ᠲᠣᠰ ᠭᠠᠷᠠᠭ ᠲᠤ ᠣᠯᠠᠨ ᠤᠯᠤᠰ ᠤᠨ ᠰᠤᠳᠤᠯᠭᠠᠲᠠᠳ ᠤᠨ ᠬᠠᠮᠲᠤ ᠪᠠᠷ ᠨᠡᠶᠢᠲᠡᠯᠡᠭᠰᠡᠨ ᠰᠤᠳᠤᠯᠭᠠᠨ ᠤ | ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠪᠥᠬᠦ ᠪᠥᠮᠪᠥᠷᠴᠡᠭ ᠤᠨ ᠳᠤᠯᠠᠭᠠᠷᠠᠬᠤ ᠬᠠᠨᠳᠤᠰᠢ ᠠᠴᠠ ᠪᠣᠯᠤᠭᠰᠠᠨ | ᠬᠤᠶᠠᠷ ᠲᠤᠶᠢᠯ ᠤᠨ ᠮᠥᠰᠥ ᠴᠠᠰᠤᠨ ᠤ ᠬᠠᠶᠢᠯ ᠨᠢ ᠳᠡᠯᠡᠬᠡᠢ ᠶᠢᠨ ᠪᠥᠮᠪᠥᠷᠴᠡᠭ ᠤᠨ ᠡᠷᠭᠢᠯᠲᠡ ᠶᠢᠨ ᠬᠤᠷᠳᠤᠴᠠ ᠶᠢ | ᠲᠦᠷᠭᠡᠳᠬᠡᠵᠦ᠂ ᠳᠡᠯᠡᠬᠡᠢ ᠶᠢᠨ ᠪᠥᠮᠪᠥᠷᠴᠡᠭ ᠳᠡᠭᠡᠷᠡᠬᠢ ︽ᠨᠢᠭᠡ ᠡᠳᠦᠷ︾ ᠨᠢ ᠪᠠᠰᠠ ᠡᠭᠦᠨ ᠠᠴᠠ ᠪᠣᠯᠵᠤ ᠣᠷᠳᠣ | ᠪᠣᠯᠵᠤ ᠪᠤᠢ᠃ | ᠠᠮᠧᠷᠢᠺᠠ ᠶᠢᠨ ︽ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠰᠡᠳᠬᠦᠯ︾ | ᠤᠨ 15 ᠤ ᠡᠳᠦᠷ ᠨᠡᠶᠢᠲᠡᠯᠡᠭᠰᠡᠨ ᠬᠠᠮᠢᠶ᠎ᠠ ᠪᠦᠬᠦᠢ ᠰᠤᠳᠤᠯᠭᠠᠨ ᠤ ᠮᠡᠳᠡᠭᠦᠯᠦᠯᠲᠡ ᠠᠴᠠ ᠦᠵᠡᠪᠡᠯ᠂ ᠭᠷᠢᠨᠯᠠᠨᠳ᠋ | ᠠᠷᠠᠯ ᠪᠣᠯᠣᠨ ᠡᠮᠦᠨᠡᠲᠦ ᠲᠤᠶᠢᠯ ᠵᠡᠷᠭᠡ ᠭᠠᠵᠠᠷ ᠤᠨ ᠮᠥᠰᠥ ᠴᠠᠰᠤ ᠲᠦᠷᠭᠡᠨ ᠬᠠᠶᠢᠯᠵᠤ᠂ ᠳᠡᠯᠡᠬᠡᠢ ᠶᠢᠨ | ᠪᠥᠮᠪᠥᠷᠴᠡᠭ ᠤᠨ ᠪᠦᠰᠡᠯᠡᠭᠦᠷ ᠣᠷᠴᠢᠮ ᠤᠨ ᠲᠡᠯᠡᠶ ᠶᠢᠨ ᠤᠰᠤ ᠨᠡᠮᠡᠭᠳᠡᠭᠰᠡᠨ ᠢᠶᠠᠷ ᠳᠡᠯᠡᠬᠡᠢ ᠶᠢᠨ ᠪᠥᠮᠪᠥᠷᠴᠡᠭ ᠤᠨ | ᠥᠪᠡᠷ ᠤᠨ ᠬᠢᠨᠢ ᠡᠷᠭᠢᠯᠲᠡ ᠤᠳᠠᠭᠠᠨ ᠪᠣᠯᠵᠤ ᠪᠠᠶᠢᠨ᠎ᠠ᠃ | ᠰᠤᠳᠤᠯᠭᠠᠲᠠᠳ ᠤᠨ ᠵᠢᠱᠢᠭᠰᠡᠨ ᠢᠶᠠᠷ᠂ ᠪᠥᠬᠦ ᠪᠥᠮᠪᠥᠷᠴᠡᠭ ᠤᠨ ᠳᠤᠯᠠᠭᠠᠷᠠᠬᠤ ᠬᠠᠨᠳᠤᠰᠢ ᠨᠢ ᠬᠡᠷᠪᠡ | ᠬᠠᠮᠤᠭ ᠤᠨ ᠮᠠᠭᠤ ᠪᠠᠶᠢᠳᠠᠯ ᠢᠶᠠᠷ ᠬᠥᠭᠵᠢᠪᠡᠯ᠂ 2100 ᠣᠨ ᠠᠴᠠ ᠡᠮᠦᠨ᠎ᠡ᠂ᠳᠡᠯᠡᠬᠡᠢ ᠶᠢᠨ ᠪᠥᠮᠪᠥᠷᠴᠡᠭ ᠳᠡᠭᠡᠷᠡᠬᠢ | ᠨᠢᠭᠡ ᠡᠳᠦᠷ 2.62 ᠪᠢᠴᠢᠯ ᠰᠧᠺᠦ᠋ᠨ᠋ᠳ᠋ ᠣᠷᠴᠢᠮ ᠨᠡᠮᠡᠭᠳᠡᠬᠦ ᠪᠣᠯᠣᠨ᠎ᠠ᠃ ᠬᠥᠮᠥᠰ ᠤᠨ ᠡᠳᠦᠷ ᠲᠤᠲᠤᠮ ᠤᠨ | ᠠᠮᠢᠳᠤᠷᠠᠯ ᠳᠤ ᠠᠪᠴᠤ ᠬᠡᠯᠡᠪᠡᠯ᠂ ᠨᠢᠭᠡ ᠡᠳᠦᠷ ᠬᠡᠳᠦᠨ ᠪᠢᠴᠢᠯ ᠰᠧᠺᠦ᠋ᠨ᠋ᠳ᠋ ᠨᠡᠮᠡᠭᠳᠡᠬᠦ ᠨᠢ ᠶᠠᠮᠠᠷ ᠴᠤ ᠨᠥᠯᠥᠭᠡ | ᠪᠣᠯᠬᠤ ᠦᠭᠡᠢ᠂ ᠭᠡᠪᠡᠴᠦ ᠲᠡᠶᠢᠷᠦᠯᠲᠦ ᠰᠤᠮᠤ ᠬᠠᠷᠪᠤᠬᠤ᠂ ᠪᠥᠬᠦ ᠪᠥᠮᠪᠥᠷᠴᠡᠭ ᠤᠨ ᠪᠠᠶᠢᠷᠢ ᠲᠣᠭᠲᠠᠭᠠᠬᠤ ᠰᠢᠰᠲ᠋ᠧᠮ | ᠵᠡᠷᠭᠡ ᠳᠡᠭᠡᠳᠦ ᠨᠠᠷᠢᠯᠢᠭ ᠮᠡᠷᠭᠡᠵᠢᠯ ᠤᠨ ᠬᠡᠷᠡᠭᠯᠡᠯᠲᠡ ᠳᠤ ᠠᠪᠴᠤ ᠬᠡᠯᠡᠪᠡᠯ᠂ ᠬᠡᠳᠦᠨ ᠪᠢᠴᠢᠯ ᠰᠧᠺᠦ᠋ᠨ᠋ᠳ᠋ ᠤᠨ ᠵᠥᠷᠢᠶ᠎ᠡ | ᠨᠢ ᠬᠦᠨᠳᠦ ᠶᠡᠭᠡ ᠠᠯᠳᠠᠰᠢ ᠭᠠᠷᠭᠠᠵᠤ ᠮᠡᠳᠡᠨ᠎ᠡ ᠭᠡᠪᠡ᠃ | | |