ᠮᠠᠨ ᠤ ᠠᠶᠢᠮᠠᠭ ᠡᠯ᠎ᠡ ᠭᠠᠴᠠᠭ᠎ᠠ ᠲᠣᠰᠬᠤᠨ ᠳᠤ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠎ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/3

    2023 ᠣᠨ ᠤ 9 ᠰᠠᠷ᠎ᠠ ᠠᠴᠠ ᠡᠬᠢᠯᠡᠨ᠂ ᠮᠠᠨ ᠤ ᠠᠶᠢᠮᠠᠭ ᠵᠠᠰᠠᠭ ᠵᠠᠬᠢᠷᠭᠠᠨ ᠤ ᠭᠠᠴᠠᠭ᠎ᠠ ᠲᠣᠰᠬᠤᠨ

ᠪᠣᠯᠭᠠᠨ ᠳᠤ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠲᠣᠬᠢᠷᠠᠭᠤᠯᠬᠤ ᠵᠠᠭᠪᠤᠷ ᠢ ᠳᠡᠯᠭᠡᠷᠡᠭᠦᠯᠦᠨ᠂

ᠭᠠᠴᠠᠭ᠎ᠠ ᠲᠣᠰᠬᠤᠨ ᠤ ᠨᠠᠮ ᠤᠨ ᠡᠭᠦᠷ ᠠᠷᠠᠳ ᠤᠨ ᠵᠥᠪᠯᠡᠯ ᠤᠨ ᠭᠡᠰᠢᠭᠦᠨ᠂ ᠪᠠᠶᠠᠵᠢᠯ ᠤᠨ ᠳᠠᠭᠠᠭᠤᠯᠤᠭᠴᠢ᠂

ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠵᠤ ᠪᠠᠶᠢᠭ᠎ᠠ ᠴᠢᠳᠠᠪᠤᠷᠢᠲᠠᠨ ᠵᠡᠷᠭᠡ ᠬᠥᠮᠥᠰ ᠢ ᠤᠷᠢᠳᠠᠪᠠᠷ

ᠰᠣᠩᠭᠤᠨ ᠬᠡᠷᠡᠭᠯᠡᠵᠦ᠂ ᠲᠡᠳᠡᠨ ᠤ ᠮᠠᠯᠵᠢᠬᠤ ᠲᠠᠷᠢᠶᠠᠯᠠᠬᠤ ᠣᠷᠣᠨ ᠳᠤ ᠦᠨᠳᠦᠰᠦᠯᠡᠬᠦ᠂ ᠮᠠᠯᠵᠢᠬᠤ ᠲᠠᠷᠢᠶᠠᠯᠠᠬᠤ

ᠣᠷᠣᠨ ᠤ ᠦᠢᠯᠡᠳᠪᠦᠷᠢᠯᠡᠯ ᠠᠮᠢᠳᠤᠷᠠᠯ ᠢ ᠰᠠᠶᠢᠨ ᠣᠶᠢᠯᠠᠭᠠᠬᠤ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠢᠳᠡᠪᠬᠢ

ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡ ᠪᠦᠯᠦᠭ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠮᠥᠩᠭᠦᠨ

ᠭᠦᠢᠯᠭᠡᠭᠡ ᠶᠢ ᠣᠶᠢᠯᠠᠭᠠᠬᠤ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠴᠢᠳᠠᠪᠤᠷᠢ ᠪᠦᠬᠦᠢ ᠮᠠᠯᠵᠢᠬᠤ ᠲᠠᠷᠢᠶᠠᠯᠠᠬᠤ

ᠣᠷᠣᠨ ᠤ ᠮᠥᠩᠭᠦᠨ ᠭᠦᠢᠯᠭᠡᠭᠡᠨ ᠤ ᠵᠥᠪᠯᠡᠭᠴᠢ ᠶᠢ ᠬᠥᠮᠥᠵᠢᠭᠦᠯᠵᠡᠢ᠃ ᠡᠨᠡ ᠵᠢᠯ ᠤᠨ 5 ᠰᠠᠷ᠎ᠠ ᠶᠢᠨ ᠡᠬᠢᠨ ᠳᠤ᠂

ᠮᠠᠨ ᠤ ᠠᠶᠢᠮᠠᠭ ᠤᠨ ᠡᠯ᠎ᠡ ᠭᠠᠴᠠᠭ᠎ᠠ ᠲᠣᠰᠬᠤᠨ ᠳᠤ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠎ ᠶᠢ

ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠪᠦᠬᠦᠨ ᠢ ᠪᠦᠷᠬᠦᠭᠦᠯᠬᠦ︾ ᠡᠭᠦᠷᠭᠡ ᠪᠠᠨ

6 ᠰᠠᠷ᠎ᠠ ᠤᠷᠢᠳᠴᠢᠯᠠᠨ ᠪᠡᠶᠡᠯᠡᠭᠦᠯᠪᠡ᠃

     2023 ᠣᠨ  ᠠᠴᠠ ᠨᠠᠭᠠᠰᠢ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠡᠯ᠎ᠡ

ᠬᠤᠰᠢᠭᠤ ᠰᠢᠶᠠᠨ ᠬᠤᠲᠠ ︵ᠣᠷᠣᠨ︶᠎ ᠶᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ

ᠲᠣᠪᠴᠢᠶ᠎ᠠ ᠶᠢ ᠵᠣᠬᠢᠶᠠᠨ ᠪᠠᠶᠢᠭᠤᠯᠵᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠢ ᠪᠠᠷ

ᠵᠣᠯᠭᠠᠭᠤᠯᠵᠤ᠂ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠢᠢᠨ ᠮᠥᠩᠭᠦᠨ ᠭᠦᠢᠯᠭᠡᠭᠡᠨ ᠤ

ᠦᠢᠯᠡᠴᠢᠯᠡᠭᠡᠨ ᠤ ᠬᠠᠮᠢᠶ᠎ᠠ ᠪᠦᠬᠦᠢ ᠪᠣᠯᠪᠠᠰᠤᠷᠠᠯ ᠢ 1070 ᠭᠠᠷᠤᠢ ᠬᠥᠮᠥᠨ ᠤᠳᠠᠭ᠎ᠠ ᠥᠷᠨᠢᠭᠦᠯᠵᠦ᠂ ᠬᠥᠳᠡᠭᠡ

ᠪᠠᠭᠤᠵᠤ ᠦᠢᠯᠡᠴᠢᠯᠡᠬᠦ ᠠᠵᠢᠯ ᠢ 3300 ᠭᠠᠷᠤᠢ ᠤᠳᠠᠭ᠎ᠠ ᠥᠷᠨᠢᠭᠦᠯᠪᠡ᠃ ᠣᠲᠣ ᠪᠣᠯᠲᠠᠯ᠎ᠠ᠂ ᠪᠥᠬᠦ ᠠᠶᠢᠮᠠᠭ ᠤᠨ

13 ᠬᠤᠰᠢᠭᠤ ᠰᠢᠶᠠᠨ ᠬᠤᠲᠠ ︵ᠣᠷᠣᠨ︶ ᠢᠢᠨ 78 ᠰᠤᠮᠤ ᠰᠢᠶᠠᠩ ᠪᠠᠯᠭᠠᠰᠤ ︵ᠲᠠᠯᠠᠪᠠᠶ︶ ᠎ ᠶᠢᠨ 893 ᠭᠠᠴᠠᠭ᠎ᠠ

ᠲᠣᠰᠬᠤᠨ ︵ᠬᠤᠪᠢᠶᠠᠷᠢ ᠲᠠᠯᠠᠪᠠᠶ︶ ᠴᠥᠮ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠎ ᠶᠢ ᠤᠷᠢᠨ

ᠬᠡᠷᠡᠭᠯᠡᠵᠦ᠂ ᠪᠣᠯᠪᠠᠰᠤᠷᠠᠯ ᠬᠦᠷᠲᠡᠭᠡᠬᠦ ᠠᠵᠢᠯ ᠢ ᠪᠡᠶᠡᠯᠡᠭᠦᠯᠵᠦ᠂ 893 ︽ᠮᠥᠩᠭᠦᠨ ᠭᠦᠢᠯᠭᠡᠭᠡᠨ ᠤ ᠳᠡᠳ᠋ ᠭᠠᠴᠠᠭᠠᠨ

ᠳᠠᠷᠤᠭ᠎ᠠ︾ ᠦᠨᠡᠮᠯᠡᠯ ᠲᠤᠰᠴᠦ ᠵᠢᠩᠬᠢᠨᠢ ᠪᠠᠷ ᠠᠵᠢᠯ ᠤᠨ ᠪᠠᠶᠢᠷᠢᠨ ᠳᠤ ᠭᠠᠷᠪᠠ᠃ ᠡᠭᠦᠨ ᠳᠤ᠂ ᠭᠠᠴᠠᠭ᠎ᠠ ᠲᠣᠰᠬᠤᠨ ᠤ

ᠨᠠᠮ ᠤᠨ ᠡᠭᠦᠷ ᠠᠷᠠᠳ ᠤᠨ ᠵᠥᠪᠯᠡᠯ ᠤᠨ 813 ᠬᠥᠮᠥᠨ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾

᠎ ᠶᠢᠨ ᠲᠤᠰᠢᠶᠠᠯ ᠢ ᠡᠭᠦᠷᠭᠡᠯᠡᠵᠦ᠂ 91%᠎ ᠶᠢᠨ ᠬᠠᠷᠢᠴᠠᠯ ᠢ ᠡᠵᠡᠯᠡᠵᠦ᠂ ᠪᠠᠶᠠᠵᠢᠯ ᠤᠨ ᠳᠠᠭᠠᠭᠤᠯᠤᠭᠴᠢ 63 ᠬᠥᠮᠥᠨ

ᠪᠠᠶᠢᠵᠤ᠂ 7%᠎ ᠶᠢᠨ ᠬᠠᠷᠢᠴᠠᠯ ᠢ ᠡᠵᠡᠯᠡᠵᠦ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠵᠤ ᠪᠠᠶᠢᠭ᠎ᠠ

ᠴᠢᠳᠠᠪᠤᠷᠢᠲᠠᠨ ︵ᠣᠶᠤᠲᠠᠨ︶ 17 ᠬᠥᠮᠥᠨ ᠪᠠᠶᠢᠵᠤ᠂ 2%᠎ ᠤᠨ ᠬᠠᠷᠢᠴᠠᠯ ᠢ ᠡᠵᠡᠯᠡᠪᠡ᠃

    ᠣᠳᠣᠬᠠᠨ ᠳᠤ᠂ ᠡᠯ᠎ᠡ ᠭᠠᠵᠠᠷ ᠤᠨ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾᠎ ᠨᠢ ᠪᠠᠩᠬᠢ᠂

ᠳᠠᠭᠠᠳᠬᠠᠯ ᠵᠡᠷᠭᠡ ᠪᠠᠶᠢᠭᠤᠯᠤᠮᠵᠢ ᠶᠢ ᠬᠠᠪᠰᠤᠷᠤᠨ ᠨᠠᠷᠢᠯᠢᠭ ᠣᠨᠣᠴᠠᠲᠠᠢ ᠪᠠᠷ 3072 ᠬᠥᠮᠥᠨ ᠳᠤ ᠦᠢᠯᠡᠴᠢᠯᠡᠵᠦ᠂

3309 ᠮᠠᠯᠴᠢᠨ ᠲᠠᠷᠢᠶᠠᠴᠢᠨ ᠡᠷᠦᠬᠡ ᠳᠤ ᠢᠲᠡᠭᠡᠮᠵᠢ ᠣᠯᠭᠤᠵᠤ᠂ 5 ᠳ᠋ᠦᠩᠰᠢᠭᠤᠷ ᠭᠠᠷᠤᠢ ᠲᠥᠭᠦᠷᠢᠭ ᠤᠨ

ᠢᠲᠡᠭᠡᠮᠵᠢ ᠶᠢᠨ ᠵᠢᠭᠡᠯᠡᠯᠭᠡ ᠶᠢ ᠨᠠᠶᠢᠳᠠᠪᠤᠷᠢᠵᠢᠭᠤᠯᠪᠠ᠃ ︽︿ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ﹀  

᠎ ᠨᠢ ᠮᠥᠩᠭᠦᠨ ᠭᠦᠢᠯᠭᠡᠭᠡᠨ ᠤ ᠤᠬᠠᠭᠤᠯᠭ᠎ᠠ ᠬᠢᠬᠦ᠂ ᠬᠠᠮᠲᠤᠷᠠᠯᠴᠠᠭ᠎ᠠ ᠶᠢ ᠵᠣᠯᠭᠠᠭᠤᠯᠬᠤ ᠵᠡᠷᠭᠡ ᠪᠠᠷ ᠳᠠᠮᠵᠢᠭᠤᠯᠤᠨ᠂

ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠭᠦᠯᠵᠦ᠂ ᠮᠥᠩᠭᠦᠨ

ᠭᠦᠢᠯᠭᠡᠭᠡᠨ ᠢᠶᠠᠷ ᠲᠠᠷᠢᠶᠠᠯᠠᠩ ᠢ ᠳᠡᠮᠵᠢᠬᠦ᠂ ᠮᠠᠯ ᠠᠵᠤ ᠠᠬᠤᠢ ᠶᠢ ᠲᠤᠰᠠᠯᠠᠬᠤ᠂ ᠠᠷᠠᠳ ᠲᠤ ᠠᠰᠢᠭ ᠬᠦᠷᠲᠡᠭᠡᠬᠦ ︿

ᠡᠴᠦᠰ ᠤᠨ ᠨᠢᠭᠡ ᠺᠢᠯᠣᠮᠧᠲᠷ﹀ ᠎ ᠢ ᠦᠨᠡᠨᠬᠦ ᠨᠡᠪᠲᠡᠷᠡᠭᠦᠯᠵᠡᠢ᠃ ᠲᠡᠷᠡ ᠨᠢ ᠮᠥᠨ ᠴᠤ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠳᠤ ᠵᠠᠰᠠᠭ ᠤᠨ ᠣᠷᠳᠣᠨ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ

ᠬᠠᠮᠵᠢᠯᠴᠠᠨ ᠦᠢᠯᠡᠴᠢᠯᠡᠬᠦ ᠵᠠᠭᠪᠤᠷ ᠢ ᠡᠭᠦᠳᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂

ᠮᠥᠩᠭᠦᠨ ᠭᠦᠢᠯᠭᠡᠭᠡᠨ ᠢᠶᠠᠷ ᠬᠦ᠋ᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯ ᠴᠢᠳᠠᠪᠬᠢ ᠶᠢ

ᠭᠦᠢᠴᠡᠳ ᠪᠠᠳᠠᠷᠠᠭᠤᠯᠪᠠ︾ ᠭᠡᠵᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠠᠯᠵᠢᠬᠤ

ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠳ᠋ᠠᠢ ᠾᠧ ᠮᠢᠨ

ᠶᠠᠷᠢᠪᠠ᠃

 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号