ᠠᠮᠢᠳᠤ ᠪᠣᠳᠠᠰ ᠤᠨ ᠠᠮᠤᠷ ᠲᠦᠪᠰᠢᠨ ᠢ ᠬᠠᠮᠠᠭᠠᠯᠠᠨ ᠨᠣᠮᠢᠨ ᠨᠣᠭᠤᠭᠠᠨ ᠭᠡᠷ ᠣᠷᠣᠨ ᠢᠶᠠᠨ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2024/7/3

    ᠠᠮᠧᠷᠢᠺᠠ ᠶᠢᠨ ᠴᠠᠭᠠᠨ ᠡᠷᠪᠡᠬᠡᠢ᠂ ᠨᠠᠷᠠᠰᠤᠨ ᠦᠬᠡᠷ ᠵᠡᠷᠭᠡ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ

ᠬᠥᠨᠥᠭᠡᠯᠳᠦ ᠬᠤᠷᠣᠬᠠᠢ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠣᠶ ᠰᠢᠭᠤᠢ ᠪᠠ

ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂

ᠨᠢᠭᠡᠨᠲᠡ ᠡᠯᠭᠦᠭᠰᠡᠨ 24 ᠬᠤᠣᠷᠲᠤ ᠬᠤᠷᠣᠬᠠᠢ ᠶᠢᠨ ᠥᠭᠡᠬᠦ ᠪᠠᠷ ᠠᠩᠨᠠᠬᠤ ᠪᠠᠭᠠᠵᠢ ᠬᠡᠷᠡᠭᠰᠡᠯ ᠳᠤ  ᠪᠠᠶᠢᠴᠠᠭᠠᠯᠲᠠ

ᠬᠢᠪᠡ᠃

    ᠪᠠᠶᠢᠴᠠᠭᠠᠬᠤ ᠶᠠᠪᠤᠴᠠ ᠳᠤ᠂ ᠮᠡᠷᠭᠡᠵᠢᠯ ᠤᠨ ᠠᠵᠢᠯᠲᠠᠨ ᠮᠡᠷᠭᠡᠵᠢᠯ ᠤᠨ ᠳᠦᠷᠢᠮ ᠢ ᠴᠢᠩᠭ᠎ᠠ ᠵᠢᠷᠤᠮᠯᠠᠨ

ᠠᠵᠢᠯᠯᠠᠵᠤ᠂ ᠬᠢᠨᠠᠨ ᠬᠡᠮᠵᠢᠬᠦ ᠴᠠᠭ᠂ ᠭᠠᠵᠠᠷ᠂ ᠠᠭᠤᠯᠭ᠎ᠠ ᠵᠡᠷᠭᠡ ᠪᠠᠶᠢᠳᠠᠯ ᠢ ᠨᠠᠷᠢᠨ ᠲᠣᠳᠣᠷᠬᠠᠢ ᠲᠡᠮᠳᠡᠭᠯᠡᠬᠦ ᠶᠢᠨ

ᠬᠠᠮᠲᠤ ᠥᠭᠡᠶᠢᠰᠬᠡᠬᠦᠷ ᠢ ᠨᠢᠭᠡ ᠨᠢᠭᠡ ᠪᠠᠷ ᠪᠠᠶᠢᠴᠠᠭᠠᠵᠤ᠂ ᠭᠤᠣᠯ ᠢ ᠨᠢ ᠲᠠᠳᠠᠨ ᠰᠣᠯᠢᠪᠠ᠃ ᠣᠳᠣᠬᠠᠨ ᠪᠣᠯᠲᠠᠯ᠎ᠠ᠂

ᠬᠢᠵᠢᠭ ᠪᠠᠶᠢᠴᠠᠭᠠᠬᠤ ᠴᠢᠨᠠᠷᠲᠠᠢ ᠬᠤᠣᠷᠲᠤ ᠠᠮᠢᠳᠤ ᠪᠣᠳᠠᠰ ᠢᠯᠡᠷᠡᠭᠰᠡᠨ ᠦᠭᠡᠢ᠃

    ᠲᠠᠷᠠᠭᠠᠴᠢ ᠶᠢᠨ ᠠᠯᠬᠤᠮ ᠳᠤ᠂ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠬᠢᠵᠢᠭ ᠤᠨ

ᠪᠠᠶᠢᠴᠠᠭᠠᠯᠲᠠ ᠶᠢᠨ ᠴᠢᠨᠠᠷᠲᠠᠢ ᠬᠥᠨᠥᠭᠡᠯᠲᠡᠢ ᠠᠮᠢᠳᠤ ᠪᠣᠳᠠᠰ ᠤᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ

ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠤᠷᠣᠬᠠᠢ ᠶᠢᠨ ᠪᠠᠶᠢᠳᠠᠯ ᠤᠨ ᠬᠥᠳᠡᠯᠦᠯ ᠪᠠᠶᠢᠳᠠᠯ ᠢ ᠴᠠᠭ

ᠲᠤᠬᠠᠢ ᠳᠤᠨᠢ ᠢᠯᠡᠷᠡᠭᠦᠯᠬᠦ ᠪᠠ ᠡᠵᠡᠮᠰᠢᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠢᠷᠤᠮᠵᠢᠭᠤᠯᠤᠨ

ᠠᠵᠢᠯᠯᠠᠭᠤᠯᠵᠤ᠂ ᠴᠢᠩᠭ᠎ᠠ ᠬᠠᠮᠢᠶᠠᠷᠬᠤ ᠪᠠ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠠᠮᠢᠶᠠᠷᠤᠯᠲᠠ ᠶᠢᠨ ᠣᠷᠣᠨ ᠤ

ᠠᠮᠢ ᠠᠬᠤᠢ ᠶᠢᠨ ᠪᠣᠯᠪᠠᠰᠤᠨ ᠤ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠪᠠᠲᠤᠯᠠᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号