ | ︽ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ | ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ | ᠡᠷᠡᠰ ᠵᠣᠷᠢᠭ ᠢᠶᠠᠷ᠂ ᠲᠣᠭᠤᠷᠢᠵᠤ ᠭᠠᠷᠬᠤ ᠦᠭᠡᠢ᠂ ᠵᠠᠶᠢᠯᠠᠭᠤᠯᠬᠤ ᠦᠭᠡᠢ ᠪᠠᠶᠢᠵᠤ᠂ ᠦᠨᠡᠨ ᠬᠦ ᠬᠢᠵᠦ᠂ ᠬᠠᠲᠠᠭᠤ ᠲᠠᠢ | ᠬᠠᠯᠳᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠶᠠᠪᠤᠭᠳᠠᠬᠤ ᠶᠢ ᠬᠠᠷᠰᠢᠯᠠᠬᠤ ᠠᠯᠢᠪᠠ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠪᠣᠯᠣᠨ ᠬᠢᠵᠠᠭᠠᠷᠯᠠᠬᠤ ᠬᠦᠴᠦᠨ ᠵᠦᠢᠯ ᠢ ᠡᠷᠡᠰ ᠠᠷᠢᠯᠭᠠᠵᠤ᠂ ᠤᠨᠢᠨ ᠳᠡᠭᠡᠷ᠎ᠡ | ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠠᠮᠢᠳᠤᠯᠢᠭ ᠪᠠᠶᠢᠳᠠᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ︾᠃ | ᠥᠭᠡᠷᠡᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠴᠠᠭ ᠦᠶ᠎ᠡ ᠶᠢᠨ ᠶᠡᠭᠡ ᠤᠷᠤᠰᠬᠠᠯ ᠬᠤᠷᠢᠭᠯᠠᠭᠳᠠᠰᠢ ᠦᠭᠡᠢ | ᠶᠤᠮ᠃ | ᠤᠯᠠᠨ ᠲᠦᠮᠡᠨ ᠤ ᠤᠶᠤᠨ ᠤᠬᠠᠭᠠᠨ ᠠᠷᠠᠳ ᠤᠨ ᠰᠠᠨᠠᠭ᠎ᠠ ᠶᠢ ᠲᠥᠪᠯᠡᠷᠡᠭᠦᠯᠵᠦ ᠢᠲᠡᠭᠡᠯ ᠵᠣᠷᠢᠭ ᠬᠠᠮᠲᠤ ᠶᠢᠨ | ᠲᠠᠨᠢᠯᠲᠠ ᠶᠢ ᠨᠢᠭᠲᠠᠷᠠᠭᠤᠯᠤᠨ᠎ᠠ — ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠢᠮᠠᠭᠲᠠ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ ᠶᠠᠪᠤᠭᠳᠠᠵᠤ᠂ ᠠᠷᠠᠳᠴᠢᠯᠠᠯ ᠢ ᠪᠠᠳᠠᠷᠠᠭᠤᠯᠵᠤ᠂ | ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠦᠭᠦ ᠶᠠᠪᠤᠴᠠ ᠳᠤ ᠲᠤᠭᠤᠰᠢᠯᠠᠭᠤᠯᠪᠠ | 2023 ᠣᠨ ᠤ 12 ᠰᠠᠷ᠎ᠠ ᠶᠢᠨ 8 ᠤ ᠡᠳᠦᠷ᠂ ᠪᠡᠭᠡᠵᠢᠩ ᠤᠨ ᠵᠥᠩ ᠨᠠᠨ ᠬᠠᠢ ᠳᠤ᠃ ᠶᠡᠷᠦᠩᠬᠡᠢ ᠱᠦᠵᠢ ᠰᠢ ᠶᠢᠨ | ᠫᠢᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠪᠢᠴᠢᠭ | ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠤᠨ ᠠᠩᠬᠠᠳᠤᠭᠠᠷ ᠪᠦᠭᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ | ︽ᠨᠠᠮ ᠤᠨ ᠲᠥᠪ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠡᠨᠡ ᠬᠦ ᠴᠢᠬᠤᠯᠠ ᠶᠡᠭᠡ ᠡᠭᠦᠷᠭᠡ ᠶᠢ ᠤᠯᠠᠨ ᠳᠤ ᠲᠤᠰᠢᠶᠠᠭᠰᠠᠨ ᠨᠢ | ᠤᠯᠠᠨ ᠳᠤ ᠭᠦᠢᠴᠡᠳ ᠢᠲᠡᠭᠡᠭᠰᠡᠨ ᠶᠠᠪᠤᠳᠠᠯ ᠪᠤᠯᠬᠤ ᠪᠥᠭᠡᠳ ᠪᠠᠰᠠ ᠴᠤ ᠤᠯᠠᠨ ᠤ ᠢᠷᠠᠭᠤ ᠠᠯᠳᠠᠷ ᠪᠠ ᠬᠠᠷᠢᠭᠤᠴᠠᠯᠭ᠎ᠠ | ᠪᠤᠯᠬᠤ ᠶᠤᠮ︾᠃ ᠲᠤᠬᠠᠢ ᠶᠢᠨ ᠲᠠᠯᠠᠪᠠᠢ ᠳᠤ ᠪᠠᠶᠢᠭᠰᠠᠨ 70 ᠭᠠᠷᠤᠢ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ | ᠨᠥᠬᠦᠳ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ᠄ ︽ᠤᠯᠠᠨ ᠢᠶᠠᠷ ᠢᠶᠠᠨ ᠨᠠᠮ ᠳᠠᠭᠠᠨ ᠦᠨᠡᠨᠴᠢ ᠰᠢᠳᠤᠷᠭᠤ᠂ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠵᠦ᠂ | ᠯᠠᠪᠳᠠᠭᠤᠨ ᠪᠠᠲᠤᠲᠠᠢ ᠠᠵᠢᠯᠯᠠᠵᠤ᠂ ᠨᠠᠮ ᠤᠨ ᠲᠥᠪ ᠬᠤᠷᠢᠶᠠᠨ ᠤ ᠲᠤᠰᠢᠶᠠᠭᠰᠠᠨ ᠪᠦᠭᠦᠳᠠ ᠬᠤᠷᠠᠯ ᠤᠨ ᠪᠢᠴᠢᠭ ᠮᠠᠲ᠋ᠧᠷᠢᠶᠠᠯ | ᠲᠤᠭᠤᠷᠪᠢᠬᠤ ᠡᠭᠦᠷᠭᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ︾ ᠭᠡᠵᠦ ᠱᠠᠭᠠᠷᠳᠠᠯᠭ᠎ᠠ ᠳᠤᠷᠠᠳᠪᠠ᠃ | ᠡᠭᠦᠨ ᠠᠴᠠ ᠬᠤᠶᠢᠰᠢᠬᠢ 200 ᠭᠠᠷᠤᠢ ᠡᠳᠦᠷ ᠬᠤᠨᠤᠭ ᠤᠳ ᠲᠤ᠂ ᠪᠢᠴᠢᠭ ᠮᠠᠲ᠋ᠧᠷᠢᠶᠠᠯ ᠲᠤᠭᠤᠷᠪᠢᠬᠤ ᠠᠵᠢᠯ | ᠪᠠᠴᠢᠮ ᠶᠠᠭᠠᠷᠠᠯᠲᠠᠢ ᠶᠠᠪᠤᠭᠳᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠳᠡᠶᠢᠯᠭᠦ | ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠪᠦᠭᠦ ᠬᠦᠴᠦᠨ ᠢᠶᠠᠷ ᠢᠶᠠᠨ ᠭᠠᠷᠭᠠᠪᠠ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠥᠭᠡᠷᠡᠴᠢᠯᠡᠯᠲᠡ ᠨᠡᠭᠡᠭᠡᠯᠲᠡ | ᠬᠢᠭᠰᠡᠨ 40 ᠭᠠᠷᠤᠢ ᠵᠢᠯ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠠᠮᠵᠢᠯᠲᠠ ᠣᠯᠣᠭᠰᠠᠨ ᠰᠠᠭᠤᠷᠢᠨ ᠳᠡᠭᠡᠷ᠎ᠡ ᠠᠬᠢᠭᠤᠯᠤᠭᠰᠠᠨ ᠶᠤᠮ᠃ ᠪᠢᠴᠢᠭ | ᠮᠠᠲ᠋ᠧᠷᠢᠶᠠᠯ ᠲᠤᠭᠤᠷᠪᠢᠬᠤ ᠠᠵᠢᠯ ᠡᠬᠢᠯᠡᠭᠰᠡᠨ ᠡᠬᠢᠨ ᠤ ᠦᠶ᠎ᠡ ᠳᠤ᠂ ᠤᠯᠠᠨ ᠢᠶᠠᠷ ᠢᠶᠠᠨ᠄ ᠡᠯ᠎ᠡ ᠬᠦᠷᠢᠶᠡᠨ ᠳᠤ ᠲᠤᠯᠭᠠᠷᠠᠵᠤ | ᠪᠠᠶᠢᠭ᠎ᠠ ᠭᠤᠣᠯ ᠠᠰᠠᠭᠤᠳᠠᠯ ᠨᠢ ᠴᠣᠬᠤᠮ ᠶᠠᠭᠤ ᠪᠤᠢ︖ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠶᠠᠮᠠᠷ ᠶᠠᠮᠠᠷ ᠪᠠᠶᠢᠭᠤᠯᠤᠯ ᠲᠣᠭᠲᠠᠴᠠ ᠶᠢᠨ ᠠᠰᠠᠭᠤᠳᠠᠯ᠂ ᠭᠦᠨ ᠳᠠᠪᠬᠤᠷᠭ᠎ᠠ ᠶᠢᠨ ᠵᠥᠷᠢᠴᠡᠯ ᠪᠠ | ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠤᠢ︖ | ︽ᠨᠠᠮ ᠤᠨ ᠲᠥᠪ ᠬᠤᠷᠢᠶ᠎ᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠬᠦ ᠳᠡᠭᠡᠨ ᠴᠥᠮ | ᠠᠷᠠᠳᠴᠢᠯᠠᠯ ᠢ ᠥᠷᠭᠡᠨ ᠢᠶᠠᠷ ᠪᠠᠳᠠᠷᠠᠭᠤᠯᠵᠤ᠂ ᠪᠦᠭᠦ ᠨᠠᠮ ᠪᠦᠭᠦ ᠤᠯᠤᠰ ᠤᠨ ᠤᠶᠤᠨ ᠤᠬᠠᠭᠠᠨ ᠢ ᠲᠥᠪᠯᠡᠷᠡᠭᠦᠯᠳᠡᠭ᠃ ᠡᠨᠡ | ᠪᠣᠯ ᠪᠠᠰᠠ ᠴᠤ ᠮᠠᠨ ᠤ ᠨᠠᠮ ᠤᠨ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠭᠰᠡᠨ ᠨᠢᠭᠡᠨ ᠠᠮᠵᠢᠯᠲᠠ ᠲᠠᠢ | ᠲᠤᠷᠰᠢᠯᠭ᠎ᠠ ᠮᠥᠨ︾᠃ ᠶᠡᠷᠦᠩᠬᠡᠢ ᠱᠦᠵᠢ ᠰᠢ ᠶᠢᠨ ᠫᠢᠩ᠄ ︽ᠠᠷᠠᠳᠴᠢᠯᠠᠯ ᠢ ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ | ᠲᠥᠪᠯᠡᠷᠡᠭᠦᠯᠬᠦ ᠶᠢ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ︾ ᠭᠡᠵᠦ | ᠣᠯᠠᠨᠲᠠ ᠴᠢᠬᠤᠯᠠᠴᠢᠯᠠᠪᠠ᠃ | 2023 ᠣᠨ ᠤ 11 ᠰᠠᠷ᠎ᠠ ᠶᠢᠨ ᠰᠡᠭᠦᠯᠴᠢ ᠪᠠᠷ᠂ ᠨᠠᠮ ᠤᠨ ᠲᠥᠪ ᠬᠤᠷᠢᠶ᠎ᠠ ᠮᠡᠳᠡᠭᠳᠡᠯ ᠪᠠᠭᠤᠯᠭᠠᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠥᠪᠯᠡᠬᠦ ᠵᠦᠢᠯ ᠤᠨ ᠲᠤᠬᠠᠢ | ᠨᠠᠮ ᠤᠨ ᠳᠣᠲᠣᠭᠠᠳᠤ ᠶᠢᠨ ᠵᠣᠬᠢᠬᠤ ᠬᠡᠪᠴᠢᠶᠡᠨ ᠠᠴᠠ ᠰᠠᠨᠠᠯ ᠬᠤᠷᠢᠶᠠᠪᠠ᠃ ᠡᠭᠦᠨ ᠤ ᠬᠠᠮᠲᠤ ᠵᠣᠬᠢᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠨᠠᠮ ᠤᠨ ᠭᠠᠳᠠᠨᠠᠬᠢ ᠬᠡᠰᠡᠭ ᠬᠥᠮᠥᠰ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ | ᠤᠳᠠᠯ ᠦᠭᠡᠢ᠂ ᠨᠠᠮ ᠤᠨ ᠪᠠᠶᠢᠳᠠᠯ ᠤᠯᠤᠰ ᠤᠨ ᠪᠠᠶᠢᠳᠠᠯ ᠳᠡᠯᠡᠬᠡᠢ ᠶᠢᠨ ᠪᠠᠶᠢᠳᠠᠯ ᠤᠨ ᠲᠤᠬᠠᠢ ᠪᠠᠶᠢᠴᠠᠭᠠᠨ | ᠰᠤᠳᠤᠯᠤᠯᠲᠠ ᠪᠠ ᠪᠣᠳᠣᠯᠬᠢᠯᠠᠯ ᠢ ᠡᠪᠦᠷᠯᠡᠨ᠂ ᠡᠯ᠎ᠡ ᠲᠠᠯ᠎ᠠ ᠶᠢᠨ ᠣᠶᠤᠨ ᠤᠬᠠᠭᠠᠨ ᠢ ᠨᠢᠭᠲᠠᠷᠠᠭᠤᠯᠵᠤ᠂ 111 ᠬᠤᠪᠢ ᠰᠠᠨᠠᠯ | ᠪᠠ ᠰᠠᠨᠠᠭᠤᠯᠭ᠎ᠠ ᠳᠥᠷᠪᠡᠨ ᠵᠦᠭ ᠨᠠᠢᠮᠠᠨ ᠵᠣᠪᠬᠢᠰ ᠠᠴᠠ ᠴᠤᠭᠯᠠᠷᠠᠪᠠ᠃ | ᠤᠷᠢᠳ ᠢᠶᠠᠷ ᠪᠠᠶᠢᠴᠠᠭᠠᠨ ᠰᠤᠳᠤᠯᠵᠤ᠂ ᠰᠠᠨᠠᠭ᠎ᠠ ᠨᠢ ᠲᠤᠭᠤᠷᠪᠢᠬᠤ ᠠᠴᠠ ᠡᠮᠦᠨ᠎ᠡ ᠪᠠᠶᠢᠳᠠᠭ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠭᠦᠨᠵᠡᠭᠡᠢ | ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ | ᠡᠷᠢᠨ ᠣᠯᠵᠤ᠂ ᠬᠠᠷᠠᠯᠲᠠ ᠲᠠᠢ ᠪᠠᠷ ᠬᠦᠴᠦᠯᠡᠵᠦ᠂ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ ᠬᠡᠷᠡᠭᠲᠡᠢ᠃ | ᠲᠠᠷᠢᠶᠠᠨ ᠭᠠᠵᠠᠷ ᠦᠩᠵᠢᠨ ᠰᠢᠮᠡᠵᠢᠵᠦ᠂ ᠨᠣᠮᠢᠨ ᠤᠰᠤ ᠳᠣᠯᠭᠢᠶᠠᠯᠠᠨ ᠤᠷᠤᠰᠤᠨ᠎ᠠ᠃2024 ᠣᠨ ᠤ 3 ᠰᠠᠷ᠎ᠠ ᠶᠢᠨ | 19 ᠤ ᠡᠳᠦᠷ᠂ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ | ᠬᠤᠨᠠᠨ ᠮᠤᠵᠢ ᠶᠢᠨ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠠᠮᠤ ᠪᠤᠳᠠᠭᠠᠨ ᠤ | ᠦᠢᠯᠡᠳᠪᠦᠷᠢᠯᠡᠯ ᠤᠨ ᠲᠦᠮᠡᠨ ᠮᠦ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ ᠲᠠᠷᠢᠶᠠᠯᠠᠩ ᠤᠨ | ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ | ᠵᠡᠷᠭᠡ ᠲᠠᠢ ᠳᠣᠲᠣᠨᠣ ᠪᠠᠷ ᠶᠠᠷᠢᠯᠴᠠᠪᠠ ᠁ | ᠬᠠᠪᠤᠷ ᠤᠨ ᠲᠠᠷᠢᠶᠠᠯᠠᠭ᠎ᠠ᠂ ᠵᠤᠨ ᠤ ᠠᠷᠠᠴᠢᠯᠠᠭ᠎ᠠ᠂ ᠨᠠᠮᠤᠷ ᠤᠨ ᠬᠤᠷᠢᠶᠠᠯᠲᠠ᠂ ᠡᠪᠦᠯ ᠤᠨ ᠬᠠᠳᠠᠭᠠᠯᠠᠮᠵᠢ ᠭᠡᠳᠡᠭ᠂ | ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠣᠷᠣᠨ ᠨᠤᠲᠤᠭ ᠢᠶᠠᠷ ᠰᠢᠨᠵᠢᠯᠡᠨ ᠪᠠᠶᠢᠴᠠᠭᠠᠬᠤ ᠳᠠᠭᠠᠨ ︽ᠳᠤᠮᠳᠠᠳᠤ | ᠤᠯᠤᠰ ᠤᠨ ᠪᠤᠳᠠᠭᠠᠨ ᠠᠶᠠᠭ᠎ᠠ︾ ᠶᠢ ᠠᠩᠬᠠᠷᠴᠤ᠂ ᠥᠷᠭᠡᠨ ᠠᠭᠤᠳᠠᠮ ᠡᠬᠡ ᠭᠠᠵᠠᠷ ᠲᠤ ᠵᠣᠭᠰᠣᠨ ᠲᠠᠷᠢᠶᠠᠯᠠᠩ ᠢ | ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠪᠠ ᠬᠥᠳᠡᠭᠡ ᠲᠣᠰᠬᠤᠨ ᠤ | ᠥᠭᠡᠷᠡᠴᠢᠯᠡᠯᠲᠡ ᠶᠢᠨ ᠠᠰᠠᠭᠤᠳᠠᠯ ᠢ ᠪᠣᠳᠣᠯᠬᠢᠯᠠᠪᠠ᠃ | ᠰᠡᠳᠬᠢᠯ ᠰᠢᠭᠤᠳᠤᠨ ᠰᠤᠳᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠦᠢᠯᠡᠳᠦᠯᠭᠡ ᠠᠴᠠ | ᠬᠠᠷᠢᠭᠤᠯᠲᠠ ᠣᠯᠣᠨ᠎ᠠ — ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠣᠷᠣᠯᠴᠠᠵᠤ ᠴᠢᠷᠮᠠᠶᠢᠨ ᠬᠢᠵᠦ᠂ | ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠪᠡ᠃ | ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ | ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ | ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ | ᠣᠶᠢᠯᠠᠭᠠᠵᠤ᠂ ᠶᠡᠷᠦᠩᠬᠡᠢ ᠱᠦᠵᠢ ᠶᠢᠨ ᠦᠵᠡᠯ ᠰᠠᠨᠠᠭ᠎ᠠ᠂ ᠨᠠᠮ ᠤᠨ ᠲᠥᠪ ᠬᠤᠷᠢᠶᠠᠨ ᠤ ᠵᠣᠷᠢᠯᠲᠠ᠂ ᠰᠢᠨ᠎ᠡ ᠴᠠᠭ ᠦᠶ᠎ᠡ ᠶᠢᠨ | ᠱᠠᠭᠠᠷᠳᠠᠯᠭ᠎ᠠ ᠶᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠪᠣᠳᠠᠲᠠᠢ | ᠨᠠᠶᠢᠳᠠᠪᠤᠷᠢᠵᠢᠭᠤᠯᠬᠤ ᠶᠢ ᠰᠤᠳᠤᠯᠤᠨ ᠪᠣᠳᠣᠯᠬᠢᠯᠠᠪᠠ᠃ | ᠡᠭᠦᠨ ᠤ ᠬᠠᠮᠲᠤ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠪᠠ ᠨᠠᠮ ᠤᠨ ᠲᠥᠪ ᠬᠤᠷᠢᠶᠠᠨ ᠤ | ᠲᠣᠬᠢᠷᠠᠭᠤᠯᠤᠯᠲᠠ ᠶᠣᠰᠣᠭᠠᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠪᠠᠶᠢᠴᠠᠭᠠᠨ ᠰᠤᠳᠤᠯᠤᠯᠲᠠ ᠶᠢ ᠨᠠᠷᠢᠨ | ᠬᠢᠨᠠᠮᠠᠭᠠᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠳᠤᠮᠳᠠ ᠪᠠᠨ ᠤᠯᠠᠮ ᠨᠢᠭᠡ ᠠᠯᠬᠤᠮ ᠭᠦᠨᠵᠡᠭᠡᠢ ᠰᠡᠳᠬᠢᠨ | ᠪᠣᠳᠣᠯᠬᠢᠯᠠᠵᠤ᠂ ᠰᠢᠩᠭᠡᠬᠡᠨ ᠠᠪᠴᠤ᠂ ᠡᠯ᠎ᠡ ᠲᠠᠯ᠎ᠠ ᠶᠢᠨ ᠣᠶᠤᠨ ᠤᠬᠠᠭᠠᠨ ᠢ ᠬᠤᠷᠠᠮᠳᠤᠭᠤᠯᠵᠤ᠂ ᠨᠠᠩ ᠲᠥᠪᠯᠡᠷᠡᠩᠭᠦᠢ | ᠥᠭᠡᠷᠡᠴᠢᠯᠡᠯᠲᠡ ᠶᠢᠨ ᠠᠩᠬᠠᠷᠤᠯ ᠤᠨ ᠴᠡᠭ ᠢ ᠪᠤᠶ ᠪᠣᠯᠭᠠᠪᠠ᠃ | 2023 ᠣᠨ ᠤ 12 ᠰᠠᠷ᠎ᠠ ᠳᠤ᠂ ᠪᠦᠭᠦᠳᠡ ᠬᠤᠷᠠᠯ ᠤᠨ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ | ᠰᠤᠳᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠥᠪ ᠤᠨ 55 ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠨᠢᠭᠡᠴᠢ ᠶᠢ ᠲᠣᠬᠢᠷᠠᠭᠤᠯᠵᠤ 38 ᠭᠤᠣᠯᠳᠠᠯᠭ᠎ᠠ ᠲᠠᠢ ᠰᠡᠳᠦᠪ ᠤᠨ ᠲᠤᠬᠠᠢ ᠪᠠᠶᠢᠴᠠᠭᠠᠨ ᠰᠤᠳᠤᠯᠤᠯᠲᠠ | ᠭᠢᠯᠭᠡᠵᠦ᠂ ᠡᠭᠦᠨ ᠤ ᠳᠠᠷᠠᠭ᠎ᠠ 78 ᠬᠤᠪᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠭᠠᠷᠭᠠᠪᠠ᠂ ᠡᠭᠦᠨ ᠤ ᠬᠠᠮᠲᠤ | 16 ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠡᠯ᠎ᠡ ᠮᠤᠵᠢ ᠣᠷᠣᠨ ᠬᠤᠲᠠ᠂ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠠ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ ᠬᠦᠷᠴᠦ | ᠪᠠᠶᠢᠴᠠᠭᠠᠨ ᠰᠤᠳᠤᠯᠤᠯᠲᠠ ᠬᠢᠪᠡ᠃ | 2023 ᠣᠨ ᠤ 12 ᠰᠠᠷ᠎ᠠ ᠶᠢᠨ ᠰᠡᠭᠦᠯᠴᠢ ᠠᠴᠠ ᠡᠬᠢᠯᠡᠨ᠂ ᠪᠦᠭᠦᠳᠡ ᠬᠤᠷᠠᠯ ᠤᠨ ᠵᠥᠪᠯᠡᠬᠦ ᠰᠡᠳᠦᠪ ᠤᠨ ᠲᠤᠬᠠᠢ | ᠨᠠᠮ ᠪᠣᠯᠣᠨ ᠤᠯᠤᠰ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠮᠤᠵᠢ ᠶᠠᠮᠤᠨ ᠤ ᠲᠠᠰ ᠤᠨ ᠭᠤᠣᠯ | ᠤᠳᠤᠷᠢᠳᠬᠤ ᠨᠥᠬᠦᠳ ᠤᠨ ᠰᠠᠨᠠᠯ ᠢ ᠰᠣᠨᠣᠰᠴᠤ᠂ ᠨᠢᠭᠡᠳ ᠨᠢᠭᠡ ᠪᠠᠷ ᠲᠤᠰᠠᠭᠠᠷ ᠰᠤᠷᠪᠤᠯᠵᠢᠯᠠᠨ ᠶᠠᠷᠢᠯᠴᠠᠭᠰᠠᠨ ᠪᠥᠭᠡᠳ | ᠨᠢᠭᠡ ᠬᠥᠮᠥᠨ ᠨᠢᠭᠡ ᠡᠬᠡ ᠪᠢᠴᠢᠭ ᠤᠨ ᠰᠣᠷᠪᠤᠯᠵᠢᠯᠠᠭ᠎ᠠ ᠶᠢᠨ ᠲᠡᠮᠳᠡᠭᠯᠡᠯ ᠲᠠᠢ ᠪᠣᠯᠪᠠ᠃ | ᠶᠡᠷᠦᠩᠬᠡᠢ ᠱᠦᠵᠢ ᠰᠢ ᠶᠢᠨ ᠫᠢᠩ ᠨᠠᠮ ᠪᠣᠯᠣᠨ ᠤᠯᠤᠰ ᠤᠨ ᠤᠳᠤᠷᠢᠳᠬᠤ ᠨᠥᠬᠦᠳ ᠤᠨ ᠰᠠᠨᠠᠯ ᠵᠢᠴᠢ ᠮᠤᠵᠢ | ᠶᠠᠮᠤᠨ ᠤ ᠲᠡᠰ ᠤᠨ ᠭᠤᠣᠯ ᠬᠠᠷᠢᠭᠤᠴᠠᠯᠭᠠᠲᠠᠨ ᠨᠥᠬᠦᠳ ᠤᠨ ᠰᠤᠷᠪᠤᠯᠵᠢᠯᠠᠭᠰᠠᠨ ᠮᠡᠳᠡᠭᠦᠯᠦᠯᠲᠡ ᠶᠢ ᠨᠢᠭᠡᠳ ᠨᠢᠭᠡ ᠪᠠᠷ | ᠬᠢᠨᠠᠨ ᠦᠵᠡᠵᠦ᠂ ᠴᠢᠬᠤᠯᠠ ᠰᠠᠨᠠᠯ ᠰᠠᠨᠠᠭᠤᠯᠭ᠎ᠠ ᠳᠤ ᠪᠠᠰᠠ ᠴᠣᠬᠤᠯᠠᠪᠤᠷᠢ ᠬᠢᠵᠡᠢ᠃ | ᠰᠢᠭᠤᠳ ᠪᠠᠶᠢᠴᠠᠭᠠᠨ ᠰᠤᠳᠤᠯᠤᠯᠲᠠ ᠬᠢᠬᠦ᠂ ᠰᠠᠯᠠᠭ᠎ᠠ ᠮᠥᠴᠢᠷ ᠪᠣᠯᠣᠨ ᠪᠠᠶᠢᠭᠤᠯᠤᠮᠵᠢ ᠳᠤ ᠨᠠᠶᠢᠳᠠᠨ ᠪᠠᠶᠢᠴᠠᠭᠠᠨ | ᠰᠤᠳᠤᠯᠤᠯᠲᠠ ᠬᠢᠬᠦ᠂ ᠲᠤᠰᠬᠠᠢ ᠰᠡᠳᠦᠪ ᠢᠶᠠᠷ ᠨᠤᠲᠠᠯᠠᠯᠲᠠ ᠬᠢᠬᠦ᠂ ᠲᠤᠰᠬᠠᠢ ᠮᠡᠷᠭᠡᠵᠢᠯᠲᠡᠨ ᠤ ᠰᠠᠨᠠᠯ ᠢ ᠰᠣᠨᠣᠰᠬᠤ ᠁ | ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠰᠡᠳᠦᠪ ᠨᠢ ᠶᠠᠭ ᠡᠶᠢᠮᠦᠷᠬᠦᠦ ᠪᠠᠶᠢᠴᠠᠭᠠᠨ ᠰᠤᠳᠤᠯᠤᠯᠲᠠ ᠶᠢᠨ | ᠶᠠᠪᠤᠴᠠ ᠳᠤ ᠲᠠᠰᠤᠷᠠᠯᠳᠠ ᠦᠭᠡᠢ ᠬᠠᠷᠢᠭᠤᠯᠲᠠ ᠥᠭᠭᠦᠭᠰᠡᠨ ᠪᠠᠶᠢᠨ᠎ᠠ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠶᠠᠮᠠᠷ ᠴᠢᠭᠯᠡᠯ ᠲᠡᠶᠢᠰᠢ | ᠶᠠᠪᠤᠬᠤ ᠪᠣᠯ ᠦᠨᠳᠦᠰᠦᠨ ᠴᠢᠨᠠᠷᠲᠠᠢ ᠠᠰᠠᠭᠤᠳᠠᠯ ᠮᠥᠨ᠃ | ᠡᠭᠦᠨ ᠳᠤ᠂ ᠶᠡᠷᠦᠩᠬᠡᠢ ᠱᠦᠵᠢ ᠰᠢ ᠶᠢᠨ ᠫᠢᠩ᠄ ︽ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠬᠡᠷᠡᠭᠲᠡᠢ᠂ | ᠥᠭᠡᠷᠡᠴᠢᠯᠡᠯᠲᠡ ᠶᠢ ᠶᠠᠭᠠᠬᠢᠵᠤ ᠥᠭᠡᠷᠡᠴᠢᠯᠡᠭᠰᠡᠨ ᠴᠦ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ | ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠬᠤ᠂ | ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠬᠤ ᠵᠡᠷᠭᠡ ᠦᠨᠳᠦᠰᠦᠨ ᠵᠦᠢᠯ ᠢ ᠶᠠᠭᠠᠬᠢᠭᠰᠠᠨ ᠴᠤ | ᠭᠤᠶᠢᠪᠢᠯᠵᠠᠭᠤᠯᠵᠤ ᠪᠤᠯᠬᠤ ᠦᠭᠡᠢ᠂ ᠡᠭᠦᠨ ᠤ ᠵᠡᠷᠭᠡ ᠪᠠᠷ ᠵᠣᠷᠢᠭᠲᠠᠢ ᠪᠠᠷ ᠰᠢᠨ᠎ᠡ ᠶᠢ ᠡᠭᠦᠳᠴᠦ᠂ ᠥᠭᠡᠷᠡᠴᠢᠯᠡᠬᠦ ᠴᠢᠬᠤᠯᠠᠲᠠᠢ | ᠥᠭᠡᠷᠡᠴᠢᠯᠡᠵᠦ ᠳᠡᠶᠢᠯᠭᠦ ᠶᠢ ᠨᠢ ᠰᠠᠶᠢᠲᠤᠷ ᠥᠭᠡᠷᠡᠴᠢᠯᠡᠵᠦ᠂ ᠲᠤᠭᠤᠰᠢᠲᠠᠢ ᠥᠭᠡᠷᠡᠴᠢᠯᠡᠵᠦ᠂ ᠬᠠᠷᠠᠯᠲᠠ ᠪᠠᠨ ᠲᠣᠭᠲᠠᠭᠠᠪᠠᠯ | ᠡᠷᠡᠰ ᠭᠤᠶᠢᠪᠢᠰᠢ ᠦᠭᠡᠢ ᠠᠳᠬᠤᠬᠤ ᠬᠡᠷᠡᠭᠲᠡᠢ︾ ᠭᠡᠵᠦ ᠡᠷᠡᠰ ᠪᠠᠲᠤ ᠬᠡᠯᠡᠪᠡ᠃ | ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ ᠳᠤ ᠪᠦᠭᠦᠳᠡ ᠬᠤᠷᠠᠯ ᠤᠨ ᠲᠣᠭᠲᠠᠭᠠᠯ ᠨᠢ ︽ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠦᠭᠦ ᠲᠠᠯ᠎ᠠ ᠶᠢᠨ ᠴᠢᠨᠠᠷᠲᠠᠢ᠂ ᠬᠥᠲᠥᠯᠥᠨ ᠳᠠᠭᠠᠭᠤᠯᠬᠤ | ᠴᠢᠨᠠᠷᠲᠠᠢ ᠦᠢᠯᠡᠳᠦᠯ ᠦᠵᠡᠭᠦᠯᠵᠦ ᠪᠠᠶᠢᠬᠤ ᠪᠢᠴᠢᠭ ᠮᠠᠲ᠋ᠧᠷᠢᠶᠠᠯ ᠪᠣᠯᠣᠨ᠎ᠠ᠂ ᠡᠷᠬᠡᠪᠰᠢ ᠭᠤᠣᠯᠳᠠᠯᠭ᠎ᠠ ᠶᠢ ᠨᠡᠩ | ᠳᠤᠪᠤᠶᠢᠯᠭᠠᠵᠤ᠂ ᠭᠤᠣᠯᠳᠠᠯᠭ᠎ᠠ ᠪᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠤᠯᠪᠣᠭᠳᠠᠬᠤ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠡᠭᠡᠷ᠎ᠡ ᠲᠠᠯᠪᠢᠬᠤ ᠬᠡᠷᠡᠭᠲᠡᠢ︾᠃ | ︽ᠡᠩ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠢᠴᠢᠬᠦ ᠦᠭᠡᠢ᠂ ᠬᠥᠭᠵᠢᠯᠲᠡ ᠶᠢᠨ ᠴᠢᠨᠠᠷᠲᠠᠢ | ᠠᠷᠭ᠎ᠠ ᠬᠡᠮᠵᠢᠶ᠎ᠡ ᠶᠢ ᠪᠢᠴᠢᠬᠦ ᠦᠭᠡᠢ᠂ ᠲᠥᠪ ᠠᠴᠠ ᠨᠢᠭᠡᠨᠲᠡ ᠪᠠᠶᠢᠷᠢᠯᠠᠭᠤᠯᠤᠭᠰᠠᠨ ᠶᠠᠭ ᠬᠡᠷᠡᠭᠵᠢᠭᠦᠯᠵᠦ ᠪᠠᠶᠢᠭ᠎ᠠ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠢᠴᠢᠬᠦ ᠦᠭᠡᠢ ᠪᠠᠶᠢᠵᠤ᠂ ᠲᠣᠭᠲᠠᠭᠠᠯ ᠤᠨ ᠨᠣᠣᠷᠠᠭ ᠤᠨ ᠥᠭᠡᠷᠡᠴᠢᠯᠡᠯᠲᠡ ᠶᠢᠨ | ᠶᠠᠰᠤ ᠴᠢᠨᠠᠷ ᠢ ᠨᠠᠩ ᠭᠦᠢᠴᠡᠳ᠂ ᠥᠭᠡᠷᠡᠴᠢᠯᠡᠯᠲᠡ ᠶᠢᠨ ᠦᠨᠦᠷ ᠠᠮᠲᠠ ᠶᠢ ᠨᠠᠩ ᠥᠳᠬᠡᠨ ᠪᠤᠯᠭᠠᠬᠤ ᠪᠠᠷ ᠴᠢᠷᠮᠠᠶᠢᠨ᠎ᠠ︾᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠬᠠᠮᠢᠶ᠎ᠠ ᠪᠦᠬᠦᠢ ᠴᠢᠬᠤᠯᠠ ᠪᠢᠴᠢᠭ ᠮᠠᠲ᠋ᠧᠷᠢᠶᠠᠯ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ᠂ ᠲᠤᠰᠬᠠᠢ | ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠰᠣᠷᠪᠤᠯᠵᠢᠯᠠᠭ᠎ᠠ ᠶᠢᠨ ᠮᠠᠲ᠋ᠧᠷᠢᠶᠠᠯ᠂ ᠰᠡᠳᠦᠪ ᠤᠨ ᠰᠤᠳᠤᠯᠭᠠᠨ ᠤ | ᠮᠡᠳᠡᠭᠦᠯᠦᠯᠲᠡ ᠵᠡᠷᠭᠡ ᠮᠠᠲ᠋ᠧᠷᠢᠶᠠᠯ ᠠᠴᠠ ᠬᠤᠯᠪᠣᠭᠳᠠᠯ ᠪᠦᠬᠦᠢ ᠬᠦᠷᠢᠶᠡᠨ ᠤ ᠴᠢᠬᠤᠯᠠ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠰᠢᠰᠲ᠋ᠧᠮ ᠲᠠᠢ ᠡᠮᠬᠢᠯᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠡᠬᠡ ᠲᠠᠩᠰᠠ ᠪᠠ ᠨᠠᠷᠢᠨ ᠲᠠᠩᠰᠠ ᠶᠢ | ᠬᠤᠷᠢᠶᠠᠩᠭᠤᠶᠢᠯᠠᠨ ᠪᠦᠷᠢᠯᠳᠦᠭᠦᠯᠵᠦ᠂ ᠲᠣᠭᠲᠠᠭᠠᠯ ᠤᠨ ᠨᠣᠣᠷᠠᠭ ᠢ ᠲᠤᠭᠤᠷᠪᠢᠬᠤ ᠳᠤ ᠪᠠᠲᠤ ᠪᠠᠬᠢ ᠣᠨᠣᠯ ᠪᠠ | ᠦᠢᠯᠡᠳᠦᠯᠭᠡ ᠶᠢᠨ ᠦᠨᠳᠦᠰᠦᠯᠡᠯ ᠬᠠᠩᠭᠠᠪᠠ᠃ | ᠤᠭᠢ ᠶᠢ ᠨᠢ ᠰᠢᠯᠢᠵᠦ᠂ ᠵᠠᠩᠭᠢᠯᠠᠭ᠎ᠠ ᠶᠢ ᠨᠢ ᠰᠣᠩᠭᠤᠪᠠ᠃ ᠳᠠᠭᠢᠨ ᠳᠠᠪᠲᠠᠨ ᠠᠳᠠᠯᠢᠳᠬᠠᠨ ᠰᠣᠩᠭᠤᠬᠤ᠂ ᠰᠤᠳᠤᠯᠤᠨ | ᠨᠤᠲᠠᠯᠠᠬᠤ ᠪᠠᠷ ᠳᠡᠮᠵᠢᠨ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠪᠠᠷᠠᠯᠠᠯᠲᠤ ᠴᠢᠨᠠᠷ ᠢ ᠳᠣᠪᠤᠶᠢᠯᠭᠠᠬᠤ ᠶᠢᠨ ᠬᠠᠮᠲᠤ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠴᠢᠭᠯᠡᠭᠦᠯᠦᠯᠲᠦ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠬᠤᠯᠠᠴᠢᠯᠠᠵᠤ᠂ | ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠠᠮᠤᠭ ᠱᠠᠭᠠᠷᠳᠠᠵᠤ ᠪᠠᠶᠢᠭ᠎ᠠ᠂ ᠠᠷᠠᠳ ᠣᠯᠠᠨ ᠤ ᠬᠠᠮᠤᠭ ᠤᠨ | ᠬᠦᠰᠡᠵᠦ ᠪᠠᠶᠢᠭ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠬᠠᠮᠤᠭ ᠤᠨ ᠲᠤᠯᠭᠠᠮ ᠪᠠᠶᠢᠭ᠎ᠠ᠂ ᠪᠣᠳᠠᠲᠤ | ᠨᠥᠬᠦᠴᠡᠯ ᠬᠠᠮᠤᠭ ᠤᠨ ᠪᠦᠷᠢᠳᠦᠭᠰᠡᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠢᠴᠢᠭ ᠮᠠᠲ᠋ᠧᠷᠢᠶᠠᠯ ᠳᠤ | ᠣᠷᠣᠭᠤᠯᠪᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠤᠲᠠᠯᠠᠬᠤ | ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠤᠷᠢᠳ ᠬᠤᠵᠢᠳ 21 | ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠤᠬᠠᠢ 53 ᠰᠠᠯᠠᠭ᠎ᠠ ᠮᠥᠴᠢᠷ ᠪᠠ ᠨᠢᠭᠡᠴᠢ ᠳᠤ ᠨᠠᠶᠢᠳᠠᠵᠤ | ᠨᠤᠲᠠᠯᠠᠯᠲᠠ ᠬᠢᠯᠭᠡᠬᠦ ᠶᠢᠨ ᠬᠠᠮᠲᠤ ᠨᠤᠲᠠᠯᠠᠯᠲᠠ ᠶᠢᠨ ᠦᠷ᠎ᠡ ᠳ᠋ᠦᠩ ᠢ ᠦᠨᠳᠦᠰᠦᠯᠡᠨ ᠢᠯᠭᠠᠨ ᠰᠣᠩᠭᠤᠵᠤ ᠭᠠᠷᠭᠠᠪᠠ — | ᠬᠠᠮᠲᠤ ᠶᠢᠨ ᠲᠠᠨᠢᠯᠲᠠ ᠨᠡᠯᠢᠶᠡᠳ ᠥᠨᠳᠥᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠮᠢᠶ᠎ᠠ ᠪᠦᠬᠦᠢ ᠰᠠᠯᠠᠭ᠎ᠠ | ᠮᠥᠴᠢᠷ ᠪᠠ ᠨᠢᠭᠡᠴᠢ ᠴᠥᠮ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠡᠷᠡᠰ ᠰᠢᠭᠤᠷᠬᠠᠢ ᠪᠠᠷ ᠣᠷᠣᠭᠤᠯᠪᠠ︔ | ᠬᠠᠮᠲᠤ ᠶᠢᠨ ᠲᠠᠨᠢᠯᠲᠠ ᠨᠡᠯᠢᠶᠡᠳ ᠥᠨᠳᠥᠷ ᠪᠤᠯᠪᠠᠴᠤ ᠪᠣᠳᠠᠲᠠᠢ ᠢᠯᠡᠳᠬᠡᠬᠦ ᠲᠠᠯ᠎ᠠ ᠪᠠᠷ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠴᠢᠬᠤᠯᠠᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢ | ᠦᠨᠳᠦᠰᠦᠯᠡᠨ ᠬᠢᠨᠠᠮᠠᠭᠠᠢ ᠰᠤᠳᠤᠯᠤᠨ ᠰᠢᠩᠭᠡᠭᠡᠵᠦ᠂ ᠥᠭᠦᠯᠡᠯᠲᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ | 2024 ᠣᠨ ᠤ 5 ᠰᠠᠷ᠎ᠠ ᠶᠢᠨ 7 ᠤ ᠡᠳᠦᠷ᠂ ᠲᠣᠭᠲᠠᠭᠠᠯ ᠤᠨ ᠰᠠᠨᠠᠯ ᠬᠤᠷᠢᠶᠠᠬᠤ ᠨᠣᠣᠷᠠᠭ ᠢ ᠳᠣᠷᠣᠭᠰᠢ | ᠲᠠᠷᠬᠠᠭᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠪᠠ᠃ | ︽ᠥᠨᠥᠳᠥᠷ ᠶᠠᠷᠢᠯᠴᠠᠬᠤ ᠬᠤᠷᠠᠯ ᠬᠤᠷᠠᠯᠳᠤᠭᠤᠯᠵᠤ ᠪᠠᠶᠢᠭ᠎ᠠ ᠨᠢ ᠣᠯᠠᠨ ᠤ ᠰᠠᠨᠠᠯ ᠰᠠᠨᠠᠭᠤᠯᠭ᠎ᠠ ᠶᠢ ᠨᠢᠭᠤᠷᠲᠠᠨ | ᠰᠣᠨᠣᠰᠤᠶ᠎ᠠ ᠭᠡᠰᠡᠨ ᠶᠤᠮ︾᠃ 5 ᠰᠠᠷ᠎ᠠ ᠶᠢᠨ 20 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠭᠠᠳᠠᠨᠠᠬᠢ | ᠬᠥᠮᠥᠰ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ | ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢᠳ ᠤᠨ ᠲᠣᠭᠲᠠᠭᠠᠯ ᠤᠨ ᠨᠣᠣᠷᠠᠭ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠨᠠᠷᠢᠨ ᠬᠢᠨᠠᠮᠠᠭᠠᠢ ᠲᠡᠮᠳᠡᠭᠯᠡᠵᠦ᠂ ᠪᠠᠶᠢᠨ ᠪᠠᠶᠢᠨ ᠦᠭᠡ ᠡᠯᠭᠦᠵᠦ᠂ | ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠷᠠᠯ ᠲᠡᠭᠦᠰᠬᠦ ᠦᠶ᠎ᠡ ᠳᠤ᠂ ᠶᠡᠷᠦᠩᠬᠡᠢ ᠱᠦᠵᠢ᠄ ︽ᠥᠨᠥᠳᠥᠷ ᠤᠨ | ᠶᠠᠷᠢᠯᠴᠠᠬᠤ ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ ᠦᠷᠭᠦᠯᠵᠢᠯᠡᠨ ᠭᠦᠨᠵᠡᠭᠡᠢ ᠪᠣᠳᠣᠯᠬᠢᠯᠠᠨ ᠰᠤᠳᠤᠯᠵᠤ᠂ ᠡᠯ᠎ᠡ | ᠬᠦᠷᠢᠶᠡᠨ ᠤ ᠠᠩᠬᠠᠷᠤᠭᠤᠰᠢᠲᠠᠢ ᠪᠠᠶᠢᠳᠠᠯ ᠪᠣᠯᠣᠨ ᠡᠯ᠎ᠡ ᠲᠠᠯ᠎ᠠ ᠶᠢᠨ ᠲᠤᠰᠬᠠᠯ ᠨᠡᠯᠢᠶᠡᠳ ᠲᠥᠪᠯᠡᠷᠡᠩᠭᠦᠢ ᠪᠠᠶᠢᠭ᠎ᠠ ᠰᠠᠨᠠᠯ | ᠰᠠᠨᠠᠭᠤᠯᠭ᠎ᠠ ᠶᠢ ᠴᠤᠭᠯᠠᠭᠤᠯᠵᠤ᠂ ᠴᠠᠭ ᠲᠤᠬᠠᠢ ᠳᠤᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤ | ᠲᠤᠰᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠢ ᠰᠠᠶᠢᠲᠤᠷ ᠬᠤᠷᠠᠯᠳᠤᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠭᠡᠶ᠎ᠡ︾ ᠭᠡᠵᠦ | ᠵᠠᠬᠢᠪᠠ᠃ | ᠬᠡᠳᠦᠨ ᠡᠳᠦᠷ ᠤᠨ ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠪᠠᠰᠠ ᠱᠠᠨᠳᠦ᠋ᠩ ᠤᠨ ᠵᠢᠨᠠᠨ ᠳᠤ ᠠᠵᠤ ᠠᠬᠤᠶᠢᠯᠠᠯ | ᠪᠣᠯᠣᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠠᠨ ᠤ ᠴᠠᠭᠢᠯᠭᠠᠨ ᠬᠦᠴᠦᠨ ᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠶᠤᠯ ᠲᠦᠭᠰᠢᠭᠦᠷᠢ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ | ᠲᠠᠯ᠎ᠠ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ | ᠶᠠᠷᠢᠯᠴᠠᠬᠤ ᠬᠤᠷᠠᠯ ᠳᠤ ᠣᠷᠣᠯᠴᠠᠬᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠤᠯᠤᠰ ᠤᠨ ᠥᠮᠴᠢᠯᠡᠯᠲᠦ | ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠪᠠᠶᠢᠬᠤ ᠪᠠᠷ ᠪᠠᠷᠠᠬᠤ ᠦᠭᠡᠢ᠂ | ᠪᠠᠰᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠪᠠᠶᠢᠵᠤ᠂ ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ | ᠨᠡᠶᠢᠲᠡᠯᠡᠬᠦ ᠳᠤ ᠠᠷᠠᠳ ᠤᠨ ᠰᠠᠨᠠᠭ᠎ᠠ ᠪᠣᠯᠣᠨ ᠣᠶᠤᠨ ᠤᠬᠠᠭᠠᠨ ᠬᠠᠮᠤᠭ ᠤᠨ ᠥᠷᠭᠡᠨ ᠳᠡᠯᠭᠡᠷ ᠲᠥᠪᠯᠡᠷᠡᠵᠦ ᠪᠠᠶᠢᠬᠤ ᠶᠢ | ᠨᠠᠷᠢᠨ ᠨᠢᠮᠪᠠᠢ ᠬᠥᠮᠥᠰ ᠮᠡᠳᠡᠵᠦ ᠪᠣᠯᠣᠨ᠎ᠠ᠃ | ᠭᠡᠳᠦ ᠤᠳᠠᠭ᠎ᠠ ᠳᠡᠪᠰᠢᠭᠦᠯᠵᠦ ᠲᠠᠭᠢᠨ ᠳᠠᠪᠲᠠᠨ ᠵᠠᠰᠠᠪᠤᠷᠢ ᠣᠷᠣᠭᠤᠯᠪᠠ᠃ 7 ᠰᠠᠷ᠎ᠠ ᠭᠠᠷᠤᠢ ᠶᠢᠨ ᠬᠤᠭᠤᠴᠠᠭᠠᠨ ᠳᠤ᠂ | ᠲᠣᠭᠲᠠᠭᠠᠯ ᠤᠨ ᠨᠣᠣᠷᠠᠭ ᠢ ᠨᠠᠷᠢᠨ ᠬᠢᠨᠠᠮᠠᠭᠠᠢ ᠲᠤᠩᠭᠠᠨ ᠪᠣᠳᠣᠯᠬᠢᠯᠠᠵᠤ᠂ ᠨᠠᠷᠢᠨ ᠨᠢᠮᠪᠠᠢ ᠨᠠᠶᠢᠷᠠᠭᠤᠯᠤᠨ ᠪᠢᠴᠢᠵᠦ᠂ | ᠶᠠᠪᠤᠴᠠ ᠶᠢᠨ ᠨᠣᠣᠷᠠᠭ ᠨᠢ 38 ᠤᠳᠠᠭ᠎ᠠ ᠪᠣᠯᠪᠠ᠃ ᠴᠢᠬᠤᠯᠠ ᠶᠡᠭᠡ ᠨᠤᠲᠠᠯᠠᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠠᠴᠠ᠂ | ᠦᠰᠦᠭ ᠪᠢᠴᠢᠭ ᠢᠶᠠᠷ ᠢᠯᠡᠳᠬᠡᠬᠦ᠂ ᠦᠭᠡ ᠥᠭᠦᠯᠡᠪᠦᠷᠢ ᠬᠡᠷᠡᠭᠯᠡᠬᠦ ᠭᠦᠷᠲᠡᠯ᠎ᠡ᠂ ᠪᠣᠳᠠᠲᠠᠢ ᠶᠢ ᠡᠷᠬᠢᠮᠯᠡᠨ ᠴᠢᠩᠭ᠎ᠠ ᠨᠢᠮᠪᠠᠢ᠂ | ᠨᠠᠷᠢᠯᠢᠭ ᠣᠨᠣᠪᠴᠢᠲᠠᠢ ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠪᠠ᠃ | 5 ᠰᠠᠷ᠎ᠠ ᠶᠢᠨ 30 ᠤ ᠡᠳᠦᠷ ᠪᠤᠯᠲᠠᠯ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ | ᠨᠡᠶᠢᠲᠡ 1911 ᠵᠤᠷᠪᠤᠰ ᠰᠠᠨᠠᠯ ᠳᠤᠷᠠᠳᠴᠤ᠂ ᠳᠠᠪᠬᠤᠷᠳᠠᠭᠰᠠᠨ ᠰᠠᠨᠠᠯ ᠢ ᠬᠠᠰᠤᠵᠤ ᠭᠠᠷᠭᠠᠭᠠᠳ 1756 ᠵᠤᠷᠪᠤᠰ | ᠪᠣᠯᠭᠠᠪᠠ᠂ ᠡᠭᠦᠨ ᠳᠤ ᠵᠠᠷᠴᠢᠮᠲᠤ ᠰᠠᠨᠠᠯ 135 ᠵᠤᠷᠪᠤᠰ᠂ ᠪᠣᠳᠠᠲᠠᠢ ᠵᠠᠰᠠᠪᠤᠷᠢ ᠣᠷᠣᠭᠤᠯᠬᠤ ᠰᠠᠨᠠᠯ 1621 ᠵᠤᠷᠪᠤᠰ ᠪᠤᠶ᠃ | ᠡᠳᠡᠭᠡᠷ ᠰᠠᠨᠠᠯ ᠪᠠ ᠰᠠᠨᠠᠭᠤᠯᠭ᠎ᠠ ᠶᠢ ᠬᠢᠨᠠᠮᠠᠭᠠᠢ ᠰᠤᠳᠤᠯᠵᠤ᠂ ᠰᠢᠩᠭᠡᠬᠡᠨ ᠠᠪᠴᠤ ᠪᠤᠯᠬᠤ ᠶᠢ ᠨᠢ ᠠᠯᠢ ᠴᠢᠳᠠᠬᠤ ᠪᠠᠷ | ᠰᠢᠩᠭᠡᠬᠡᠨ ᠠᠪᠴᠤ᠂ 221 ᠭᠠᠵᠠᠷ ᠲᠤ ᠵᠠᠰᠠᠪᠤᠷᠢ ᠣᠷᠣᠭᠤᠯᠪᠠ᠃ | ᠲᠣᠭᠲᠠᠭᠠᠯ ᠢ ᠲᠤᠭᠤᠷᠪᠢᠬᠤ ᠶᠠᠪᠤᠴᠠ ᠪᠣᠯ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ᠂ ᠥᠭᠡᠷᠡᠴᠢᠯᠡᠯᠲᠡ ᠶᠢ | ᠲᠦᠯᠬᠢᠨ ᠠᠬᠢᠭᠤᠯᠬᠤ ᠶᠠᠪᠤᠴᠠ ᠮᠥᠨ᠂ ᠪᠠᠰᠠ ᠴᠤ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠲᠡᠮᠡᠴᠡᠯ ᠤᠨ ᠵᠣᠷᠢᠭ ᠢ | ᠬᠥᠭᠵᠢᠭᠡᠬᠦ ᠶᠠᠪᠤᠴᠠ ᠮᠥᠨ᠃ | ᠡᠨᠡ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ 3 ᠤᠳᠠᠭ᠎ᠠ ᠡᠷᠭᠢᠯᠡᠨ ᠬᠤᠷᠠᠯᠳᠤᠭᠤᠯᠵᠤ᠂ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠬᠤᠷᠠᠯ ᠢ 2 ᠤᠳᠠᠭ᠎ᠠ ᠡᠷᠭᠢᠯᠡᠨ ᠬᠤᠷᠠᠯᠳᠤᠭᠤᠯᠵᠤ ᠪᠦᠭᠦᠳᠡ ᠬᠤᠷᠠᠯ ᠤᠨ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ | ᠳᠡᠭᠡᠭᠰᠢ ᠮᠡᠳᠡᠭᠦᠯᠦᠭᠰᠡᠨ ᠨᠣᠣᠷᠠᠭ ᠪᠦᠭᠦᠨ ᠢ ᠨᠠᠷᠢᠨ ᠨᠢᠮᠪᠠᠢ ᠬᠢᠨᠠᠨ ᠦᠵᠡᠵᠦ᠂ ᠣᠯᠠᠨ ᠤᠳᠠᠭ᠎ᠠ ᠴᠢᠬᠤᠯᠠ ᠵᠢᠭᠠᠪᠤᠷᠢ | ᠴᠣᠬᠤᠯᠠᠪᠤᠷᠢ ᠥᠭᠴᠡᠢ᠃ | ᠤᠳᠠᠭ᠎ᠠ ᠳᠠᠷᠠᠭᠠᠯᠠᠨ ᠨᠠᠷᠢᠪᠴᠢᠯᠠᠨ ᠲᠤᠩᠭᠠᠵᠤ᠂ ᠨᠤᠲᠠᠯᠠᠵᠤ᠂ ᠰᠤᠳᠤᠯᠵᠤ᠂ ᠤᠳᠠᠭ᠎ᠠ ᠳᠠᠷᠠᠭᠠᠯᠠᠨ ᠵᠠᠰᠠᠪᠤᠷᠢ | ᠣᠷᠣᠭᠤᠯᠵᠤ᠂ ᠪᠠᠶᠠᠯᠢᠭᠵᠢᠭᠤᠯᠵᠤ᠂ ᠲᠡᠭᠦᠯᠳᠡᠷᠵᠢᠭᠦᠯᠵᠦ᠂ ᠲᠣᠭᠲᠠᠭᠠᠯ ᠤᠨ ᠨᠣᠣᠷᠠᠭ ᠨᠢ ᠡᠳᠦᠷ ᠰᠥᠨᠢ ᠦᠭᠡᠢ ᠦᠷᠭᠦᠯᠵᠢᠯᠡᠨ | ᠳᠠᠪᠲᠠᠭᠰᠠᠭᠠᠷ ᠪᠠᠶᠢᠵᠤ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠪᠠ᠃ | 7 ᠰᠠᠷ᠎ᠠ ᠶᠢᠨ 15 ᠤ ᠦᠳᠡ ᠶᠢᠨ ᠡᠮᠦᠨ᠎ᠡ᠂ ᠡᠨᠡ ᠬᠦ ᠲᠡᠦᠬᠡᠲᠦ ᠡᠭᠦᠷᠭᠡ ᠶᠢ ᠡᠭᠦᠷᠭᠡᠯᠡᠵᠦ᠂ ᠨᠠᠮ ᠤᠨ ᠰᠡᠳᠬᠢᠯ | ᠠᠷᠠᠳ ᠤᠨ ᠰᠠᠨᠠᠭ᠎ᠠ ᠶᠢ ᠨᠢᠭᠲᠠᠷᠠᠭᠤᠯᠤᠭᠰᠠᠨ ᠪᠢᠴᠢᠭ ᠮᠠᠲ᠋ᠧᠷᠢᠶᠠᠯ ᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠳᠤ ᠣᠷᠣᠯᠴᠠᠬᠰᠠᠨ ᠨᠥᠬᠦᠳ ᠤᠨ ᠡᠮᠦᠨ᠎ᠡ ᠲᠠᠯᠪᠢᠪᠠ᠃ ᠶᠡᠷᠦᠩᠬᠡᠢ ᠱᠦᠵᠢ | ᠰᠢ ᠶᠢᠨ ᠫᠢᠩ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠲᠥᠪ ᠬᠤᠷᠢᠶᠠᠨ ᠤ 199 ᠭᠡᠰᠢᠭᠦᠨ᠂ ᠲᠥᠪ ᠬᠤᠷᠢᠶᠠᠨ ᠤ 165 ᠣᠷᠣᠯᠠᠭᠴᠢ ᠭᠡᠰᠢᠭᠦᠨ᠂ ᠪᠠᠰᠠ ᠬᠤᠷᠠᠯ ᠳᠤ | ᠰᠤᠯᠠ ᠣᠷᠣᠯᠴᠠᠬᠰᠠᠨ ᠨᠥᠬᠦᠳ 10 ᠳᠤᠭᠤᠶᠢᠯᠠᠩ ᠬᠤᠪᠢᠶᠠᠵᠤ᠂ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠵᠤ᠂ ᠰᠠᠨᠠᠯ | ᠰᠠᠨᠠᠭᠤᠯᠭ᠎ᠠ ᠳᠤᠷᠠᠳᠪᠠ᠃ | ᠭᠦᠢᠴᠡᠳ ᠶᠠᠷᠢᠯᠴᠠᠬᠤ ᠪᠠᠷ ᠳᠠᠮᠵᠢᠭᠠᠳ ᠬᠤᠷᠠᠯ ᠳᠤ ᠣᠷᠣᠯᠴᠠᠬᠰᠠᠨ ᠨᠥᠬᠦᠳ ᠵᠠᠰᠠᠪᠤᠷᠢ ᠣᠷᠣᠭᠤᠯᠬᠤ ᠰᠠᠨᠠᠯ ᠢ | 205 ᠵᠤᠷᠪᠤᠰ ᠳᠤᠷᠠᠳᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠡᠳᠡᠭᠡᠷ ᠰᠠᠨᠠᠯ ᠰᠠᠨᠠᠭᠤᠯᠭ᠎ᠠ ᠶᠢ | ᠦᠨᠳᠦᠰᠦᠯᠡᠨ᠂ ᠶᠠᠷᠢᠯᠴᠠᠬᠤ ᠨᠣᠣᠷᠠᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠪᠠ᠃ | 7 ᠰᠠᠷ᠎ᠠ ᠶᠢᠨ 17 ᠤ ᠣᠷᠣᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠭᠦᠳᠡ ᠬᠤᠷᠠᠯ ᠤᠨ | ᠡᠯ᠎ᠡ ᠳᠤᠭᠤᠶᠢᠯᠠᠩ ᠤᠨ ᠶᠠᠷᠢᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠣᠨ ᠪᠢᠴᠢᠭ ᠮᠠᠲ᠋ᠧᠷᠢᠶᠠᠯ ᠲᠤᠭᠤᠷᠪᠢᠬᠤ | ᠳᠤᠭᠤᠶᠢᠯᠠᠩ ᠤᠨ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠰᠣᠨᠣᠰᠴᠤ᠂ ᠲᠣᠭᠲᠠᠭᠠᠯ ᠤᠨ ᠨᠣᠣᠷᠠᠭ ᠲᠤ 25 ᠭᠠᠵᠠᠷ | ᠵᠠᠰᠠᠪᠤᠷᠢ ᠣᠷᠣᠭᠤᠯᠵᠠᠢ᠃ ᠵᠠᠰᠠᠪᠤᠷᠢ ᠣᠷᠣᠭᠤᠯᠤᠭᠰᠠᠨ ᠨᠣᠣᠷᠠᠭ ᠢ 18 ᠤ ᠡᠳᠦᠷ ᠤᠨ ᠦᠳᠡ ᠶᠢᠨ ᠡᠮᠦᠨ᠎ᠡ ᠳᠠᠬᠢᠨᠲᠠ | ᠪᠦᠭᠦᠳᠡ ᠬᠤᠷᠠᠯ ᠳᠤ ᠳᠡᠪᠰᠢᠭᠦᠯᠵᠦ ᠳᠤᠭᠤᠶᠢᠯᠠᠩ ᠬᠤᠪᠢᠶᠠᠨ ᠰᠠᠨᠠᠯ ᠬᠤᠷᠢᠶᠠᠭᠰᠠᠨ ᠤ ᠳᠠᠷᠠᠭ᠎ᠠ ᠪᠠᠰᠠ 2 ᠭᠠᠵᠠᠷ ᠲᠤ | ᠵᠠᠰᠠᠪᠤᠷᠢ ᠣᠷᠣᠭᠤᠯᠵᠤ᠂ ︽ᠲᠣᠭᠲᠠᠭᠠᠯ︾ ᠤᠨ ᠲᠥᠰᠥᠯ ᠢ ᠪᠦᠷᠢᠯᠳᠦᠭᠦᠯᠪᠡ᠃ | ᠬᠤᠷᠠᠯ ᠳᠤ ᠣᠷᠣᠯᠴᠠᠬᠰᠠᠨ ᠨᠥᠬᠦᠳ᠂ ︽ᠲᠣᠭᠲᠠᠭᠠᠯ︾ ᠤᠨ ᠭᠤᠣᠯ ᠰᠡᠳᠦᠪ ᠢᠯᠡ ᠲᠣᠳᠣ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠪᠠᠶᠢᠷᠢᠯᠠᠭᠤᠯᠤᠯᠲᠠ ᠵᠣᠬᠢᠰᠲᠠᠢ᠂ ᠭᠤᠣᠯᠳᠠᠯᠭ᠎ᠠ ᠲᠣᠪᠣᠶᠢᠮ᠎ᠠ᠂ ᠴᠢᠭᠯᠡᠯ ᠲᠣᠳᠣᠷᠬᠠᠢ᠂ ᠠᠷᠭ᠎ᠠ | ᠬᠡᠮᠵᠢᠶ᠎ᠡ ᠪᠣᠳᠠᠲᠠᠢ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠡᠷᠡᠰ ᠪᠠᠲᠤ ᠵᠣᠷᠢᠭ᠂ ᠤᠯᠤᠰ ᠲᠦᠷᠦ ᠶᠢᠨ ᠡᠭᠦᠷᠭᠡᠯᠡᠯ ᠪᠠ ᠲᠡᠦᠬᠡ ᠶᠢᠨ | ᠰᠠᠨᠠᠭᠠᠴᠢᠯᠠᠭ᠎ᠠ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠶᠠᠮᠠᠷ ᠲᠤᠭ ᠢ ᠮᠠᠨᠳᠤᠭᠤᠯᠬᠤ᠂ ᠶᠠᠮᠠᠷ | ᠵᠠᠮ ᠢᠶᠠᠷ ᠵᠠᠮᠨᠠᠬᠤ ᠲᠤᠬᠠᠢ ᠲᠠᠭᠢᠨ ᠲᠤᠩᠬᠠᠭᠯᠠᠵᠤ᠂ ᠯᠠᠪᠲᠠᠢ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠬᠦ | ᠪᠣᠯᠣᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠬᠤᠷᠠᠯ ᠳᠤ ᠣᠷᠣᠯᠴᠠᠬᠰᠠᠨ ᠨᠥᠬᠦᠳ᠂ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠣᠯᠣᠨ ᠠᠭᠤᠤ ᠶᠡᠭᠡ ᠠᠮᠵᠢᠯᠲᠠ ᠶᠢᠨ ᠰᠠᠭᠤᠷᠢᠨ ᠳᠡᠭᠡᠷ᠎ᠡ | ᠦᠷᠭᠦᠯᠵᠢᠯᠡᠨ ᠤᠷᠤᠭᠰᠢᠯᠠᠬᠤ ᠳᠤ ᠢᠲᠡᠭᠡᠯ ᠵᠣᠷᠢᠭ ᠲᠡᠭᠦᠯᠳᠡᠷ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠨᠠᠮ ᠤᠨ | ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠳᠠᠭᠠᠭᠤᠯᠤᠭᠴᠢ ᠵᠠᠯᠠᠭᠤᠷᠴᠢᠨ ᠪᠣᠯᠤᠭᠰᠠᠨ ᠤ ᠬᠤᠪᠢ ᠳᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ ᠳᠤᠮᠳᠠᠳᠤ ᠤᠯᠤᠰ ᠨᠡᠷᠡᠮᠵᠢᠲᠦ ᠲᠣᠮᠣ ᠬᠥᠯᠭᠡ ᠣᠩᠭᠤᠴᠠ | ᠯᠠᠪᠲᠠᠢ ᠳᠠᠪᠠᠯᠭᠠᠨ ᠢ ᠵᠦᠰᠦᠨ ᠤᠷᠤᠭᠰᠢᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠳᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠡᠭᠡᠨ ᠰᠠᠷᠠᠭᠤᠯ ᠢᠷᠡᠭᠡᠳᠦᠢ ᠶᠢ | ᠨᠡᠭᠡᠭᠡᠬᠦ ᠪᠣᠯᠣᠨ᠎ᠠ ᠭᠡᠵᠦ ᠰᠠᠨᠠᠯ ᠨᠢᠭᠡᠲᠡᠢ ᠦᠵᠡᠪᠡ᠃ | ᠥᠭᠡᠷᠡᠴᠢᠯᠡᠯᠲᠡ ᠶᠢᠨ ᠠᠤᠭ᠎ᠠ ᠲᠥᠰᠥᠪ ᠢ ᠵᠢᠷᠤᠭᠯᠠᠵᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠲᠠᠭᠢᠨ | ᠪᠢᠴᠢᠭᠯᠡᠨ᠎ᠡ — ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ | ᠪᠣᠯᠭᠠᠨ ᠬᠤᠪᠢᠷᠠᠭᠤᠯᠤᠨ᠎ᠠ | ︽ᠪᠠᠲᠤᠯᠠᠭᠳᠠᠯ᠎ᠠ︕︾ | 7 ᠰᠠᠷ᠎ᠠ ᠶᠢᠨ 18 ᠤ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠳᠤ᠃ ᠶᠡᠷᠦᠩᠬᠡᠢ ᠱᠦᠵᠢ | ᠰᠢ ᠶᠢᠨ ᠫᠢᠩ ᠤᠨ ᠶᠠᠷᠢᠶ᠎ᠠ ᠳᠠᠭᠤᠰᠬᠤ ᠶᠢ ᠳᠠᠭᠠᠯᠳᠤᠨ᠂ ᠬᠤᠷᠠᠯ ᠤᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃ | ᠡᠨᠡ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠦᠢᠯᠡᠳᠦᠯᠭᠡ ᠶᠢᠨ ᠦᠷᠭᠦᠯᠵᠢᠯᠡᠯ | ᠮᠥᠨ᠂ ᠪᠠᠰᠠ ᠴᠤ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ | ᠦᠶ᠎ᠡ ᠶᠢᠨ ᠰᠢᠨ᠎ᠡ ᠬᠠᠭᠤᠳᠠᠰᠤ ᠮᠥᠨ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ᠂ ︽ᠲᠣᠭᠲᠠᠭᠠᠯ︾ ᠨᠢ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ | ᠠᠰᠠᠭᠤᠳᠠᠯ ᠢ ᠭᠦᠨᠵᠡᠭᠡᠢ ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠠᠭᠤᠤ | ᠶᠡᠭᠡ ᠲᠤᠭ ᠢ ᠥᠨᠳᠥᠷ ᠮᠠᠨᠳᠤᠭᠤᠯᠵᠠᠢ᠃ | 2 ᠲᠦᠮᠡ ᠭᠠᠷᠤᠢ ᠦᠰᠦᠭ ᠲᠠᠢ ᠪᠢᠴᠢᠭ ᠮᠠᠲ᠋ᠧᠷᠢᠶᠠᠯ ᠨᠢ ᠵᠠᠭᠤᠨ ᠵᠢᠯ ᠤᠨ ᠲᠣᠮᠣ ᠨᠠᠮ ᠤᠨ ᠵᠣᠷᠢᠭ ᠪᠣᠰᠤᠭ᠎ᠠ | ᠵᠢᠪᠬᠤᠭ᠎ᠠ ᠲᠡᠭᠦᠯᠳᠡᠷ᠂ ᠴᠥᠬᠦᠷᠡᠰᠢ ᠦᠭᠡᠢ ᠯᠠᠪᠳᠠᠭᠤᠨ ᠪᠠᠲᠤᠲᠠᠢ ᠵᠠᠮᠨᠠᠬᠤ ᠥᠭᠡᠷᠡᠴᠢᠯᠡᠯᠲᠡ ᠶᠢᠨ ᠠᠤᠭ᠎ᠠ ᠲᠥᠰᠥᠪ ᠢ | ᠵᠢᠷᠤᠭᠯᠠᠵᠤ᠂ ᠳᠤᠮᠳᠠᠳᠤ ᠶᠢᠨ ᠬᠥᠪᠡᠭᠦᠳ ᠥᠬᠢᠳ ᠤᠨ ᠡᠷᠡᠯᠬᠡᠭᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠬᠦ ᠢᠳᠡ | ᠬᠦᠴᠦᠲᠡᠢ ᠠᠯᠬᠤᠭ᠎ᠠ ᠶᠢ ᠭᠡᠷᠡᠴᠢᠯᠡᠪᠡ᠃ | ︽ᠲᠣᠭᠲᠠᠭᠠᠯ︾ ᠨᠢ ᠨᠡᠶᠢᠳᠡ 15 ᠪᠦᠯᠦᠭ ᠪᠠᠶᠢᠵᠤ᠂ ︽1+13+1︾ ᠭᠤᠷᠪᠠᠨ ᠶᠡᠭᠡ ᠬᠡᠰᠡᠭ ᠬᠤᠪᠢᠶᠠᠪᠠ᠃ | ᠨᠢᠭᠡᠳᠦᠭᠡᠷ ᠶᠡᠭᠡ ᠬᠡᠰᠡᠭ ᠪᠣᠯ ᠶᠡᠷᠦᠩᠬᠡᠢ ᠥᠭᠦᠯᠡᠯᠲᠡ ᠮᠥᠨ᠂ ᠭᠤᠣᠯᠳᠠᠭᠤ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ | ᠶᠡᠭᠡ ᠠᠴᠢ ᠬᠤᠯᠪᠣᠭᠳᠠᠯ ᠪᠠ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃ ᠬᠤᠶᠠᠳᠤᠭᠠᠷ ᠶᠡᠭᠡ ᠬᠡᠰᠡᠭ ᠨᠢ | ᠬᠤᠪᠢᠶᠠᠷᠢ ᠥᠭᠦᠯᠡᠯᠲᠡ ᠪᠠᠶᠢᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠵᠢᠯᠣᠭᠤᠳᠤᠮᠵᠢ ᠪᠤᠯᠭᠠᠵᠤ᠂ | ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠪᠠ᠃ ᠭᠤᠷᠪᠠᠳᠤᠭᠠᠷ ᠶᠡᠭᠡ ᠬᠡᠰᠡᠭ ᠲᠤ | ᠭᠤᠣᠯᠳᠠᠭᠤ ᠥᠭᠡᠷᠡᠴᠢᠯᠡᠯᠲᠡ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠶᠠᠷᠢᠪᠠ᠃ | ᠲᠣᠭᠲᠠᠭᠠᠯ ᠤᠨ ᠨᠣᠣᠷᠠᠭ ᠨᠡᠶᠢᠲᠡ 60 ᠵᠤᠷᠪᠤᠰ ᠪᠠᠶᠢᠵᠤ᠂ ᠶᠠᠭ ᠰᠠᠶᠢᠬᠠᠨ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ 60 ᠵᠤᠷᠪᠤᠰ ᠠᠷᠭ᠎ᠠ ᠬᠡᠮᠵᠢᠶ᠎ᠡ ᠯᠦᠭᠡ | ᠠᠪᠴᠠᠯᠳᠤᠨ ᠵᠣᠯᠭᠠᠯᠳᠤᠬᠤ ᠶᠢᠨ ᠬᠠᠮᠲᠤ ᠪᠠᠰᠠ ᠣᠨᠣᠯ ᠪᠠ ᠦᠢᠯᠡᠳᠦᠯᠭᠡ ᠶᠢᠨ ᠲᠠᠯ᠎ᠠ ᠪᠠᠷ ᠢᠯᠡ ᠲᠣᠳᠣ ᠣᠨᠴᠠᠯᠢᠭ ᠢ | ᠢᠯᠡᠷᠡᠭᠦᠯᠦᠭᠰᠡᠨ ᠢ ᠬᠥᠮᠥᠰ ᠠᠩᠬᠠᠷᠴᠤ ᠣᠯᠵᠠᠢ᠃ | ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠭᠤᠣᠯ ᠰᠡᠳᠦᠪ ᠢ ᠲᠤᠭᠤᠰᠢᠯᠠᠭᠤᠯᠤᠨ ᠢᠯᠡᠷᠡᠭᠦᠯᠪᠡ — | ᠲᠡᠦᠬᠡ ᠶᠢᠨ ᠰᠢᠨ᠎ᠡ ᠭᠠᠷᠤᠭ᠎ᠠ ᠳᠤ ᠵᠣᠭᠰᠣᠵᠤ᠂ ︽ᠲᠣᠭᠲᠠᠭᠠᠯ︾ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠶᠢ ᠲᠣᠳᠣᠷᠬᠠᠶᠢᠯᠠᠪᠠ᠄ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠤ ᠶᠢ ᠵᠠᠰᠠᠬᠤ ᠰᠢᠰᠲ᠋ᠧᠮ | ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ 2035 ᠣᠨ ᠪᠤᠯᠬᠤ ᠳᠤ᠂ ᠥᠨᠳᠥᠷ ᠲᠦᠪᠰᠢᠨ | ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠠᠶᠢᠭᠤᠯᠵᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠨᠠᠩ ᠲᠡᠭᠦᠯᠳᠡᠷᠵᠢᠭᠦᠯᠵᠦ᠂ ᠲᠦᠷᠦ ᠶᠢ | ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ | ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰ ᠵᠠᠭᠤᠨ ᠤ ᠳᠤᠮᠳᠠᠴᠢ ᠪᠤᠯᠬᠤ ᠳᠤ ᠨᠡᠶᠢᠭᠡᠮ | ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ | ᠲᠠᠯᠪᠢᠨ᠎ᠠ᠃ | ᠡᠨᠡ ᠬᠦ ᠶᠡᠷᠦᠩᠬᠡᠢ ᠬᠠᠷᠠᠯᠲᠠ ᠨᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ | ᠬᠠᠷᠠᠯᠲᠠ ᠲᠠᠢ ᠤᠯᠠᠮᠵᠢᠯᠠᠯ ᠨᠢᠭᠡᠲᠡᠢ ᠪᠥᠭᠡᠳ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠠᠪᠴᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠬᠠᠷᠠᠯᠲᠠ ᠶᠢᠨ ᠤᠳᠤᠷᠢᠳᠤᠮᠵᠢ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃ | ︽ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ | ᠨᠠᠷᠢᠨ ᠨᠢᠮᠪᠠᠢ ᠲᠥᠯᠥᠪᠯᠡᠵᠦ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮᠲᠤ ᠰᠣᠶᠣᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ | ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ | ᠤᠷᠳᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠬᠦ ︽ᠲᠤᠯᠤᠭᠠᠨ | ᠠᠩᠬᠠᠷᠤᠯ ᠢᠶᠠᠨ ᠲᠥᠪᠯᠡᠷᠡᠭᠦᠯᠬᠦ︾ ᠶᠢ ᠳᠤᠷᠠᠳᠴᠤ᠂ ᠶᠡᠷᠦᠩᠬᠡᠢ ᠳᠡᠭᠡᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠬᠠᠮᠤᠷᠤᠭᠰᠠᠨ ᠪᠠᠶᠢᠨ᠎ᠠ᠃ | ᠥᠭᠡᠷᠡᠴᠢᠯᠡᠯᠲᠡ ᠶᠢᠨ ᠬᠥᠯᠭᠡ ᠣᠩᠭᠤᠴᠠ ᠶᠢᠨ ᠯᠠᠪᠳᠠᠭᠤᠨ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠵᠤ᠂ | ︽ᠲᠣᠭᠲᠠᠭᠠᠯ︾ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ | ︽ᠵᠢᠷᠭᠤᠭ᠎ᠠ ᠶᠢ ᠪᠠᠷᠢᠮᠲᠠᠯᠠᠬᠤ︾ ᠵᠠᠷᠴᠢᠮ ᠢ ᠰᠠᠶᠢᠲᠤᠷ ᠲᠤᠭᠤᠰᠢᠯᠠᠭᠤᠯᠬᠤ ᠬᠡᠷᠡᠭᠲᠡᠢ ᠭᠡᠵᠦ ᠳᠤᠷᠠᠳᠪᠠ᠄ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ | ᠪᠠᠷᠢᠮᠲᠠᠯᠠᠵᠤ᠂ ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ | ᠪᠠᠷᠢᠮᠲᠠᠯᠠᠨ᠎ᠠ᠃ | ︽ᠵᠢᠷᠭᠤᠭ᠎ᠠ ᠶᠢ ᠪᠠᠷᠢᠮᠲᠠᠯᠠᠬᠤ︾ ᠵᠠᠷᠴᠢᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠢᠯᠠᠩᠭᠤᠶ᠎ᠠ | ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢᠨ | ᠰᠢᠨᠵᠢᠯᠡᠬᠦ ᠤᠬᠠᠭᠠᠨᠴᠢ ᠳ᠋ᠦᠩᠨᠡᠯᠲᠡ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤᠮᠳᠠ ᠡᠷᠬᠡᠪᠰᠢ ᠨᠠᠷᠢᠨ ᠬᠢᠨᠠᠮᠠᠭᠠᠢ ᠲᠤᠭᠤᠰᠢᠯᠠᠭᠤᠯᠬᠤ ᠬᠡᠷᠡᠭᠲᠡᠢ᠃ | ᠥᠭᠡᠷᠡᠴᠢᠯᠡᠯᠲᠡ ᠶᠢᠨ ᠭᠤᠣᠯᠳᠠᠯᠭ᠎ᠠ ᠶᠢ ᠳᠣᠪᠤᠶᠢᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢ ᠠᠳᠬᠤᠪᠠ — | ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠥᠲᠥᠯᠥᠮᠵᠢ ᠮᠥᠨ᠃ ︽ᠲᠣᠭᠲᠠᠭᠠᠯ︾ ᠤᠨ13 ᠬᠡᠰᠡᠭ ᠤᠨ ᠬᠤᠪᠢᠶᠠᠷᠢ ᠥᠭᠦᠯᠡᠯᠲᠡ ᠶᠢᠨ | ᠳᠣᠲᠣᠷ᠎ᠠ᠂ ᠠᠵᠤ ᠠᠬᠤᠢ ᠶᠢᠨ ᠬᠦᠷᠢᠶᠡᠨ ᠳᠤ ᠬᠤᠯᠪᠣᠭᠳᠠᠬᠤ ᠨᠢ ᠳᠠᠷᠤᠢ 6 ᠬᠡᠰᠡᠭ ᠪᠠᠶᠢᠵᠤ᠂ ᠴᠢᠬᠤᠯᠠ ᠬᠤᠪᠢ ᠶᠢᠨ | ᠵᠢᠩ ᠲᠠᠢ ᠪᠠᠶᠢᠬᠤ ᠶᠢ ᠭᠦᠢᠴᠡᠳ ᠣᠯᠵᠤ ᠬᠠᠷᠠᠵᠤ ᠪᠣᠯᠣᠨ᠎ᠠ᠃ | ︽ᠲᠣᠭᠲᠠᠭᠠᠯ︾ ᠳᠤ ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠯ ᠢ ᠪᠠᠶᠢᠭᠤᠯᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠪᠤᠰᠤᠳ | ᠥᠭᠡᠷᠡᠴᠢᠯᠡᠯᠲᠡ ᠶᠢ ᠬᠥᠲᠥᠯᠥᠨ ᠳᠠᠶᠢᠴᠢᠯᠠᠪᠠ᠄ | ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ | ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ | ᠲᠣᠭᠲᠠᠭᠠᠵᠤ᠂ ᠵᠠᠰᠠᠭ ᠵᠠᠬᠢᠷᠭ᠎ᠠ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠠᠰᠢᠭᠯᠠᠨ ᠠᠵᠤ ᠠᠬᠤᠢ ᠶᠢᠨ | ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠵᠤ᠂ ᠪᠦᠭᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ | ᠭᠤᠣᠯᠴᠢ ᠥᠷᠢᠰᠦᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠡᠪᠡᠷᠯᠡᠨ ᠬᠦᠴᠦᠨ ᠦᠭᠡᠢ | ᠪᠤᠯᠭᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠥᠮᠴᠢᠯᠡᠬᠦ ᠡᠷᠬᠡ ᠪᠠ ᠬᠠᠤᠯᠢ ᠶᠣᠰᠣᠨ ᠤ ᠠᠰᠢᠭ | ᠲᠤᠰᠠ ᠳᠤ ᠬᠠᠯᠳᠠᠭᠰᠠᠨ ᠦᠢᠯᠡ ᠠᠵᠢᠯᠯᠠᠭ᠎ᠠ ᠳᠤ ᠠᠳᠠᠯᠢ ᠬᠠᠷᠢᠭᠤᠴᠠᠯᠭ᠎ᠠ ᠨᠡᠬᠡᠮᠵᠢᠯᠡᠵᠦ ᠶᠠᠯ᠎ᠠ ᠣᠨᠣᠭᠳᠠᠭᠤᠯᠵᠤ ᠠᠳᠠᠯᠢ | ᠰᠢᠢᠳᠬᠡᠯ ᠥᠭᠭᠦᠨ᠎ᠡ ᠁ | ᠡᠭᠦᠨ ᠤ ᠵᠡᠷᠭᠡ ᠪᠠᠷ᠂ ︽ᠲᠣᠭᠲᠠᠭᠠᠯ︾ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠬᠦᠷᠢᠶ᠎ᠡ ᠰᠢᠨ᠎ᠡ | ᠤᠷᠤᠯᠳᠤᠭᠠᠨ ᠤ ᠵᠠᠮ ᠤᠨ ᠳᠦᠷᠢᠮ ᠤᠨ ᠬᠠᠩᠭᠠᠯᠭ᠎ᠠ ᠶᠢ ᠴᠢᠩᠭᠠᠳᠬᠠᠵᠤ᠂ ᠢᠷᠡᠭᠡᠳᠦᠢ ᠶᠢᠨ ᠠᠵᠤ ᠦᠢᠯᠡᠰ ᠤᠨ | ᠣᠷᠣᠭᠤᠯᠤᠯᠲᠠ ᠶᠢᠨ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠪᠡᠶ᠎ᠡ ᠪᠠᠨ ᠳᠠᠭᠠᠭᠠᠭᠰᠠᠨ ᠡᠳ᠋ ᠤᠨ ᠬᠦᠴᠦᠨ ᠢ | ᠨᠡᠮᠡᠭᠳᠡᠭᠦᠯᠵᠦ᠂ ᠣᠷᠣᠨ ᠨᠤᠲᠤᠭ ᠤᠨ ᠭᠠᠶᠢᠯᠢ ᠶᠢᠨ ᠢᠷᠡᠯᠲᠡ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠶᠢ ᠳᠤᠷᠠᠳᠴᠤ᠂ | ᠥᠭᠡᠷᠡᠴᠢᠯᠡᠯᠲᠡ ᠪᠠᠷ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠤᠯᠠᠮ ᠨᠢᠭᠡ ᠠᠯᠬᠤᠮ ᠪᠤᠶ ᠪᠤᠯᠭᠠᠵᠤ᠂ ᠠᠵᠤ | ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ ᠭᠡᠵᠦ ᠳᠤᠷᠠᠳᠪᠠ᠃ | ᠵᠥᠪᠭᠡᠨ ᠠᠵᠤ ᠠᠬᠤᠢ ᠶᠢᠨ ᠬᠦᠷᠢᠶ᠎ᠡ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ᠂ | ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠪᠠᠷ ᠵᠣᠬᠰᠣᠬᠤ ᠦᠭᠡᠢ ᠁ | ︽ᠲᠣᠭᠲᠠᠭᠠᠯ︾ ᠨᠢ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ | ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠤᠣᠯ ᠵᠥᠷᠢᠴᠡᠯ ᠢ ᠠᠳᠬᠤᠵᠤ᠂ ᠪᠠᠷᠠᠯᠠᠯᠳᠤ ᠴᠢᠨᠠᠷ᠂ ᠬᠡᠷᠡᠭᠵᠢᠭᠦᠯᠵᠦ ᠪᠣᠯᠬᠤᠶᠢᠴᠠ | ᠴᠢᠨᠠᠷ ᠢ ᠴᠢᠩᠭᠠᠳᠬᠠᠵᠤ᠂ ᠥᠭᠡᠷᠡᠴᠢᠯᠡᠯᠲᠡ ᠪᠠᠷ ᠳᠠᠮᠵᠢᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠲᠤᠯᠭᠠᠷᠠᠵᠤ ᠪᠠᠶᠢᠭ᠎ᠠ ᠡᠯ᠎ᠡ ᠲᠠᠯ᠎ᠠ ᠶᠢᠨ ᠠᠰᠠᠭᠤᠳᠠᠯ ᠪᠠ ᠠᠶᠤᠯ ᠲᠦᠭᠰᠢᠭᠦᠷᠢ ᠥᠷᠢᠰᠦᠯᠳᠦᠭᠡᠨ ᠢ | ᠪᠦᠲᠦᠮᠵᠢᠲᠡᠶ ᠠᠷᠢᠯᠭᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠠ ᠦᠢᠯᠡᠳᠪᠦᠷᠢᠯᠡᠯ ᠤᠨ ᠬᠦᠴᠦᠨ᠂ ᠳᠡᠭᠡᠳᠦ ᠳᠠᠪᠬᠤᠷᠭ᠎ᠠ ᠪᠠ | ᠠᠵᠤ ᠠᠬᠤᠢ ᠶᠢᠨ ᠰᠠᠭᠤᠷᠢ᠂ ᠲᠦᠷᠦ ᠶᠢᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢᠨ ᠨᠡᠩ ᠰᠠᠶᠢᠨ ᠵᠣᠬᠢᠴᠠᠯᠳᠤᠬᠤ ᠶᠢ | ᠠᠬᠢᠭᠤᠯᠪᠠ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ᠂ | ᠦᠨᠳᠦᠰᠦᠨ ᠠᠰᠢᠭ ᠲᠤᠰᠠ᠂ ᠠᠯᠤᠰ ᠭᠡᠳᠦ ᠶᠢᠨ ᠠᠰᠢᠭ ᠲᠤᠰᠠ ᠠᠴᠠ ᠡᠭᠦᠰᠴᠦ ᠥᠭᠡᠷᠡᠴᠢᠯᠡᠯᠲᠡ ᠶᠢ ᠤᠬᠠᠭᠠᠯᠠᠨ | ᠲᠥᠯᠥᠪᠯᠡᠵᠦ ᠠᠬᠢᠭᠤᠯᠪᠠ — | ︽ᠲᠣᠭᠲᠠᠭᠠᠯ︾ ᠤᠨ ᠪᠦᠭᠦ ᠠᠭᠤᠯᠭ᠎ᠠ ᠶᠢ ᠦᠵᠡᠬᠦ ᠳᠤ᠂ ᠰᠤᠷᠤᠬᠴᠢᠳ ᠤᠨ ᠳᠠᠳᠤᠯᠭ᠎ᠠ ᠦᠢᠯᠡᠳᠦᠯᠭᠡ ᠬᠢᠬᠦ ᠡᠨᠡ ᠬᠦ | ᠶᠠᠯᠢᠮ ᠦᠭᠡᠢ ᠪᠠᠭ᠎ᠠ ᠶᠠᠪᠤᠳᠠᠯ ᠢ ᠴᠤ ᠲᠥᠪ ᠤᠨ ᠪᠢᠴᠢᠭ ᠮᠠᠲ᠋ᠧᠷᠢᠶᠠᠯ ᠳᠤ ᠪᠢᠴᠢᠵᠦ ᠣᠷᠣᠭᠤᠯᠪᠠ᠃ | ᠠᠷᠠᠳ ᠤᠯᠠᠨ ᠶᠠᠭᠤ ᠶᠢ ᠬᠠᠯᠠᠮᠵᠢᠯᠠᠵᠤ᠂ ᠶᠠᠭᠤ ᠶᠢ ᠬᠦᠰᠡᠵᠦ ᠪᠠᠶᠢᠪᠠᠯ᠂ ᠥᠭᠡᠷᠡᠴᠢᠯᠡᠯᠲᠡ ᠳᠠᠷᠤᠢ ᠶᠠᠭᠤ ᠶᠢ | ᠠᠳᠬᠤᠵᠤ᠂ ᠶᠠᠭᠤ ᠶᠢ ᠠᠬᠢᠭᠤᠯᠬᠤ ᠬᠡᠷᠡᠭᠲᠡᠢ᠃ ︽ᠲᠣᠭᠲᠠᠭᠠᠯ︾ ᠳᠤ ᠳᠤᠷᠠᠳᠤᠭᠰᠠᠨ ᠠᠯᠢ ᠤᠯᠠᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠪᠣᠯ ᠬᠥᠭᠵᠢᠯᠲᠡ ᠶᠢᠨ ᠬᠡᠷᠡᠭᠴᠡᠭᠡ᠂ ᠨᠡᠩ ᠴᠤ ᠠᠷᠠᠳ ᠤᠨ ᠰᠡᠳᠬᠢᠯ ᠤᠨ ᠬᠠᠨᠳᠤᠰᠢ ᠪᠠᠶᠢᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠎ᠠ᠄ | ᠠᠮᠢᠳᠤᠯᠢᠭ ᠢᠶᠠᠷ ᠠᠵᠢᠯ ᠣᠯᠣᠭᠰᠠᠳ᠂ ᠬᠥᠯᠥᠰᠦᠨ ᠲᠠᠷᠢᠶᠠᠴᠢᠳ᠂ ᠰᠢᠨ᠎ᠡ ᠭᠡᠯᠪᠡᠷᠢ ᠪᠠᠶᠢᠳᠠᠯ ᠢᠶᠠᠷ ᠠᠵᠢᠯ | ᠣᠯᠣᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠠᠵᠢᠯ ᠣᠯᠣᠭᠰᠠᠨ ᠭᠠᠵᠠᠷ ᠲᠠᠭᠠᠨ | ᠳᠠᠭᠠᠳᠬᠠᠯ ᠳᠤ ᠣᠷᠤᠯᠴᠠᠬᠤ ᠡᠷᠦᠭᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ ᠪᠠᠶᠢᠭᠤᠯᠵᠤ᠂ᠬᠥᠮᠥᠨ | ᠠᠮᠠ ᠶᠢᠨ ᠬᠥᠭᠵᠢᠯᠲᠡ ᠶᠢ ᠳᠡᠮᠵᠢᠬᠦ ᠪᠠ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠵᠦ᠂ᠬᠡᠦᠬᠡᠳ ᠠᠪᠬᠤ ᠶᠢ ᠳᠡᠮᠵᠢᠬᠦ | ᠲᠥᠷᠥ ᠶᠢᠨ ᠪᠣᠳᠣᠯᠭ᠎ᠠ ᠶᠢᠨ ᠰᠢᠰᠲ᠋ᠧᠮ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ᠂ | ᠠᠮᠢᠳᠤᠯᠢᠭ ᠪᠠᠶᠢᠯᠭᠠᠬᠤ ᠵᠠᠷᠴᠢᠮ ᠶᠣᠰᠣᠭᠠᠷ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠶᠢ | ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ | ᠠᠬᠢᠭᠤᠯᠤᠨ᠎ᠠ ᠁ | ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠨᠢ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠨᠡᠩ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ | ᠰᠢᠰᠲ᠋ᠧᠮᠵᠢᠨ ᠬᠤᠷᠠᠬᠤ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠬᠠᠷᠢᠯᠴᠠᠨ ᠬᠠᠮᠵᠢᠯᠴᠠᠵᠤ᠂ | ᠬᠠᠮᠵᠢᠯᠴᠠᠨ ᠥᠨᠳᠥᠷ ᠪᠦᠲᠦᠮᠵᠢᠲᠡᠶ ᠪᠣᠯᠪᠠ — | ᠮᠡᠷᠭᠡᠨ ᠪᠣᠳᠣᠯᠭᠠᠲᠠᠳ ᠪᠠᠶᠢᠳᠠᠯ ᠢ ᠰᠦᠪᠡᠭᠴᠢᠯᠡᠵᠦ᠂ ᠮᠡᠷᠭᠡᠨ ᠪᠣᠳᠣᠯᠭᠠᠲᠠᠳ ᠠᠯᠤᠰ ᠢ ᠵᠣᠷᠢᠨ᠎ᠠ᠃ ᠨᠠᠮ ᠪᠣᠯᠣᠨ | ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠪᠦᠭᠦ ᠲᠠᠯ᠎ᠠ ᠶᠢᠨ ᠴᠢᠨᠠᠷᠲᠠᠢ ᠪᠠ ᠠᠯᠤᠰ ᠭᠡᠲᠦ ᠶᠢᠨ ᠴᠢᠨᠠᠷᠲᠠᠢ | ᠵᠢᠯᠤᠭᠤᠳᠬᠤ ᠦᠢᠯᠡᠳᠦᠯ ᠲᠠᠢ ᠤᠯᠤᠰ ᠲᠥᠷᠥ ᠶᠢᠨ ᠪᠢᠴᠢᠭ ᠮᠠᠲ᠋ᠧᠷᠢᠶᠠᠯ ᠪᠣᠯᠤᠭᠰᠠᠨ ᠤ ᠬᠤᠪᠢ ᠳᠤ᠂ ︽ᠲᠣᠭᠲᠠᠭᠠᠯ︾ ᠳᠤ | ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠠᠴᠠ ᠡᠭᠦᠰᠴᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ | ᠰᠠᠭᠤᠷᠢ ᠴᠢᠨᠠᠷᠲᠠᠢ ᠪᠠ ᠬᠥᠲᠥᠯᠥᠮᠵᠢ ᠶᠢᠨ ᠦᠢᠯᠡᠳᠦᠯ ᠲᠠᠢ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠲᠥᠭᠦᠷᠵᠢᠭᠦᠯᠭᠦ ᠶᠢ ᠴᠢᠩᠭᠠᠳᠬᠠᠵᠤ᠂ ᠬᠤᠯᠪᠣᠭᠳᠠᠯ | ᠪᠦᠬᠦᠢ ᠬᠦᠷᠢᠶᠡᠨ ᠤ ᠣᠶᠢᠷᠠᠯᠴᠠᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠪᠠ᠃ | ︽ᠲᠣᠭᠲᠠᠭᠠᠯ︾ ᠤᠨ ᠨᠢᠭᠡᠨ ᠢᠯᠡ ᠲᠣᠳᠣ ᠣᠨᠴᠠᠯᠢᠭ ᠪᠣᠯ ᠳᠠᠷᠤᠢ ᠰᠢᠰᠲ᠋ᠧᠮᠵᠢᠭᠦᠯᠦᠨ ᠬᠤᠷᠠᠭᠤᠯᠬᠤ ᠶᠢ ᠨᠡᠩ | ᠢᠯᠡᠭᠦᠦ ᠴᠢᠬᠤᠯᠠᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠠᠷᠠᠯᠲᠠ ᠡᠭᠦᠷᠭᠡ ᠪᠠ | ᠴᠢᠬᠤᠯᠠ ᠶᠡᠭᠡ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ᠂ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠪᠣᠷᠣ ᠲᠥᠯᠥᠪ ᠤᠨ ᠳᠣᠣᠷ᠎ᠠ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠬᠠᠭᠠᠯᠠᠨ ᠲᠥᠯᠥᠪᠯᠡᠵᠦ᠂ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ | ᠲᠥᠯᠦᠪᠵᠢᠭᠦᠯᠭᠡ᠂ ᠰᠢᠰᠲ᠋ᠧᠮ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠨᠡᠩ ᠢᠯᠡᠭᠦᠦ ᠤᠶᠤᠨ | ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠠᠮᠵᠢᠯᠴᠠᠨ ᠥᠨᠳᠥᠷ ᠪᠦᠲᠦᠮᠵᠢᠲᠡᠢ ᠪᠤᠯᠬᠤ ᠶᠢ ᠦᠨᠡᠨ ᠬᠦ ᠪᠠᠲᠤᠯᠠᠬᠤ | ᠶᠠᠪᠤᠳᠠᠯ ᠪᠣᠯᠣᠨ᠎ᠠ᠃ | ︽ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠬᠤ︾ ᠪᠠᠷ ᠵᠢᠱᠢᠶᠡᠯᠡᠪᠡᠯ᠂ | ︽ᠲᠣᠭᠲᠠᠭᠠᠯ︾ ᠨᠢ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ | ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠬᠦᠷᠢᠶ᠎ᠡ ᠡᠯ᠎ᠡ | ᠬᠡᠰᠡᠭ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠠᠳᠠᠯᠢ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ᠬᠠᠮᠲᠤᠷᠠᠯ | ᠬᠦᠴᠦᠨ ᠢ ᠪᠦᠷᠢᠯᠳᠦᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ | ᠤᠯᠤᠰ ᠲᠥᠷᠥ ᠶᠢᠨ ᠪᠠᠲᠤᠯᠠᠭ᠎ᠠ ᠶᠢ ᠴᠢᠩᠭᠠᠳᠬᠠᠵᠤ᠂ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠢᠶᠠᠷ ᠠᠭᠤᠤ | ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠤᠨ᠎ᠠ — | ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠬᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ | ︽ᠲᠣᠭᠲᠠᠭᠠᠯ︾ ᠳᠤ ᠲᠤᠰᠬᠠᠶᠢᠯᠠᠨ ᠨᠢᠭᠡ ᠬᠡᠰᠡᠭ ᠢᠶᠠᠷ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢᠨ | ᠳᠦᠷᠢᠮ ᠤᠨ ᠥᠭᠡᠷᠡᠴᠢᠯᠡᠯᠲᠡ ᠶᠢ ᠪᠠᠶᠢᠷᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠤᠯᠤᠰ ᠲᠦᠷᠦ ᠶᠢᠨ ᠵᠢᠯᠣᠭᠤᠳᠤᠯᠭ᠎ᠠ | ᠪᠠ ᠤᠯᠤᠰ ᠲᠦᠷᠦ ᠶᠢᠨ ᠪᠠᠲᠤᠯᠠᠭ᠎ᠠ ᠪᠤᠯᠭᠠᠬᠰᠠᠨ ᠪᠥᠭᠡᠳ ᠪᠠᠰᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠪᠠ᠃ | ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ | ᠳᠦᠷᠢᠮ ᠲᠣᠭᠲᠠᠴᠠ ᠶᠢ ᠪᠦᠷᠢᠨᠰᠢᠭᠦᠯᠵᠦ᠂ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠬᠠᠮᠲᠤ ᠪᠠᠷ | ᠪᠠᠶᠢᠴᠠᠭᠠᠵᠤ ᠬᠠᠮᠲᠤ ᠪᠠᠷ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠭᠡᠯᠪᠡᠷᠢ ᠶᠢᠨ ᠢᠯᠵᠢᠷᠡᠯ ᠪᠣᠯᠣᠨ ᠲᠠᠯᠳᠠ | ᠢᠯᠵᠢᠷᠡᠯ ᠢ ᠰᠡᠷᠭᠡᠶᠢᠯᠡᠨ ᠵᠠᠰᠠᠬᠤ ᠪᠦᠲᠦᠮᠵᠢᠲᠡᠢ ᠠᠷᠭ᠎ᠠ ᠶᠢ ᠪᠠᠶᠠᠯᠢᠭᠵᠢᠭᠤᠯᠤᠨ᠎ᠠ ᠁ ᠠᠯᠢ ᠤᠯᠠᠨ ᠴᠢᠬᠤᠯᠠ ᠶᠡᠭᠡ | ᠠᠷᠭ᠎ᠠ ᠬᠡᠮᠵᠢᠶ᠎ᠡ ᠨᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠬᠤ ᠡᠷᠡᠰ ᠪᠠᠲᠤ ᠪᠠ | ᠰᠡᠷᠭᠡᠭ ᠴᠢᠨᠠᠷ ᠢ ᠭᠦᠢᠴᠡᠳ ᠢᠯᠡᠷᠡᠭᠦᠯᠪᠡ᠃ | ᠥᠭᠡᠷᠡᠴᠢᠯᠡᠯᠲᠡ ᠶᠢᠨ ᠬᠠᠯᠠᠭᠤᠨ ᠥᠷᠨᠢᠯᠲᠡ ᠭᠠᠷᠴᠤ᠂ ᠬᠡᠩᠭᠡᠷᠭᠡ ᠳᠡᠯᠡᠳᠦᠨ ᠭᠠᠪᠰᠢᠭᠠᠶᠢᠯᠠᠨ ᠮᠣᠷᠳᠠᠪᠠ᠃ ᠭᠡᠲᠡᠯ᠎ᠡ᠂ | ᠬᠡᠷᠪᠡ ᠰᠡᠳᠬᠢᠯ ᠰᠢᠭᠤᠳᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠦᠭᠡᠢ ᠪᠣᠯ ᠬᠡᠳᠦᠢ ᠰᠠᠶᠢᠨ ᠬᠠᠷᠠᠯᠲᠠ᠂ ᠬᠡᠳᠦᠢ | ᠰᠠᠶᠢᠨ ᠵᠢᠷᠤᠭ ᠲᠥᠰᠥᠪ ᠴᠦ ᠲᠣᠯᠢᠨ ᠳᠠᠬᠢ ᠴᠡᠴᠡᠭ᠂ ᠤᠰᠤᠨ ᠳᠠᠬᠢ ᠰᠠᠷ᠎ᠠ ᠲᠡᠳᠦᠢ ᠯᠡ ᠪᠤᠯᠬᠤ ᠶᠤᠮ᠃ | ︽ᠲᠣᠭᠲᠠᠭᠠᠯ︾ ᠤᠨ 60 ᠵᠦᠢᠯ ᠳᠠᠬᠢ ᠬᠠᠮᠤᠭ ᠤᠨ ᠰᠡᠭᠦᠯᠴᠢ ᠶᠢᠨ ᠨᠢᠭᠡ ᠵᠦᠢᠯ ᠳᠤ ︽ᠬᠠᠳᠠᠭᠠᠰᠤ ᠬᠠᠳᠠᠬᠤ ᠵᠣᠷᠢᠭ | ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︾ ᠭᠡᠵᠦ ᠣᠨᠴᠠᠭᠠᠶᠢᠯᠠᠨ | ᠴᠢᠬᠤᠯᠠᠴᠢᠯᠠᠪᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠢᠭᠡ ᠵᠢᠷᠤᠭ ᠲᠥᠰᠥᠪ ᠢ ᠲᠤᠭᠤᠰᠢᠲᠠᠢ ᠵᠢᠷᠤᠭᠯᠠᠵᠤ᠂ ᠨᠢᠭᠡ | ᠨᠢᠭᠡ ᠠᠯᠬᠤᠮ ᠢᠶᠠᠷ ᠠᠵᠢᠯᠯᠠᠪᠠᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ | ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ ᠯᠠᠪᠲᠠᠢ ᠴᠢᠳᠠᠬᠤ ᠶᠤᠮ᠃ | ᠲᠤᠭ ᠡᠷᠭᠦᠨ ᠴᠢᠭᠯᠡᠯ ᠢ ᠲᠣᠭᠲᠠᠭᠠᠬᠤ ᠲᠤᠩᠬᠠᠭ ᠪᠢᠴᠢᠭ ᠮᠥᠨ᠂ ᠪᠠᠰᠠ ᠴᠤ ᠬᠦᠴᠢᠷ ᠢ ᠲᠤᠭᠤᠯᠤᠨ ᠪᠡᠷᠬᠡ ᠶᠢ | ᠳᠠᠪᠠᠭᠤ ᠵᠠᠮ ᠤᠨ ᠵᠢᠷᠤᠭ ᠮᠥᠨ᠃ ︽ᠲᠣᠭᠲᠠᠭᠠᠯ︾ ᠨᠢ ᠮᠠᠨ ᠤ ᠨᠠᠮ ᠤᠨ ᠣᠷᠣᠰᠢᠵᠤ ᠪᠠᠶᠢᠭ᠎ᠠ ᠴᠠᠭ ᠦᠶ᠎ᠡ ᠶᠢᠨ ᠣᠷᠴᠢᠨ | ᠨᠥᠬᠦᠴᠡᠯ᠂ ᠠᠶᠤᠯ ᠲᠦᠭᠰᠢᠭᠦᠷᠢ ᠥᠷᠢᠰᠦᠯᠳᠦᠭᠡᠨ᠂ ᠪᠠᠶᠢᠯᠳᠤᠬᠤ ᠪᠣᠳᠣᠯᠭ᠎ᠠ ᠶᠢᠨ ᠴᠢᠭᠯᠡᠯ ᠤᠨ ᠲᠤᠬᠠᠢ ᠣᠨᠣᠪᠴᠢᠲᠠᠢ | ᠮᠠᠭᠠᠳᠯᠠᠯᠲᠠ ᠶᠢ ᠨᠢᠭᠲᠠᠷᠠᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ᠂ | ᠶᠡᠷᠦᠩᠬᠡᠢ ᠬᠠᠷᠠᠯᠲᠠ᠂ ᠭᠤᠣᠯ ᠰᠢᠪᠲᠤᠯᠬᠤ ᠴᠢᠭᠯᠡᠯ ᠤᠨ ᠲᠤᠬᠠᠢ ᠭᠦᠨᠵᠡᠭᠡᠢ ᠡᠵᠡᠮᠳᠡᠯ ᠢ ᠨᠢᠭᠲᠠᠷᠠᠭᠤᠯᠵᠤ᠂ | ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠭᠦᠨᠵᠡᠭᠡᠢ ᠪᠣᠳᠣᠯᠬᠢᠯᠠᠯ ᠪᠠ ᠡᠷᠴᠢ ᠵᠣᠷᠢᠭ ᠢ ᠨᠢᠭᠲᠠᠷᠠᠭᠤᠯᠵᠠᠢ᠃ | ᠲᠡᠦᠬᠡ ᠶᠢᠨ ᠤᠷᠭᠢᠯ ᠳᠤ ᠵᠣᠭᠰᠣᠨ ᠡᠷᠭᠢᠨ ᠬᠠᠷᠠᠬᠤᠶ᠎ᠠ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠨᠡᠭᠡᠭᠡᠬᠦ ᠠᠴᠠ ᠰᠢᠨ᠎ᠡ ᠴᠠᠭ ᠦᠶ᠎ᠡ ᠳᠤ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠰᠢᠰᠲ᠋ᠧᠮ ᠲᠠᠢ ᠪᠦᠬᠦᠯᠢ | ᠴᠣᠭᠴᠠ ᠪᠠᠷ ᠲᠥᠯᠥᠪᠯᠡᠨ ᠠᠬᠢᠭᠤᠯᠬᠤ ᠰᠢᠨ᠎ᠡ ᠠᠶᠠᠨ ᠢ ᠡᠬᠢᠯᠡᠭᠦᠯᠬᠦ ᠭᠦᠷᠲᠡᠯ᠎ᠡ᠂ ᠲᠠᠭᠢᠭᠠᠳ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠥᠷᠭᠡᠴᠡ ᠪᠠ ᠭᠦᠨᠴᠡ ᠲᠡᠶᠢᠰᠢ ᠠᠬᠢᠭᠤᠯᠬᠤ ᠭᠦᠷᠲᠡᠯ᠎ᠡ᠂ ᠭᠤᠷᠪᠠ ᠤᠳᠠᠭ᠎ᠠ ᠶᠢᠨ | ︽ᠭᠤᠷᠪᠠᠳᠤᠭᠠᠷ ᠪᠦᠭᠦᠳᠠ ᠬᠤᠷᠠᠯ︾ ᠨᠢ ᠢᠮᠠᠭᠲᠠ᠂ ᠤᠳᠤᠮ ᠤᠯᠠᠮᠵᠢᠯᠠᠯ ᠨᠢᠭᠡᠲᠡᠢ ᠶᠤᠮ᠄ | — ᠳᠤᠮᠳᠠᠳᠤ ᠤᠯᠤᠰ ᠤᠨ ᠡᠪ ᠬᠠᠮᠲᠤᠴᠤᠳ ᠤᠨ ᠤᠷᠤᠭᠰᠢᠯᠠᠯᠲᠠ ᠶᠢᠨ ᠡᠷᠴᠢ ᠵᠣᠷᠢᠭ ᠬᠤᠪᠢᠷᠠᠰᠢ ᠦᠭᠡᠢ᠃ ᠡᠯ᠎ᠡ | ᠵᠦᠢᠯ ᠤᠨ ᠠᠶᠤᠯ ᠲᠦᠭᠰᠢᠭᠦᠷᠢ ᠰᠢᠯᠭᠠᠯᠲᠠ ᠶᠢᠨ ᠡᠮᠦᠨ᠎ᠡ᠂ ᠪᠢᠳᠡ ᠵᠣᠷᠢᠭ ᠮᠣᠬᠤᠬᠤ ᠦᠭᠡᠢ᠂ ᠵᠠᠮ ᠬᠤᠪᠢᠷᠠᠬᠤ ᠦᠭᠡᠢ | ᠪᠠᠶᠢᠵᠤ᠂ ᠪᠠᠷᠠᠭᠠᠨ ᠡᠭᠦᠯᠡ ᠬᠠᠷᠠᠭ᠎ᠠ ᠬᠠᠯᠬᠠᠯᠠᠬᠤ ᠠᠴᠠ ᠠᠶᠤᠬᠤ ᠦᠭᠡᠢ ᠪᠠᠶᠢᠵᠤ᠂ ᠳᠤᠮᠳᠠᠳᠤ ᠤᠯᠤᠰ ᠤᠨ ᠬᠥᠭᠵᠢᠯᠲᠡ | ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠨ᠎ᠡ᠃ | — ᠦᠨᠡᠨ ᠠᠴᠠ ᠵᠥᠪ ᠢ ᠡᠷᠢᠬᠦ ᠶᠢ ᠢᠮᠠᠭᠲᠠ ᠪᠠᠷᠢᠮᠲᠠᠯᠠᠵᠤ᠂ ᠬᠠᠷᠠᠯᠲᠠ ᠪᠠᠲᠤ ᠴᠢᠩᠭ᠎ᠠ ᠲᠦᠷᠭᠡᠨ ᠪᠥᠭᠡᠳ | ᠯᠠᠪᠳᠠᠭᠤᠨ ᠢᠶᠠᠷ ᠤᠷᠤᠭᠰᠢᠯᠠᠨ᠎ᠠ᠃ ᠥᠭᠡᠷᠡᠴᠢᠯᠡᠯᠲᠡ ᠶᠢᠨ ᠠᠬᠢᠴᠠ ᠳᠤ ᠨᠢᠭᠡᠨᠲᠡ ᠭᠠᠷᠤᠭᠰᠠᠨ ᠪᠠ ᠭᠠᠷᠴᠤ ᠮᠡᠳᠡᠬᠦ | ᠠᠰᠠᠭᠤᠳᠠᠯ ᠢ ︽ᠶᠠᠭᠠᠷᠠᠤ ᠰᠠᠨᠳᠤᠷᠤᠤ︾᠂ ︽ᠬᠡᠢ ᠬᠤᠭᠤᠰᠤᠨ ᠠᠮᠠᠯᠠᠯᠲᠠ︾ ᠬᠢᠬᠦ ᠦᠭᠡᠢ᠂ ᠬᠠᠷᠢᠨ ᠬᠦᠴᠢᠷ ᠪᠡᠷᠬᠡᠰᠢᠶᠡᠯ ᠢ | ᠨᠢᠭᠡᠳ ᠨᠢᠭᠡ ᠪᠠᠷ ᠢᠯᠠᠨ ᠳᠠᠪᠠᠵᠤ᠂ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠣᠷᠢᠭᠲᠠᠢ ᠪᠠᠷ ᠠᠷᠭ᠎ᠠ ᠭᠠᠷᠭᠠᠬᠤ | ᠪᠥᠭᠡᠳ ᠪᠠᠰᠠ ᠴᠢᠳᠠᠮᠠᠭᠠᠢ ᠪᠠᠷ ᠠᠷᠭᠠᠴᠠᠭᠠᠨ᠎ᠠ᠃ | — ᠠᠷᠠᠳ ᠣᠯᠠᠨ ᠤ ᠶᠠᠪᠤᠳᠠᠯ ᠢ ᠬᠡᠵᠢᠶᠡᠳᠡ ᠬᠠᠮᠤᠭ ᠤᠨ ᠴᠢᠬᠤᠯᠠ ᠶᠠᠪᠤᠳᠠᠯ ᠪᠣᠯᠭᠠᠨ᠎ᠠ᠃ ᠠᠯᠢᠪᠠ ᠪᠦᠭᠦᠨ ᠠᠷᠠᠳ | ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠡᠭᠦᠰᠦᠯᠲᠡ ᠪᠠ ᠦᠷ᠎ᠡ ᠳ᠋ᠦᠩ ᠪᠤᠯᠭᠠᠵᠤ᠂ ᠠᠷᠠᠳ ᠲᠦᠮᠡᠨ ᠢᠶᠠᠷ ᠭᠤᠣᠯ | ᠪᠤᠯᠭᠠᠬᠤ ᠶᠢ ᠥᠭᠡᠷᠡᠴᠢᠯᠡᠯᠲᠡ ᠶᠢ ᠠᠬᠢᠭᠤᠯᠬᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠢᠯᠭᠠᠬᠤ ᠯᠣᠭᠢᠭ ᠤᠨ ᠭᠠᠷᠤᠭ᠎ᠠ | ᠪᠠ ᠦᠷᠳᠡᠭ ᠤᠨ ᠲᠦᠰᠢᠭ ᠪᠤᠯᠭᠠᠬᠤ ᠶᠢ ᠪᠠᠷᠢᠮᠲᠠᠯᠠᠨ᠎ᠠ᠃ | — ᠪᠠᠲᠤ ᠴᠢᠩᠭ᠎ᠠ ᠤᠳᠤᠷᠢᠳᠬᠤ ᠭᠤᠣᠯᠯᠠᠭᠴᠢ ᠶᠢ ᠳᠠᠪᠲᠠᠨ ᠪᠣᠯᠪᠠᠰᠤᠷᠠᠭᠤᠯᠤᠨ᠎ᠠ᠃ ᠨᠠᠮ ᠤᠨ ᠥᠪᠡᠷ ᠤᠨ | ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ | ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ | ᠵᠠᠰᠠᠬᠤ ᠶᠢ ᠪᠠᠷᠢᠮᠲᠠᠯᠠᠵᠤ᠂ ᠮᠠᠨ ᠤ ᠨᠠᠮ ᠤᠨ ᠲᠠᠰᠤᠷᠠᠯᠳᠠ ᠦᠭᠡᠢ ᠢᠯᠠᠯᠲᠠ ᠠᠴᠠ ᠰᠢᠨ᠎ᠡ ᠢᠯᠠᠯᠲᠠ ᠲᠡᠶᠢᠰᠢ | ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠥᠨᠳᠥᠷ ᠤᠷᠭᠢᠯ ᠳᠤᠷ ᠳᠠᠬᠢᠨᠲᠠ ᠠᠪᠠᠷᠢᠨ ᠰᠢᠨ᠎ᠡ ᠣᠷᠴᠢᠯᠠᠩ ᠢ ᠨᠡᠭᠡᠭᠡᠵᠦ᠂ ᠵᠣᠷᠢᠭᠲᠠᠢ ᠪᠠᠷ ᠳᠠᠷᠪᠠᠭᠤᠯ ᠬᠡᠶᠢᠰᠬᠡᠨ | ᠤᠷᠤᠰᠬᠠᠯ ᠤᠨ ᠡᠮᠦᠨ᠎ᠡ ᠵᠣᠭᠰᠣᠪᠠ᠃ | ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠠᠯ︾ ᠤᠨ ︽ᠤᠳᠬᠠᠴᠢᠯᠠᠭᠰᠠᠨ ᠵᠢᠷᠤᠭ︾ ᠢ | ᠲᠠᠰᠤᠷᠠᠯᠳᠠ ᠦᠭᠡᠢ ︽ᠭᠤᠶᠢᠳᠠ ᠵᠢᠷᠤᠭ︾᠂ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠪᠠᠯ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠯᠠᠪᠲᠠᠢ ᠲᠦᠷᠭᠡᠨ ᠪᠥᠭᠡᠳ ᠯᠠᠪᠳᠠᠭᠤᠨ ᠢᠶᠠᠷ ᠠᠬᠢᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠲᠠᠢ ᠲᠣᠮᠣ ᠠᠯᠬᠤᠮ ᠢᠶᠠᠷ ᠠᠬᠢᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠠᠪᠲᠠᠢ ᠨᠡᠩ ᠭᠡᠭᠡᠨ ᠰᠠᠷᠠᠭᠤᠯ ᠠᠯᠤᠰ ᠢᠷᠡᠭᠡᠳᠦᠢ ᠲᠠᠢ ᠪᠤᠯᠬᠤ ᠶᠤᠮ︕ | | | | | | | | | | | | | | | |