1. ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠬᠦ ᠦᠭᠡᠢ ᠪᠤᠶᠤ ᠡᠷᠲᠡ ᠬᠠᠭᠠᠬᠤ | ᠲᠣᠰᠣᠨ ᠤᠲᠤᠭ᠎ᠠ ᠲᠠᠢ ᠣᠷᠴᠢᠨ ᠲᠣᠭᠤᠷᠢᠨ ᠳᠤ ᠤᠷᠲᠤ ᠬᠤᠭᠤᠴᠠᠭ᠎ᠠ ᠪᠠᠷ ᠪᠠᠶᠢᠪᠠᠯ ᠬᠤᠭᠤᠯᠠᠢ ᠶᠢᠨ | ᠦᠷᠪᠢᠰᠦᠯ᠂ ᠬᠠᠮᠠᠷ ᠤᠨ ᠦᠷᠪᠢᠰᠦᠯ᠂ ᠮᠥᠭᠡᠷᠰᠦᠨ ᠬᠤᠭᠤᠯᠠᠢ ᠶᠢᠨ ᠦᠷᠪᠢᠰᠦᠯ ᠵᠡᠷᠭᠡ ᠡᠪᠡᠳᠴᠢᠨ ᠢ ᠣᠯᠵᠤ | ᠮᠡᠳᠡᠨ᠎ᠡ᠂ ᠴᠢᠨᠠᠭᠰᠢᠯᠠᠪᠠᠯ ᠠᠭᠤᠰᠬᠢᠨ ᠥᠮᠡᠨ ᠢ ᠴᠤ ᠣᠯᠵᠤ ᠮᠡᠳᠡᠨ᠎ᠡ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠄ | ᠬᠠᠭᠤᠷᠴᠤ ᠬᠠᠭᠠᠷᠢᠬᠤ ᠠᠴᠠ 20 ᠰᠧᠺᠦ᠋ᠨ᠋ᠳ᠋ ᠤᠨ ᠡᠮᠦᠨ᠎ᠡ ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠪᠡᠯ | ᠲᠣᠰᠣᠨ ᠣᠲᠤᠭ᠎ᠠ ᠶᠢᠨ ᠲᠠᠷᠬᠠᠯᠲᠠ ᠶᠢ ᠨᠠᠩ ᠰᠠᠶᠢᠨ ᠡᠵᠡᠮᠳᠡᠵᠦ᠂ ᠲᠣᠰᠣᠨ ᠣᠲᠤᠭ᠎ᠠ ᠲᠠᠷᠬᠠᠬᠤ ᠶᠢ ᠨᠠᠩ ᠰᠠᠶᠢᠨ | ᠰᠡᠷᠭᠡᠶᠢᠯᠡᠵᠦ ᠴᠢᠳᠠᠨ᠎ᠠ᠂ ᠬᠠᠭᠤᠷᠴᠤ ᠬᠠᠭᠠᠷᠢᠬᠤ ᠶᠠᠪᠤᠴᠠ ᠳᠤ ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠬᠦ ᠶᠢ | ᠪᠠᠲᠤᠯᠠᠬᠤ ᠬᠡᠷᠡᠭᠲᠡᠢ ᠪᠥᠭᠡᠳ ᠬᠠᠭᠤᠷᠴᠤ ᠬᠠᠭᠠᠷᠢᠵᠤ ᠪᠠᠷᠠᠭᠰᠠᠨ ᠤ ᠳᠠᠷᠠᠭ᠎ᠠ ᠴᠤ ᠲᠣᠰᠣᠨ ᠣᠲᠤᠭ᠎ᠠ ᠶᠢᠨ | ᠮᠠᠰᠢᠨ ᠢᠶᠠᠨ ᠦᠷᠭᠦᠯᠵᠢᠯᠡᠨ 3 ᠮᠢᠨᠦ᠋ᠲ ᠠᠵᠢᠯᠯᠠᠭᠤᠯᠬᠤ ᠬᠡᠷᠡᠭᠲᠡᠢ᠂ ᠨᠣᠭᠤᠭ᠎ᠠ ᠪᠠᠨ ᠬᠠᠭᠤᠷᠴᠤ ᠪᠠᠷᠠᠮᠠᠭᠴᠠ | ᠰᠢᠭᠤᠳ ᠬᠠᠭᠠᠬᠤ ᠬᠡᠷᠡᠭ ᠦᠭᠡᠢ᠃ ᠡᠭᠦᠨ ᠠᠴᠠ ᠭᠠᠳᠠᠨ᠎ᠠ᠂ ᠳᠣᠣᠷ᠎ᠠ ᠬᠠᠯᠠᠭᠤᠨ ᠢᠶᠠᠷ ᠬᠤᠭᠤᠯᠠ ᠬᠢᠪᠡᠯ ᠲᠣᠰᠣᠨ | ᠣᠲᠤᠭ᠎ᠠ ᠭᠠᠷᠬᠤ ᠨᠢ ᠨᠠᠩ ᠪᠠᠭ᠎ᠠ ᠪᠣᠯᠣᠨ᠎ᠠ᠃ | 2. ᠲᠣᠭᠤᠭ᠎ᠠ ᠪᠠᠨ ᠱᠤᠸᠠᠵᠠᠳᠠᠬᠤ ᠦᠭᠡᠢ ᠪᠠᠷ ᠦᠷᠭᠦᠯᠵᠢᠯᠡᠨ ᠨᠣᠭᠤᠭ᠎ᠠ ᠬᠠᠭᠤᠷᠬᠤ | ᠨᠣᠭᠤᠭ᠎ᠠ ᠬᠠᠭᠤᠷᠴᠤ ᠪᠠᠷᠠᠭᠰᠠᠨ ᠤ ᠳᠠᠷᠠᠭ᠎ᠠ᠂ ᠲᠣᠭᠤᠭᠠᠨ ᠳᠡᠭᠡᠷ᠎ᠡ ᠴᠢᠨᠢ ᠨᠣᠭᠤᠭ᠎ᠠ ᠬᠠᠭᠤᠷᠤᠭᠰᠠᠨ ᠮᠠᠰᠢ | ᠣᠯᠠᠨ ᠦᠯᠡᠳᠡᠭᠳᠡᠯ ᠪᠠ ᠦᠯᠡᠳᠡᠭᠰᠡᠨ ᠲᠣᠰᠣ ᠨᠠᠭᠠᠯᠳᠤᠵᠤ ᠪᠠᠶᠢᠳᠠᠭ᠂ ᠬᠡᠷᠪᠡ ᠦᠷᠭᠦᠯᠵᠢᠯᠡᠨ ᠥᠭᠡᠷ᠎ᠡ ᠨᠣᠭᠤᠭ᠎ᠠ | ᠬᠠᠭᠤᠷᠪᠠᠯ᠂ ᠡᠮᠦᠨᠡᠬᠢ ᠬᠠᠭᠤᠷᠤᠭᠰᠠᠨ ᠨᠣᠭᠤᠭ᠎ᠠ ᠶᠢᠨ ᠦᠯᠡᠳᠡᠭᠳᠡᠯ ᠳᠠᠷᠤᠢ ᠬᠡᠦᠷᠰᠢᠨᠡ᠂ ᠡᠭᠦᠨ ᠤ ᠤᠯᠠᠮ ᠢᠶᠠᠷ | ᠥᠮᠡᠨ ᠣᠯᠣᠭᠤᠯᠬᠤ ᠪᠣᠳᠠᠰ ᠡᠭᠦᠰᠴᠦ᠂ ᠦᠯᠡᠳᠡᠭᠰᠡᠨ ᠲᠣᠰᠣ ᠶᠢ ᠨᠢ ᠴᠦ ᠬᠤᠶᠠᠳᠠᠭᠢ ᠤᠳᠠᠭ᠎ᠠ ᠬᠠᠯᠠᠭᠰᠠᠨ ᠠᠴᠠ | ᠪᠣᠯᠵᠤ ᠬᠤᠣᠷᠲᠠᠢ ᠪᠦᠷᠢᠯᠳᠦᠭᠦᠨ ᠡᠭᠦᠰᠳᠡᠭ᠃ | 3. ᠨᠣᠭᠤᠭ᠎ᠠ ᠬᠢᠬᠦ ᠳᠡᠭᠡᠨ ᠳᠠᠪᠤᠰᠤ ᠢᠯᠡᠭᠦᠦ ᠬᠢᠬᠦ | ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠭᠯᠡᠭᠦᠷ︾ ᠲᠤ᠂ ᠨᠢᠭᠡ ᠬᠥᠮᠥᠨ ᠤ | ᠡᠳᠦᠷ ᠪᠦᠷᠢ ᠶᠢᠨ ᠳᠠᠪᠤᠰᠤ ᠢᠳᠡᠬᠦ ᠬᠡᠮᠵᠢᠶ᠎ᠡ ᠶᠢ 5 ᠭᠷᠡᠮ ᠠᠴᠠ ᠬᠡᠲᠦᠷᠡᠭᠦᠯᠵᠦ ᠪᠤᠯᠬᠤ ᠦᠭᠡᠢ᠂ ᠳᠠᠪᠤᠰᠤ ᠳᠡᠩᠳᠡᠭᠦᠦ | ᠠᠷᠪᠢᠨ ᠢᠳᠡᠪᠡᠯ ᠴᠢᠰᠤᠨ ᠳᠠᠷᠤᠯᠲᠠ ᠥᠨᠳᠥᠷᠵᠢᠬᠦ ᠡᠪᠡᠳᠴᠢᠨ ᠣᠯᠬᠤ ᠪᠠᠷ ᠪᠠᠷᠠᠬᠤ ᠦᠭᠡᠢ᠂ ᠪᠠᠰᠠ ᠶᠠᠰᠤᠨ ᠤ ᠡᠳ᠋ | ᠰᠡᠶᠢᠷᠡᠭᠵᠢᠬᠦ᠂ ᠬᠤᠳᠣᠭᠤᠳᠤᠨ ᠦᠷᠪᠢᠰᠦᠯ ᠳᠤ ᠨᠡᠷᠪᠡᠭᠳᠡᠬᠦ᠂ ᠴᠢᠨᠠᠭᠰᠢᠯᠠᠪᠠᠯ ᠬᠤᠳᠣᠭᠤᠳᠤᠨ ᠥᠮᠡᠨ ᠳᠤ ᠨᠡᠷᠪᠡᠭᠳᠡᠬᠦ | ᠲᠦᠭᠰᠢᠭᠦᠷᠢ ᠶᠢ ᠨᠡᠮᠡᠭᠳᠡᠭᠦᠯᠦᠨ᠎ᠡ ᠭᠡᠵᠦ ᠰᠠᠨᠠᠭᠤᠯᠵᠠᠢ᠃ ᠤᠴᠢᠷ ᠨᠢ ᠳᠠᠪᠤᠰᠤ ᠬᠡᠲᠦᠷᠬᠡᠢ ᠶᠡᠭᠡ ᠢᠳᠡᠪᠡᠯ | ᠬᠤᠳᠣᠭᠤᠳᠤᠨ ᠤ ᠰᠠᠯᠢᠰᠤᠲᠤ ᠪᠦᠷᠬᠦᠪᠴᠢ ᠳᠤ ᠰᠡᠳᠦᠯᠲᠡ ᠥᠭᠴᠦ᠂ ᠬᠤᠳᠣᠭᠤᠳᠤᠨ ᠤ ᠬᠠᠨ᠎ᠠ ᠶᠢᠨ ᠡᠰ ᠢ | ᠤᠨᠠᠭᠠᠵᠤ ᠮᠡᠳᠡᠨ᠎ᠡ᠂ ᠬᠠᠨ᠎ᠠ ᠶᠢᠨ ᠡᠰ ᠪᠣᠯ ᠬᠤᠳᠣᠭᠤᠳᠤᠨ ᠤ ᠡᠷᠡᠭᠦᠯ ᠮᠡᠨᠳᠦ ᠶᠢ ᠬᠠᠮᠠᠭᠠᠯᠠᠬᠤ ᠬᠠᠯᠬᠠᠪᠴᠢ ᠮᠥᠨ᠂ | ᠬᠡᠷᠪᠡ ᠡᠪᠳᠡᠭᠳᠡᠪᠡᠯ ᠬᠤᠳᠣᠭᠤᠳᠤᠨ ᠦᠷᠪᠢᠰᠦᠯ ᠤᠨ ᠲᠦᠭᠰᠢᠭᠦᠷᠢ ᠶᠢ ᠨᠡᠮᠡᠭᠳᠡᠭᠦᠯᠵᠦ᠂ ᠡᠴᠦᠰ ᠲᠡᠭᠡᠨ | ᠬᠤᠳᠣᠭᠤᠳᠤᠨ ᠥᠮᠡᠨ ᠢ ᠡᠭᠦᠰᠬᠡᠳᠡᠭ᠃ | | |