ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠭᠦᠩ ᠴᠢ ᠬᠤᠸᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/26

    7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ

ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ

ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠭᠦᠩ ᠴᠢ

ᠬᠤᠸᠠᠩ ᠲᠠᠢ ᠠᠭᠤᠯᠵᠠᠪᠠ᠃

    ᠸᠠᠩ ᠯᠢ ᠰᠢᠶᠠ ᠭᠦᠩ ᠴᠢ ᠬᠤᠸᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠡᠭᠡᠵᠢᠩ ᠶᠡᠭᠡ

ᠰᠤᠷᠭᠠᠭᠤᠯᠢ ᠶᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ

ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠣᠳᠣᠬᠠᠨ ᠳᠤ ᠣᠷᠣᠨ ᠳᠠᠶᠠᠭᠠᠷ ᠢᠶᠠᠨ ᠨᠠᠮ ᠤᠨ ᠬᠤᠷᠢᠳᠤᠭᠠᠷ

ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ

ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠠᠩᠬᠠᠷᠤᠯ ᠢᠶᠠᠨ

ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ

︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠰᠢᠨ᠎ᠡ

ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠰᠠᠶᠢᠨ ᠰᠠᠶᠢᠬᠠᠨ ᠬᠠᠨᠳᠤᠰᠢ ᠢᠯᠡᠷᠡᠪᠡ᠃ ᠨᠢᠳᠤᠨᠤᠨ ᠥᠪᠥᠷ ᠮᠣᠩᠭᠤᠯ

ᠪᠣᠯᠣᠨ ᠪᠡᠭᠡᠵᠢᠩ ᠶᠡᠭᠡ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠨᠢᠭᠡᠨᠲᠡ

ᠰᠢᠯᠢᠳᠡᠭ ᠰᠠᠶᠢᠨ ᠦᠷ᠎ᠡ ᠪᠦᠲᠦᠮᠵᠢ ᠣᠯᠵᠠᠢ᠃ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠬᠢᠨ ᠶᠡᠭᠡ

ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠰᠢᠨ᠎ᠡ ᠶᠢ ᠡᠭᠦᠳᠬᠦ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠣᠷᠣᠨ ᠵᠠᠢ ᠪᠠᠨ

ᠤᠯᠠᠮ ᠨᠢᠭᠡ ᠠᠯᠬᠤᠮ ᠥᠷᠭᠡᠳᠬᠡᠵᠦ᠂ ᠰᠢᠨ᠎ᠡ ᠡᠨᠧᠷᠭᠢ᠂ ᠰᠦ ᠶᠢᠨ ᠦᠢᠯᠡᠰ᠂ ᠬᠤᠪᠣᠷ ᠰᠢᠷᠣᠢ᠂ ᠨᠣᠭᠤᠭᠠᠨ ᠪᠣᠳᠣᠯᠲᠠ ᠵᠡᠷᠭᠡ

ᠬᠦᠷᠢᠶᠡᠨ ᠳᠤ ᠠᠯᠢ ᠲᠦᠷᠭᠡᠨ ᠢᠶᠠᠷ ᠰᠢᠨ᠎ᠡ ᠰᠢᠪᠲᠤᠯᠤᠯᠲᠠ ᠭᠠᠷᠭᠠᠵᠤ᠂ ᠰᠢᠨ᠎ᠡ ᠴᠠᠭ ᠦᠶ᠎ᠡ ᠶᠢᠨ ᠰᠤᠷᠭᠠᠭᠤᠯᠢ ᠣᠷᠣᠨ

ᠨᠤᠲᠤᠭ ᠤᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ᠃ ᠥᠪᠥᠷ

ᠮᠣᠩᠭᠤᠯ ︽ᠶᠠᠭᠠᠬᠢᠵᠤ ᠲᠥᠭᠦᠮ ᠦᠵᠡᠭᠦᠯᠭᠦ ᠴᠢᠬᠤᠯᠠᠲᠠᠢ ᠪᠣᠯ ᠲᠡᠭᠡᠵᠦ ᠬᠢᠬᠦ︾ ᠵᠠᠷᠴᠢᠮ ᠶᠣᠰᠣᠭᠠᠷ᠂ ᠲᠤᠰᠬᠠᠢ ᠮᠡᠷᠭᠡᠵᠢᠯᠲᠡᠨ

ᠫᠷᠤᠹᠧᠰᠰᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠳᠤ ᠥᠷᠭᠡᠨ ᠳᠡᠯᠭᠡᠷ ᠬᠡᠷᠡᠭᠯᠡᠭᠡᠨ ᠤ ᠲᠠᠯᠠᠪᠤᠷ

ᠪᠠ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ

ᠪᠦᠲᠦᠭᠡᠯ ᠢ ᠥᠪᠥᠷ ᠮᠣᠩᠭᠤᠯ ᠳᠤ ᠣᠨᠳᠣᠣᠰᠢᠭᠤᠯᠤᠨ ᠬᠡᠷᠡᠭᠯᠡᠬᠦ ᠶᠢ ᠪᠡᠶᠡᠯᠡᠭᠦᠯᠦᠨ᠎ᠡ ᠭᠡᠵᠡᠢ᠃

    ᠭᠦᠩ ᠴᠢ ᠬᠤᠸᠠᠩ᠂ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠶᠠᠪᠤᠯᠴᠠᠭ᠎ᠠ ᠭᠦᠨ ᠵᠤᠵᠠᠭᠠᠨ

ᠪᠠᠶᠢᠵᠤ᠂  ᠰᠣᠯᠢᠯᠴᠠᠭ᠎ᠠ ᠨᠢᠭᠲᠠ ᠪᠠᠶᠢᠳᠠᠭ᠃ ᠬᠤᠶᠢᠰᠢᠳᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂

ᠴᠢᠳᠠᠪᠤᠷᠢᠲᠠᠨ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ᠂ ᠠᠺᠠᠳᠧᠮᠢᠴᠢ ᠶᠢᠨ ᠪᠦᠯᠭᠦᠮ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠥᠪᠥᠷ ᠮᠣᠩᠭᠤᠯ ᠳᠤ ᠢᠷᠡᠵᠦ

ᠰᠢᠨ᠎ᠡ ᠶᠢ ᠡᠭᠦᠳᠦᠨ ᠦᠢᠯᠡᠰ ᠪᠣᠰᠬᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ

ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠨᠡᠮᠡᠷᠢᠯᠡᠬᠦ ᠶᠢ ᠵᠣᠷᠢᠭᠵᠢᠭᠤᠯᠤᠨ ᠳᠡᠮᠵᠢᠨ᠎ᠡ  

ᠭᠡᠵᠦ ᠢᠯᠡᠳᠬᠡᠪᠡ᠃

    ᠪᠦᠦ ᠰᠢᠶᠠᠨ ᠬᠤᠸᠠ᠂ ᠶᠠᠩ ᠵᠢᠶᠧ ᠠᠭᠤᠯᠵᠠᠯᠲᠠ ᠳᠤ ᠣᠷᠣᠯᠴᠠᠵᠠᠢ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号