ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠭᠡᠵᠦ ᠶᠠᠭᠤ ᠪᠤᠢ︖ | | ᠲᠠᠩᠰᠠ ᠲᠠᠶᠢᠯᠬᠤ ᠲᠥᠷᠥᠯ ᠵᠦᠢᠯ ᠳᠠᠬᠢ ᠬᠥᠬᠡ ᠲᠥᠷᠥᠯ ᠪᠠ ᠬᠥᠬᠡᠭᠴᠢᠨ ᠲᠥᠷᠥᠯ ᠭᠡᠳᠡᠭ ᠨᠢ ᠶᠠᠮᠠᠷ | ᠤᠳᠬ᠎ᠠ ᠲᠠᠢ ᠪᠣᠶ︖ | ᠶᠠᠮᠠᠷ ᠶᠠᠮᠠᠷ ᠡᠮ ᠤᠨ ᠵᠦᠢᠯᠡᠰ ᠢ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ | ᠵᠦᠢᠯᠡᠰ ᠤᠨ ᠭᠠᠷᠴᠠᠭ ᠲᠤ ᠣᠷᠣᠭᠤᠯᠤᠭᠰᠠᠨ ᠦᠭᠡᠢ ᠪᠤᠢ︖ | ᠡᠮᠴᠢᠯᠡᠭᠡᠨ ᠤ ᠳᠠᠭᠠᠳᠬᠠᠯ ᠤᠨ ᠭᠠᠷᠴᠠᠭ ᠲᠠᠬᠢ ᠡᠮ ᠤᠨ ᠵᠦᠢᠯᠡᠰ ᠤᠨ ᠮᠡᠳᠡᠭᠡ ᠵᠠᠩᠭᠢ ᠶᠢ ᠬᠡᠷᠬᠢᠨ | ᠪᠠᠶᠢᠴᠠᠭᠠᠨ ᠯᠠᠪᠯᠠᠬᠤ ᠪᠤᠢ︖ ᠬᠠᠮᠲᠤ ᠳᠤ ᠪᠠᠨ ᠣᠶᠢᠯᠭᠠᠶ᠎ᠠ᠃ | 1. ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠭᠡᠵᠦ ᠶᠠᠭᠤ ᠪᠤᠢ︖ | | ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠬᠡᠷᠡᠭᠴᠡᠭᠡ ᠶᠢ ᠪᠠᠲᠤᠯᠠᠵᠤ᠂ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ ᠡᠮ ᠤᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ | ᠤᠯᠤᠰ ᠠᠴᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠲᠣᠭᠲᠠᠭᠠᠪᠠ᠃ | ᠳᠠᠭᠠᠳᠬᠠᠯ ᠳᠤ ᠣᠷᠣᠯᠴᠠᠭᠰᠠᠳ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ | ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠨᠡᠶᠢᠴᠡᠬᠦ ᠬᠠᠮᠢᠶ᠎ᠠ ᠪᠦᠬᠦᠢ ᠡᠮᠴᠢᠯᠡᠭᠡᠨ ᠤ | ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠲᠣᠭᠲᠠᠭᠠᠯ ᠶᠣᠰᠣᠭᠠᠷ ᠲᠥᠯᠥᠵᠦ ᠥᠭᠭᠦᠨ᠎ᠡ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2018 ᠣᠨ ᠳᠤ ᠪᠠᠶᠢᠭᠤᠯᠤᠭᠳᠠᠭᠰᠠᠨ ᠠᠴᠠ | ᠨᠠᠭᠠᠰᠢ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠬᠥᠳᠡᠯᠦᠩᠭᠦᠢ ᠲᠣᠬᠢᠷᠠᠭᠤᠯᠤᠯᠲᠠ | ᠬᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ | ᠭᠠᠷᠴᠠᠭ ᠲᠤ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠡᠮᠴᠢᠯᠡᠭᠡᠨ ᠳᠤ ᠵᠠᠪᠠᠯ | ᠱᠠᠭᠠᠷᠳᠠᠭᠳᠠᠬᠤ᠂ ᠠᠮᠤᠷ ᠲᠦᠪᠰᠢᠨ ᠪᠥᠭᠡᠳ ᠪᠦᠲᠦᠮᠵᠢᠲᠡᠶ᠂ ᠦᠨ᠎ᠡ ᠬᠠᠩᠰᠢ ᠵᠣᠬᠢᠰᠲᠠᠢ ᠵᠡᠷᠭᠡ ᠦᠨᠳᠦᠰᠦᠨ | ᠨᠥᠬᠦᠴᠡᠯ ᠳᠤ ᠨᠡᠶᠢᠴᠡᠬᠦ ᠡᠮ ᠤᠨ ᠵᠦᠢᠯᠡᠰ ᠢ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ | ᠣᠷᠣᠭᠤᠯᠤᠨ᠎ᠠ᠃ | 2. ᠲᠠᠩᠰᠠ ᠲᠠᠶᠢᠯᠬᠤ ᠲᠥᠷᠥᠯ ᠵᠦᠢᠯ ᠳᠠᠬᠢ ᠬᠥᠬᠡ ᠲᠥᠷᠥᠯ ᠪᠠ ᠬᠥᠬᠡᠭᠴᠢᠨ ᠲᠥᠷᠥᠯ ᠭᠡᠳᠡᠭ ᠨᠢ ᠶᠠᠮᠠᠷ | ᠤᠳᠬ᠎ᠠ ᠲᠠᠢ ᠪᠣᠶ︖ | ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠠᠬᠢ ᠡᠸᠦ᠋ᠷᠦᠫᠡ ᠡᠮ ᠪᠠ ᠬᠢᠲᠠᠳ ᠪᠡᠯᠡᠨ | ᠡᠮ ᠢ ᠬᠥᠬᠡ᠂ ᠬᠥᠬᠡᠭᠴᠢᠨ ᠭᠡᠵᠦ ᠬᠤᠶᠠᠷ ᠲᠦᠷᠦᠯ ᠳᠤ ᠬᠤᠪᠢᠶᠠᠨ᠎ᠠ᠃ | ︽ᠬᠥᠬᠡ ᠲᠥᠷᠥᠯ ᠤᠨ ᠡᠮ ᠤᠨ ᠵᠦᠢᠯᠡᠰ︾ ᠭᠡᠳᠡᠭ ᠨᠢ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠥᠷᠭᠡᠨ | ᠬᠡᠷᠡᠭᠴᠡᠭᠡ ᠲᠠᠢ᠂ ᠡᠮᠴᠢᠯᠡᠭᠡᠨ ᠤ ᠦᠢᠯᠡᠳᠦᠯ ᠨᠢ ᠣᠨᠣᠪᠴᠢᠲᠠᠶ᠂ ᠠᠳᠠᠯᠢ ᠲᠥᠷᠥᠯ ᠤᠨ ᠡᠮ ᠤᠨ ᠵᠦᠢᠯᠡᠰ ᠤᠨ | ᠳᠣᠲᠣᠷ᠎ᠠ ᠦᠨ᠎ᠡ ᠬᠠᠩᠰᠢ ᠪᠤᠶᠤ ᠡᠮᠴᠢᠯᠡᠭᠡᠨ ᠤ ᠵᠠᠷᠤᠳᠠᠯ ᠢᠶᠠᠷ ᠨᠡᠯᠢᠶᠡᠳ ᠳᠣᠣᠷ᠎ᠠ ᠡᠮ ᠤᠨ ᠵᠦᠢᠯᠡᠰ ᠢ ᠵᠢᠭᠠᠵᠤ | ᠪᠠᠶᠢᠨ᠎ᠠ᠃ ᠳᠠᠭᠠᠳᠬᠠᠯ ᠳᠤ ᠣᠷᠣᠯᠴᠠᠭᠰᠠᠳ ᠡᠨᠡ ᠲᠥᠷᠥᠯ ᠤᠨ ᠡᠮ ᠢ ᠬᠡᠷᠡᠭᠯᠡᠪᠡᠯ ᠪᠥᠬᠦ ᠲᠤᠭ᠎ᠠ ᠪᠠᠷ ᠨᠢ ᠲᠠᠩᠰᠠ | ᠲᠠᠶᠢᠯᠬᠤ ᠬᠡᠪᠴᠢᠶᠡᠨ ᠳᠤ ᠣᠷᠣᠭᠤᠯᠵᠤ᠂ ᠳᠠᠷᠠᠭ᠎ᠠ ᠨᠢ ᠲᠣᠭᠲᠠᠭᠠᠭᠰᠠᠨ ᠬᠠᠷᠢᠴᠠᠯ ᠢᠶᠠᠷ ᠲᠠᠩᠰᠠ ᠳᠡᠶᠢᠯᠵᠦ ᠪᠣᠯᠣᠨ᠎ᠠ | ᠃ | ︽ᠬᠥᠬᠡᠭᠴᠢᠨ ᠲᠥᠷᠥᠯ ᠤᠨ ᠡᠮ ᠤᠨ ᠵᠦᠢᠯᠡᠰ︾ ᠭᠡᠳᠡᠭ ᠨᠢ ᠡᠮᠴᠢᠯᠡᠭᠡᠨ ᠳᠤ ᠰᠣᠩᠭᠤᠨ ᠬᠡᠷᠡᠭᠯᠡᠵᠦ ᠪᠣᠯᠬᠤ᠂ | ᠡᠮᠴᠢᠯᠡᠭᠡᠨ ᠤ ᠦᠢᠯᠡᠳᠦᠯ ᠨᠢ ᠣᠨᠣᠪᠴᠢᠲᠠᠶ᠂ ᠠᠳᠠᠯᠢ ᠲᠥᠷᠥᠯ ᠤᠨ ᠡᠮ ᠤᠨ ᠵᠦᠢᠯᠡᠰ ᠤᠨ ᠳᠣᠲᠣᠷ᠎ᠠ ᠦᠨ᠎ᠡ | ᠬᠠᠩᠰᠢ ᠪᠤᠶᠤ ᠡᠮᠴᠢᠯᠡᠭᠡᠨ ᠤ ᠵᠠᠷᠤᠳᠠᠯ ᠢᠶᠠᠷ ︽ᠬᠥᠬᠡ ᠲᠥᠷᠥᠯ ᠤᠨ ᠡᠮ ᠤᠨ ᠵᠦᠢᠯᠡᠰ︾ ᠠᠴᠠ ᠵᠢᠭᠠᠬᠠᠨ ᠥᠨᠳᠥᠷ | ᠡᠮ ᠤᠨ ᠵᠦᠢᠯᠡᠰ ᠢ ᠵᠢᠭᠠᠵᠤ ᠪᠠᠶᠢᠨ᠎ᠠ᠃ ᠳᠠᠭᠠᠳᠬᠠᠯ ᠳᠤ ᠣᠷᠣᠯᠴᠠᠭᠰᠠᠳ ᠡᠨᠡ ᠲᠥᠷᠥᠯ ᠤᠨ ᠡᠮ ᠢ ᠬᠡᠷᠡᠭᠯᠡᠪᠡᠯ | ᠬᠤᠪᠢ ᠬᠥᠮᠥᠨ ᠵᠣᠬᠢᠬᠤ ᠬᠠᠷᠢᠴᠠᠯ ᠢᠶᠠᠷ ᠥᠪᠡᠷ ᠢᠶᠠᠨ ᠲᠥᠯᠥᠵᠦ᠂ ᠦᠯᠡᠳᠡᠭᠰᠡᠨ ᠬᠡᠰᠡᠭ ᠢ ᠨᠢ ᠲᠠᠩᠰᠠ ᠲᠠᠶᠢᠯᠬᠤ | ᠬᠡᠪᠴᠢᠶᠡᠨ ᠳᠤ ᠣᠷᠣᠭᠤᠯᠵᠤ᠂ ᠳᠠᠬᠢᠨ ᠲᠣᠭᠲᠠᠭᠠᠭᠰᠠᠨ ᠬᠠᠷᠢᠴᠠᠯ ᠢᠶᠠᠷ ᠲᠠᠩᠰᠠ ᠲᠠᠶᠢᠯᠤᠨ᠎ᠠ᠃ | 3. ᠶᠠᠮᠠᠷ ᠶᠠᠮᠠᠷ ᠡᠮ ᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ | ᠣᠷᠣᠭᠤᠯᠤᠭᠰᠠᠨ ᠦᠭᠡᠢ ᠪᠤᠢ︖ | ︵ᠨᠢᠭᠡ︶ ᠭᠤᠣᠯᠳᠠᠭᠤ ᠰᠢᠮᠡᠵᠢᠭᠦᠯᠬᠦ ᠦᠢᠯᠡᠳᠦᠯ ᠦᠵᠡᠭᠦᠯᠳᠡᠭ ᠡᠮ ᠤᠨ ᠵᠦᠢᠯᠡᠰ︔ | ︵ᠬᠤᠶᠠᠷ︶ ᠤᠯᠤᠰ ᠤᠨ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠳᠡᠠ ᠤᠷᠭᠤᠮᠠᠯ ᠤᠨ | ᠡᠮ ᠤᠨ ᠮᠠᠲ᠋ᠧᠷᠢᠶᠠᠯ ᠢ ᠠᠭᠤᠯᠤᠭᠰᠠᠨ ᠡᠮ ᠤᠨ ᠵᠦᠢᠯᠡᠰ︔ | ︵ᠭᠤᠷᠪᠠ︶ ᠡᠷᠡᠭᠦᠯᠵᠢᠯ ᠤᠨ ᠡᠮ ᠤᠨ ᠵᠦᠢᠯᠡᠰ︔ | ︵ᠳᠥᠷᠪᠡ︶ ᠰᠡᠷᠭᠡᠶᠢᠯᠡᠬᠦ ᠴᠢᠨᠠᠷᠲᠠᠢ ᠸᠠᠺᠼᠢᠨ ᠪᠠ ᠵᠢᠷᠮᠦᠰᠦᠯᠡᠬᠦ ᠶᠢ ᠬᠤᠷᠢᠭᠯᠠᠬᠤ ᠡᠮ ᠤᠨ ᠵᠦᠢᠯᠡᠰ︔ | ︵ᠲᠠᠪᠤ︶ ᠭᠤᠣᠯᠳᠠᠭᠤ ᠪᠡᠯᠭᠡ ᠶᠢᠨ ᠠᠵᠢᠯᠯᠠᠭ᠎ᠠ ᠶᠢ ᠴᠢᠩᠭᠠᠷᠠᠭᠤᠯᠬᠤ᠂ ᠦᠰᠦ ᠤᠨᠠᠬᠤ ᠶᠢ ᠵᠠᠰᠠᠬᠤ᠂ ᠮᠠᠷᠢᠶ᠎ᠠ | ᠰᠢᠭᠤᠷᠠᠭᠤᠯᠬᠤ᠂ ᠵᠢᠰᠦ ᠭᠤᠶᠣᠯᠠᠬᠤ᠂ ᠲᠠᠮᠠᠬᠢ ᠲᠠᠲᠠᠬᠤ ᠶᠢ ᠵᠣᠭᠰᠣᠭᠠᠬᠤ᠂ ᠠᠷᠢᠬᠢ ᠤᠤᠭᠤᠬᠤ ᠶᠢ ᠵᠣᠭᠰᠣᠭᠠᠬᠤ | ᠵᠡᠷᠭᠡ ᠦᠢᠯᠡᠳᠦᠯ ᠲᠠᠢ ᠡᠮ ᠤᠨ ᠵᠦᠢᠯᠡᠰ︔ | ︵ᠵᠢᠷᠭᠤᠭ᠎ᠠ︶ ᠣᠨᠣᠰᠢᠯᠠᠨ ᠡᠮᠴᠢᠯᠡᠬᠦ ᠵᠦᠢᠯᠡᠰ ᠲᠤ ᠣᠷᠣᠭᠤᠯᠤᠭᠰᠠᠨ ᠵᠡᠷᠭᠡ ᠰᠢᠯᠲᠠᠭᠠᠨ ᠠᠴᠠ ᠪᠣᠯᠵᠤ᠂ | ᠠᠰᠳᠠᠭᠠᠨ ᠰᠦᠢᠳᠬᠡᠯ ᠬᠤᠷᠢᠶᠠᠬᠤ ᠠᠷᠭ᠎ᠠ ᠦᠭᠡᠢ ᠪᠣᠯᠤᠭᠰᠠᠨ ᠡᠮ ᠤᠨ ᠵᠦᠢᠯᠡᠰ︔ | ︵ᠲᠤᠯᠤᠭ᠎ᠠ︶ ᠠᠷᠢᠬᠢᠨ ᠤ ᠨᠠᠶᠢᠷᠠᠯᠭ᠎ᠠ᠂ ᠴᠠᠢ ᠶᠢᠨ ᠨᠠᠶᠢᠷᠠᠯᠭ᠎ᠠ᠂ ᠡᠯ᠎ᠡ ᠲᠦᠷᠦᠯ ᠤᠨ ᠵᠢᠮᠢᠰ ᠤᠨ ᠠᠮᠲᠠᠲᠤ | ᠨᠠᠶᠢᠷᠠᠯᠭ᠎ᠠ ︵ᠣᠨᠴᠠᠭᠠᠶ ᠪᠠᠶᠢᠳᠠᠯ ᠳᠣᠣᠷᠠᠬᠢ ᠬᠡᠦᠬᠡᠳ ᠲᠤ ᠬᠡᠷᠡᠭᠯᠡᠬᠦ ᠡᠮ ᠠᠴᠠ ᠭᠠᠳᠠᠨᠠᠬᠢ︶᠂ ᠭᠦᠯᠭᠦᠬᠦ ᠡᠮ ᠪᠠ | ᠤᠤᠭᠤᠬᠤ ᠬᠥᠭᠡᠰᠦᠷᠡᠬᠦ ᠡᠮ ︵ᠣᠨᠴᠠᠭᠠᠶ ᠲᠣᠭᠲᠠᠭᠠᠭᠰᠠᠨ ᠪᠠᠶᠢᠳᠠᠯ ᠠᠴᠠ ᠭᠠᠳᠠᠨᠠᠬᠢ︶ ᠵᠡᠷᠭᠡ︔ | ︵ᠨᠠᠢᠮᠠ︶ ᠡᠮᠴᠢᠯᠡᠭᠡᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ ᠡᠮ ᠤᠨ ᠲᠣᠭᠲᠠᠭᠠᠯ ᠳᠤ | ᠥᠯᠥ ᠨᠡᠶᠢᠴᠡᠬᠦ ᠪᠤᠰᠤᠳ ᠡᠮ ᠤᠨ ᠵᠦᠢᠯᠡᠰ᠃ | 4. ᠡᠮᠴᠢᠯᠡᠭᠡᠨ ᠤ ᠳᠠᠭᠠᠳᠬᠠᠯ ᠤᠨ ᠭᠠᠷᠴᠠᠭ ᠲᠠᠬᠢ ᠡᠮ ᠤᠨ ᠵᠦᠢᠯᠡᠰ ᠤᠨ ᠮᠡᠳᠡᠭᠡ ᠵᠠᠩᠭᠢ ᠶᠢ ᠬᠡᠷᠬᠢᠨ ᠪᠠᠶᠢᠴᠠᠭᠠᠨ | ᠯᠠᠪᠯᠠᠬᠤ ᠪᠤᠢ︖ | ᠨᠢᠭᠡᠳᠦᠭᠡᠷ ᠠᠯᠬᠤᠮ᠄ ︽ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ︾ ᠤᠨ | ᠵᠢᠵᠢᠭ ᠫᠷᠣᠭ᠍ᠷᠠᠮ — — ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ | ᠪᠠᠶᠢᠴᠠᠭᠠᠨ ᠯᠠᠪᠯᠠᠬᠤ ᠳᠤ ᠣᠷᠣᠨ᠎ᠠ᠂ ᠳᠣᠣᠷᠠᠬᠢ ᠵᠢᠵᠢᠭ ᠫᠷᠣᠭ᠍ᠷᠠᠮ ᠤᠨ ᠺᠠᠷᠲ ᠢ ᠲᠣᠪᠴᠢᠳᠠᠵᠤ ᠪᠠᠶᠢᠴᠠᠭᠠᠨ | ᠯᠠᠪᠯᠠᠬᠤ ᠨᠢᠭᠤᠷ ᠲᠤ ᠣᠷᠣᠨ᠎ᠠ᠃ | | | | ᠬᠤᠶᠠᠳᠤᠭᠠᠷ ᠠᠯᠬᠤᠮ᠄ ᠪᠣᠳᠠᠲᠠᠢ ᠡᠮ ᠤᠨ ᠵᠦᠢᠯᠡᠰ ᠤᠨ ᠨᠡᠷᠡᠶᠢᠳᠦᠯ ᠢ ᠣᠷᠣᠭᠤᠯᠵᠤ ᠬᠠᠶᠢᠪᠠᠯ ᠳᠠᠷᠤᠢ ᠲᠣᠰ | ᠡᠮ ᠤᠨ ᠵᠦᠢᠯ ᠨᠢ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠡᠪᠴᠢᠶᠡᠨ ᠳᠤ ᠪᠠᠶᠢᠬᠤ ᠡᠰᠡᠬᠦ᠂ ᠬᠠᠷᠢᠶᠠᠯᠠᠭᠳᠠᠬᠤ | ᠡᠮ ᠤᠨ ᠵᠦᠢᠯᠡᠰ ᠤᠨ ᠲᠥᠷᠥᠯ ᠵᠦᠢᠯ ᠵᠢᠴᠢ ᠪᠣᠳᠠᠲᠠᠢ ᠲᠠᠩᠰᠠ ᠲᠠᠶᠢᠯᠬᠤ ᠲᠥᠷᠥᠯ ᠵᠡᠷᠭᠡ ᠨᠠᠷᠢᠨ ᠲᠣᠳᠣᠷᠬᠠᠢ | ᠮᠡᠳᠡᠭᠡ ᠵᠠᠩᠭᠢ ᠶᠢ ᠣᠶᠢᠯᠠᠭᠠᠵᠤ ᠪᠣᠯᠣᠨ᠎ᠠ᠃ | | | ᠥᠪᠡᠷ ᠤᠨ ᠬᠡᠷᠡᠭᠴᠡᠭᠡ ᠪᠠᠨ ᠦᠨᠳᠦᠰᠦᠯᠡᠨ᠂ ︽ᠡᠮ ᠤᠨ ᠵᠦᠢᠯᠡᠰ ᠤᠨ ᠲᠥᠷᠥᠯ ᠵᠦᠢᠯ︾᠂ ︽ᠡᠮ ᠤᠨ | ᠵᠦᠢᠯᠡᠰ ᠤᠨ ᠲᠥᠷᠥᠯ ᠠᠩᠭᠢᠯᠠᠯ︾ ᠪᠤᠶᠤ ︽ᠲᠠᠩᠰᠠ ᠲᠠᠶᠢᠯᠬᠤ ᠲᠥᠷᠥᠯ︾ ᠢᠶᠠᠷ ᠳᠡᠮᠵᠢᠨ ᠰᠢᠭᠰᠢᠨ ᠰᠣᠩᠭᠤᠵᠤ | ᠪᠣᠯᠣᠨ᠎ᠠ᠃ | | ᠨᠠᠩ ᠣᠯᠠᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠪᠠᠶᠢᠴᠠᠭᠠᠨ ᠯᠠᠪᠯᠠᠶ᠎ᠠ ᠭᠡᠪᠡᠯ | ᠲᠥᠷᠥ ᠶᠢᠨ ᠶᠠᠪᠤᠳᠠᠯ ᠤᠨ ᠬᠤᠷᠢᠶᠠᠨ ᠤ ᠵᠢᠵᠢᠭ ᠫᠷᠣᠭ᠍ᠷᠠᠮ ᠳᠤ ᠭᠠᠷᠤᠭᠠᠷᠠᠢ᠃ |