ᠲᠦᠷᠪᠡᠨ ᠲᠡᠰ ᠤᠨ ᠰᠡᠷᠡᠮᠵᠢ ᠶᠢᠨ ᠲᠤᠬᠢᠶ᠎ᠠ ᠶᠢᠨ ᠪᠤᠳᠠᠳᠠᠢ ᠪᠠᠷᠢᠮᠵᠢᠶ᠎ᠠ ᠶᠢᠨ ᠬᠤᠪᠢᠶᠠᠷᠢᠯᠠᠯ᠄ | 1.ᠰᠢᠷᠤᠬᠦᠨ ᠪᠤᠷᠤᠭᠠᠨ ᠤ ᠬᠦᠬᠡ ᠦᠩᠭᠡ ᠶᠢᠨ ᠤᠷᠢᠳᠴᠢᠯᠠᠨ ᠰᠡᠷᠡᠮᠵᠢᠯᠡᠬᠦᠯᠬᠦ ᠲᠤᠬᠢᠶ᠎ᠠ᠄ 12 ᠴᠠᠭ ᠤᠨ | ᠲᠤᠳᠤᠷᠠᠬᠢ ᠪᠤᠷᠤᠭᠠᠨ ᠤ ᠬᠡᠮᠵᠢᠶ᠎ᠠ 50 ᠮᠢᠯᠢᠮᠧᠳ᠋ᠷ ᠠᠴᠠ ᠲᠡᠭᠡᠭᠰᠢ ᠪᠤᠯᠬᠤ᠂ ᠡᠰᠡᠬᠦᠯ᠎ᠠ ᠨᠢᠭᠡᠨᠳᠠ 50 | ᠮᠢᠯᠢᠮᠧᠳ᠋ᠷ ᠠᠴᠠ ᠲᠡᠭᠡᠭᠰᠢ ᠪᠤᠯᠤᠭᠰᠠᠨ ᠪᠦᠭᠡᠳ ᠪᠤᠷᠤᠭᠠᠨ ᠦᠷᠭᠦᠯᠵᠢᠯᠡᠨ ᠤᠷᠤᠬᠤ ᠪᠤᠯᠤᠮᠵᠢᠳᠠᠢ᠃ | 2. ᠰᠢᠷᠤᠬᠦᠨ ᠪᠤᠷᠤᠭᠠᠨ ᠤ ᠰᠢᠷ᠎ᠠ ᠦᠩᠭᠡ ᠶᠢᠨ ᠤᠷᠢᠳᠴᠢᠯᠠᠨ ᠰᠡᠷᠡᠮᠵᠢᠯᠡᠬᠦᠯᠬᠦ ᠲᠤᠬᠢᠶ᠎ᠠ᠄ 6 ᠴᠠᠭ ᠤᠨ | ᠲᠤᠳᠤᠷᠠᠬᠢ ᠪᠤᠷᠤᠭᠠᠨ ᠤ ᠬᠡᠮᠵᠢᠶ᠎ᠠ 50 ᠮᠢᠯᠢᠮᠧᠳ᠋ᠷ ᠠᠴᠠ ᠲᠡᠭᠡᠭᠰᠢ ᠪᠤᠯᠬᠤ᠂ ᠡᠰᠡᠬᠦᠯ᠎ᠠ ᠨᠢᠭᠡᠨᠳᠠ 50 ᠮᠢᠯᠢᠮᠧᠳ᠋ᠷ | ᠠᠴᠠ ᠲᠡᠭᠡᠭᠰᠢ ᠪᠤᠯᠤᠭᠰᠠᠨ ᠪᠦᠭᠡᠳ ᠪᠤᠷᠤᠭᠠᠨ ᠦᠷᠬᠦᠯᠵᠢᠯᠡᠨ ᠤᠷᠤᠬᠤ ᠪᠤᠯᠤᠮᠵᠢᠳᠠᠢ᠃ | 3. ᠰᠢᠷᠤᠬᠦᠨ ᠪᠤᠷᠤᠭᠠᠨ ᠤ ᠤᠯᠠᠪᠢᠷ ᠦᠩᠭᠡ ᠶᠢᠨ ᠤᠷᠢᠳᠴᠢᠯᠡᠨ ᠰᠡᠷᠡᠮᠵᠢᠯᠡᠬᠦᠯᠬᠦ ᠲᠤᠬᠢᠶ᠎ᠠ᠄ 3 ᠴᠠᠭ ᠤᠨ | ᠲᠤᠳᠤᠷᠠᠬᠢ ᠪᠤᠷᠤᠭᠠᠨ ᠤ ᠬᠡᠮᠵᠢᠶ᠎ᠠ 50 ᠮᠢᠯᠢᠮᠧᠳ᠋ᠷ ᠠᠴᠠ ᠲᠡᠭᠡᠭᠰᠢ ᠪᠤᠯᠬᠤ᠂ ᠡᠰᠡᠬᠦᠯ᠎ᠠ ᠨᠢᠭᠡᠨᠳᠠ 50 | ᠮᠢᠯᠢᠮᠧᠳ᠋ᠷ ᠠᠴᠠ ᠲᠡᠭᠡᠭᠰᠢ ᠪᠤᠯᠤᠭᠰᠠᠨ ᠪᠦᠭᠡᠳ ᠪᠤᠷᠤᠭᠠᠨ ᠦᠷᠬᠦᠯᠵᠢᠯᠡᠨ ᠤᠷᠤᠬᠤ ᠪᠤᠯᠤᠮᠵᠢᠳᠠᠢ᠃ | 4. ᠰᠢᠷᠤᠬᠦᠨ ᠪᠤᠷᠤᠭᠠᠨ ᠤ ᠤᠯᠠᠭᠠᠨ ᠦᠩᠭᠡ ᠶᠢᠨ ᠤᠷᠢᠳᠴᠢᠯᠠᠨ ᠰᠡᠷᠡᠮᠵᠢᠯᠡᠬᠦᠯᠬᠦ ᠲᠤᠬᠢᠶ᠎ᠠ᠄ 3 ᠴᠠᠭ ᠤᠨ | ᠲᠤᠳᠤᠷᠠᠬᠢ ᠪᠤᠷᠤᠭᠠᠨ ᠤ ᠬᠡᠮᠵᠢᠶ᠎ᠠ 100 ᠮᠢᠯᠢᠮᠧᠳ᠋ᠷ ᠠᠴᠠ ᠲᠡᠭᠡᠭᠰᠢ ᠪᠤᠯᠬᠤ᠂ ᠡᠰᠡᠬᠦᠯ᠎ᠠ ᠨᠢᠭᠡᠨᠳᠠ 100 | ᠮᠢᠯᠢᠮᠧᠳ᠋ᠷ ᠠᠴᠠ ᠲᠡᠭᠡᠭᠰᠢ ᠪᠤᠯᠤᠭᠰᠠᠨ ᠪᠦᠭᠡᠳ ᠪᠤᠷᠤᠭᠠᠨ ᠦᠷᠬᠦᠯᠵᠢᠯᠡᠨ ᠤᠷᠤᠬᠤ ᠪᠤᠯᠤᠮᠵᠢᠳᠠᠢ᠃ | ᠪᠤᠷᠤᠭᠠᠨ ᠲᠠᠢ ᠡᠳᠤᠷ ᠮᠠᠰᠢᠨ ᠵᠢᠯᠤᠭᠤᠳᠬᠤ ᠳᠠᠭᠠᠨ ᠠᠩᠬᠠᠷᠬᠤ ᠴᠢᠬᠤᠯᠠᠳᠠᠢ ᠬᠡᠳᠤᠨ ᠵᠦᠢᠯ | 1. ᠲᠡᠷᠭᠡ ᠲᠦᠭᠵᠢᠷᠡᠭᠡᠳ 30 ᠮᠢᠨᠦ᠋ᠲ ᠬᠡᠳᠤᠷᠠᠵᠤ ᠪᠠᠰᠠ ᠶᠠᠪᠤᠵᠤ ᠲᠡᠶᠢᠯᠬᠦ ᠦᠭᠡᠢ ᠪᠠᠶᠢᠪᠠᠯ᠂ | ᠲᠡᠷᠭᠡᠨ ᠠᠴᠠ ᠪᠠᠨ ᠪᠠᠭᠤᠵᠤ ᠤᠰᠤ ᠤᠷᠤᠰᠤᠨ ᠢᠷᠡᠵᠤ ᠪᠠᠶᠢᠬᠤ ᠡᠰᠡᠬᠦ ᠶᠢ ᠦᠵᠡᠭᠡᠷᠡᠢ᠃ | 2. ᠭᠠᠵᠠᠷ ᠲᠡᠭᠡᠷᠡᠬᠢ ᠤᠰᠤᠨ ᠤ ᠤᠷᠤᠰᠬᠠᠯ ᠢ ᠠᠵᠢᠭᠯᠠᠬᠤ ᠬᠡᠷᠡᠭᠳᠡᠢ᠂ ᠬᠡᠷᠪᠡ ᠤᠰᠤ ᠬᠤᠷᠠᠵᠤ ᠭᠠᠵᠠᠷ | ᠲᠤᠥᠷᠠᠬᠢ ᠤᠰᠤᠨ ᠬᠤᠭᠤᠯᠠᠢ ᠤᠰᠤ ᠲᠦᠬᠦᠷᠡᠭᠰᠡᠨ ᠪᠠᠶᠢᠪᠠᠯ ᠤᠰᠤᠨ ᠲᠦᠪᠰᠢᠨ ᠮᠠᠰᠢ ᠲᠦᠷᠭᠡᠨ ᠲᠡᠭᠡᠭᠰᠢᠯᠡᠵᠤ | ᠮᠡᠳᠡᠨ᠎ᠠ᠃ | 3. ᠮᠠᠰᠢᠨ ᠲᠡᠷᠭᠡ ᠨᠢᠭᠡᠨᠳᠠ ᠤᠨᠳᠠᠷᠠᠭᠰᠠᠨ ᠮᠦᠷᠳᠡᠬᠡᠨ ᠤᠰᠤᠨ ᠲᠦᠪᠰᠢᠨ ᠲᠡᠭᠡᠭᠰᠢᠯᠡᠵᠤ ᠪᠠᠶᠢᠪᠠᠯ᠂ ᠲᠠᠷᠤᠢ | ᠲᠦᠷᠭᠡᠨ ᠮᠠᠰᠢᠨ ᠠᠴᠠ ᠪᠠᠨ ᠪᠠᠭᠤᠭᠠᠷᠠᠢ᠃ | 4. ᠤᠰᠤᠨ ᠲᠦᠪᠰᠢᠨ ᠨᠢ ᠮᠠᠰᠢᠨ ᠲᠡᠷᠭᠡᠨ ᠤ ᠴᠤᠩᠬᠤᠨ ᠰᠢᠯ ᠤᠨ ᠬᠠᠪᠢ ᠳᠤ ᠬᠦᠷᠬᠦ ᠠᠴᠠ ᠡᠮᠤᠨ᠎ᠠ | ᠮᠠᠰᠢᠨ ᠠᠴᠠ ᠪᠠᠨ ᠪᠠᠭᠤᠵᠤ ᠠᠮᠢ ᠵᠢᠭᠤᠳᠠᠬᠤ ᠬᠡᠷᠡᠭᠳᠡᠢ᠃ | 5. ᠰᠢᠷᠤᠬᠦᠨ ᠪᠤᠷᠤᠭᠠᠨ ᠳᠤ ᠬᠡᠷᠪᠡ ᠮᠠᠰᠢᠨ ᠲᠡᠷᠭᠡᠨ ᠤ ᠡᠬᠦᠳᠠ ᠴᠤᠩᠬᠤ ᠶᠢ ᠨᠡᠭᠡᠭᠡᠵᠤ ᠲᠡᠶᠢᠯᠬᠦ ᠦᠭᠡᠢ | ᠪᠤᠯᠤᠭᠰᠠᠨ ᠪᠤᠯ᠂ ᠴᠤᠩᠬᠤᠨ ᠰᠢᠯ ᠢ ᠬᠠᠭᠠᠯᠵᠤ ᠮᠠᠰᠢᠨ ᠲᠡᠷᠭᠡᠨ ᠠᠴᠠ ᠭᠠᠷᠬᠤ ᠬᠡᠷᠡᠭᠳᠡᠢ᠃ |