ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 2 ᠤᠨ ᠴᠠᠭᠢᠯᠭᠠᠨ ᠮᠡᠳᠡᠭᠡ 7 ᠰᠠᠷ᠎ᠠ ᠶᠢᠨ 2 ᠤᠨ | ᠡᠳᠦᠷ᠂ ᠠᠰᠲ᠋ᠠᠨᠠ ᠳᠤ ᠬᠦᠷᠴᠦ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ︽ᠺᠠᠽᠠᠬᠰᠲ᠋ᠠᠨ ᠤ ᠦᠨᠡᠨ ᠶᠣᠰᠣ ᠰᠣᠨᠢᠨ︾᠂ ᠺᠠᠽᠠᠬᠰᠲ᠋ᠠᠨ ᠤ ᠤᠯᠠᠨ | ᠤᠯᠤᠰ ᠤᠨ ᠴᠢᠮᠡᠭᠡᠯᠡᠯ ᠤᠨ ᠬᠤᠷᠢᠶ᠎ᠠ ᠳᠤ ︽ᠰᠡᠳᠬᠢᠯ ᠨᠢᠭᠡᠳᠦᠨ ᠯᠠᠪᠳᠠᠭᠤᠨ ᠪᠠᠲᠤᠲᠠᠢ ᠤᠷᠤᠭᠰᠢᠯᠠᠵᠤ ᠳᠤᠮᠳᠠᠳᠤ | ᠺᠠᠽᠠᠬᠰᠲ᠋ᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ︾ ᠭᠡᠬᠦ ᠰᠡᠳᠦᠪ ᠢᠶᠠᠷ ᠨᠡᠷ᠎ᠡ | ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | | ᠰᠡᠳᠬᠢᠯ ᠨᠢᠭᠡᠳᠦᠨ ᠯᠠᠪᠳᠠᠭᠤᠨ ᠪᠠᠲᠤᠲᠠᠢ ᠤᠷᠤᠭᠰᠢᠯᠠᠵᠤ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠰᠢᠨ᠎ᠡ | ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ | ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠵᠤᠨ ᠤ ᠳᠤᠮᠳᠠ ᠰᠠᠷ᠎ᠠ ᠪᠠᠷ ᠲᠦᠮᠡᠨ ᠪᠣᠳᠠᠰ ᠠᠮᠢᠯᠠᠨ ᠲᠥᠯᠵᠢᠨ᠎ᠡ᠃ ᠡᠨᠡ ᠬᠦ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠤᠯᠠᠷᠢᠯ ᠤᠨ ᠰᠠᠶᠢᠬᠠᠨ ᠳᠤ᠂ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ᠂ ᠪᠢ ᠤᠳᠠᠯ ᠦᠭᠡᠢ | ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠣᠯᠣᠨ᠎ᠠ᠃ ᠡᠨᠡ ᠪᠣᠯ ᠮᠢᠨᠤ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠲᠠᠪᠤᠳᠠᠭᠢ ᠤᠳᠠᠭ᠎ᠠ ᠡᠨᠡ ᠬᠦ | ᠪᠠᠭ᠋ᠠᠷᠠᠯ ᠢ ᠲᠠᠲᠠᠮ᠎ᠠ ᠭᠠᠵᠠᠷ ᠣᠷᠣᠨ ᠳᠤ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠺᠠᠽᠠᠬᠰᠲ᠋ᠠᠨ ᠤ ᠭᠡᠷᠡᠯ | ᠰᠠᠴᠤᠷᠠᠩᠭᠤᠢ ᠥᠪᠡᠷᠮᠢᠴᠡ ᠰᠣᠶᠣᠯ᠂ ᠥᠷᠭᠡᠨ ᠠᠭᠤᠳᠠᠮ ᠦᠵᠡᠰᠬᠦᠯᠡᠩᠲᠦ ᠰᠠᠶᠢᠬᠠᠨ ᠥᠩᠭᠡ ᠦᠵᠡᠮᠵᠢ᠂ ᠪᠣᠷᠣᠭᠵᠢᠭᠤᠨ | ᠵᠣᠴᠢᠨᠰᠠᠭ ᠠᠷᠠᠳ ᠲᠦᠮᠡᠨ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ | ᠳᠠᠮᠵᠢᠨ᠂ ᠺᠠᠽᠠᠬᠰᠲ᠋ᠠᠨ ᠤ ᠰᠢᠨ᠎ᠡ ᠬᠥᠭᠵᠢᠯᠲᠡ ᠰᠢᠨ᠎ᠡ ᠬᠤᠪᠢᠷᠠᠯᠲᠠ ᠶᠢ ᠪᠡᠶᠡᠴᠢᠯᠡᠨ ᠣᠶᠢᠯᠠᠭᠠᠵᠤ᠂ ᠶᠡᠷᠦᠩᠬᠡᠶᠢᠯᠡᠭᠴᠢ | ᠲᠦᠸᠧᠺᠠᠶᠧᠹ ᠲᠠᠢ ᠬᠠᠮᠲᠤ ᠪᠠᠷ ᠬᠤᠶᠠᠷ ᠤᠯᠤᠰ ᠤᠨ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠵᠥᠪᠳᠡᠯᠴᠡᠵᠦ᠂ ᠭᠠᠷ | ᠬᠤᠯᠪᠣᠯᠴᠠᠨ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠪᠣᠯᠣᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ ᠪᠠᠶᠢᠨ᠎ᠠ᠃ | 2000 ᠭᠠᠷᠤᠢ ᠵᠢᠯ ᠤᠨ ᠡᠮᠦᠨ᠎ᠡ᠂ ᠵᠠᠩ ᠴᠢᠶᠠᠨ ᠶᠣᠰᠣ ᠵᠢᠷᠤᠮ ᠢ ᠪᠠᠷᠢᠮᠲᠠᠯᠠᠨ ᠪᠠᠷᠠᠭᠤᠨ ᠬᠢᠵᠠᠭᠠᠷ ᠲᠤ ᠡᠯᠴᠢ ᠪᠠᠷ | ᠬᠦᠷᠴᠦ᠂ ᠳᠤᠮᠳᠠᠳᠤ ᠤᠯᠤᠰ ᠪᠣᠯᠣᠨ ᠳᠤᠮᠳᠠᠳᠤ ᠠᠽᠢᠶ᠎ᠠ ᠶᠢᠨ ᠨᠥᠭᠦᠷᠰᠡᠭ ᠶᠠᠪᠤᠯᠴᠠᠭᠠᠨ ᠤ ᠡᠭᠦᠳᠡ ᠶᠢ ᠨᠡᠭᠡᠭᠡᠪᠡ᠃ | ᠡᠷᠲᠡᠨ ᠤ ᠲᠣᠷᠭᠠᠨ ᠵᠠᠮ ᠨᠢ ᠮᠠᠨ ᠤ ᠬᠤᠶᠠᠷ ᠠᠭᠤᠤ ᠶᠡᠭᠡ ᠦᠨᠳᠦᠰᠦᠲᠡᠨ ᠤ ᠨᠥᠭᠦᠷᠰᠡᠭ ᠶᠠᠪᠤᠯᠴᠠᠭ᠎ᠠ ᠪᠠ ᠰᠣᠯᠢᠯᠴᠠᠭ᠎ᠠ | ᠲᠣᠯᠢᠯᠠᠯ ᠢ ᠠᠬᠢᠭᠤᠯᠪᠠ᠃ 80 ᠭᠠᠷᠤᠢ ᠵᠢᠯ ᠤᠨ ᠡᠮᠦᠨ᠎ᠡ᠂ ᠳᠤᠮᠳᠠᠳᠤ ᠺᠠᠽᠠᠬᠰᠲ᠋ᠠᠨ ᠤ ᠬᠤᠶᠠᠷ ᠬᠥᠭᠵᠢᠮᠴᠢᠨ ᠰᠢᠶᠠᠨ | ᠰᠢᠩ ᠬᠠᠢ ᠪᠣᠯᠣᠨ ᠪᠠᠶᠢᠺᠠᠳᠠᠮᠤᠹ ᠠᠯᠮᠠ ᠠᠲ᠋ᠠ ᠳᠤ ᠲᠠᠨᠢᠯᠴᠠᠨ ᠣᠶᠢᠯᠠᠭᠠᠯᠴᠠᠵᠤ᠂ ᠤᠯᠤᠰ ᠤᠨ ᠬᠢᠯᠢ ᠳᠠᠪᠠᠭᠰᠠᠨ ᠠᠬ᠎ᠠ | ᠳᠡᠭᠦᠦ ᠶᠢᠨ ᠨᠥᠬᠦᠷᠯᠡᠯ ᠢ ᠪᠠᠶᠢᠭᠤᠯᠪᠠ᠃ 32 ᠵᠢᠯ ᠤᠨ ᠡᠮᠦᠨ᠎ᠡ᠂ ᠳᠤᠮᠳᠠᠳᠤ ᠤᠯᠤᠰ ᠬᠠᠮᠤᠭ ᠤᠨ ᠡᠷᠲᠡ ᠺᠠᠽᠠᠬᠰᠲ᠋ᠠᠨ ᠤ | ᠲᠤᠰᠠᠭᠠᠷ ᠲᠣᠭᠲᠠᠨᠢᠭᠰᠠᠨ ᠢ ᠮᠡᠳᠡᠷᠡᠭᠰᠡᠨ ᠤᠯᠤᠰ ᠤᠨ ᠨᠢᠭᠡ ᠪᠣᠯᠵᠤ᠂ ᠬᠤᠶᠠᠷ ᠤᠯᠤᠰ ᠤᠨ ᠬᠠᠷᠢᠯᠴᠠᠭ᠎ᠠ ᠲᠠᠭᠢᠨ | ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠪᠡ᠃ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠲᠡᠦᠬᠡ ᠶᠢᠨ ᠶᠡᠭᠡ | ᠬᠠᠨᠳᠤᠰᠢ ᠲᠠᠢ ᠨᠡᠶᠢᠴᠡᠵᠦ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠵᠦ ᠪᠠᠶᠢᠬᠤ ᠶᠢ ᠳᠤᠮᠳᠠᠳᠤ ᠺᠠᠽᠠᠬᠰᠲ᠋ᠠᠨ ᠤ | ᠨᠥᠭᠦᠷᠰᠡᠭ ᠶᠠᠪᠤᠯᠴᠠᠭᠠᠨ ᠤ ᠲᠡᠦᠬᠡ ᠭᠦᠢᠴᠡᠳ ᠭᠡᠷᠡᠴᠢᠯᠡᠪᠡ᠃ | 11 ᠵᠢᠯ ᠤᠨ ᠡᠮᠦᠨ᠎ᠡ᠂ ᠪᠢ ᠺᠠᠽᠠᠬᠰᠲ᠋ᠠᠨ ᠳᠤ ᠠᠩᠬ᠎ᠠ ᠤᠳᠠᠭ᠎ᠠ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ | ᠶᠢᠨ ᠰᠠᠨᠠᠭᠠᠴᠢᠯᠠᠭ᠎ᠠ ᠶᠢ ᠳᠤᠷᠠᠳᠴᠤ᠂ ᠺᠠᠽᠠᠬᠰᠲ᠋ᠠᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠢ ᠬᠠᠷᠢᠭᠤ | ᠲᠤᠰᠬᠠᠯ ᠢ ᠣᠯᠪᠠ᠃ ᠬᠤᠶᠠᠷ ᠤᠯᠤᠰ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠤᠭ᠎ᠠ | ᠵᠢᠷᠤᠭ ᠡᠭᠦᠨ ᠠᠴᠠ ᠡᠬᠢᠯᠡᠵᠦ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠬᠥᠭᠵᠢᠯᠲᠡ ᠰᠢᠨ᠎ᠡ ᠱᠠᠲᠤᠨ ᠳᠤ ᠣᠷᠣᠪᠠ᠃ | | ᠪᠢᠳᠡ ᠬᠠᠷᠢᠯᠴᠠᠨ ᠳᠡᠮᠵᠢᠯᠴᠡᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠤᠯᠤᠰ ᠲᠥᠷᠥ ᠶᠢᠨ | ᠢᠲᠡᠭᠡᠯᠴᠡᠭᠡ ᠶᠢᠨ ᠰᠢᠨ᠎ᠡ ᠥᠨᠳᠥᠷᠴᠡ ᠶᠢ ᠨᠡᠭᠡᠭᠡᠪᠡ᠃ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠᠶᠢᠭᠰᠠᠨ ᠠᠴᠠ ᠪᠠᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠪᠣᠯᠤᠭᠰᠠᠨ ᠦᠰᠦᠷᠦᠯᠲᠡ ᠶᠢ ᠪᠡᠶᠡᠯᠡᠭᠦᠯᠦᠭᠰᠡᠨ ᠪᠥᠭᠡᠳ ᠦᠶ᠎ᠡ ᠶᠢᠨ ᠦᠶ᠎ᠡ ᠳᠡᠭᠡᠨ ᠨᠥᠭᠦᠷᠰᠡᠭ᠂ ᠳᠡᠭᠡᠳᠦ | ᠬᠡᠮᠵᠢᠶ᠎ᠡ ᠪᠠᠷ ᠢᠲᠡᠭᠡᠯᠴᠡᠬᠦ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠬᠦᠰᠡᠯ ᠡᠷᠡᠮᠡᠯᠵᠡᠯ ᠲᠠᠢ ᠪᠣᠯᠵᠠᠢ᠃ ᠬᠤᠶᠠᠷ ᠲᠠᠯ᠎ᠠ ᠪᠠᠷ ᠢᠶᠠᠨ ᠲᠣᠰ ᠲᠣᠰ ᠤᠨ ᠢᠶᠠᠨ | ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ | ᠢᠮᠠᠭᠲᠠ ᠡᠷᠡᠰ ᠳᠡᠮᠵᠢᠵᠦ᠂ ᠲᠣᠰ ᠤᠯᠤᠰ ᠤᠨ ᠢᠶᠠᠨ ᠪᠠᠶᠢᠳᠠᠯ ᠢ ᠦᠨᠳᠦᠰᠦᠯᠡᠨ ᠡᠵᠡᠨ ᠮᠡᠳᠡᠵᠦ ᠰᠣᠩᠭᠤᠭᠰᠠᠨ | ᠬᠥᠭᠵᠢᠯᠲᠡ ᠶᠢᠨ ᠵᠠᠮ ᠢ ᠢᠮᠠᠭᠲᠠ ᠬᠦᠨᠳᠦᠳᠭᠡᠭᠰᠡᠭᠡᠷ ᠢᠷᠡᠪᠡ᠃ ᠦᠶᠡᠷ ᠤᠰᠤᠲᠤᠯ᠂ ᠬᠢᠵᠢᠭ ᠤᠨ ᠪᠠᠶᠢᠳᠠᠯ ᠵᠡᠷᠭᠡ ᠭᠠᠢ | ᠭᠠᠮᠰᠢᠭ ᠲᠤ ᠲᠤᠯᠭᠠᠷᠠᠬᠤ ᠦᠶ᠎ᠡ ᠳᠤ ᠬᠠᠷᠢᠯᠴᠠᠨ ᠲᠤᠰᠠᠯᠠᠯᠴᠠᠵᠤ᠂ ᠬᠦᠴᠦᠯᠡᠨ ᠬᠠᠪᠰᠤᠷᠤᠯᠴᠠᠵᠤ᠂ ᠢᠮᠠᠭᠲᠠ ᠬᠠᠷᠢᠯᠴᠠᠨ | ᠢᠲᠡᠭᠡᠯᠴᠡᠵᠦ᠂ ᠬᠠᠷᠢᠯᠴᠠᠨ ᠲᠦᠰᠢᠭᠯᠡᠯᠴᠡᠬᠦ ᠪᠠᠲᠤ ᠴᠢᠩᠭ᠎ᠠ ᠥᠮᠥᠭ ᠲᠦᠰᠢᠭ ᠪᠣᠯᠪᠠ᠃ ᠡᠨᠡ ᠬᠦ ᠡᠪᠳᠡᠷᠡᠰᠢ ᠦᠭᠡᠢ ᠪᠠᠲᠤ | ᠢᠲᠡᠭᠡᠯ ᠪᠣᠯᠣᠨ ᠳᠡᠮᠵᠢᠯᠭᠡ ᠨᠢ ᠲᠤᠶᠢᠯ ᠤᠨ ᠡᠷᠬᠢᠮ ᠨᠠᠨᠳᠢᠨ ᠪᠠᠶᠢᠵᠤ᠂ ᠳᠤᠮᠳᠠᠳᠤ ᠺᠠᠽᠠᠬᠰᠲ᠋ᠠᠨ ᠤ ᠬᠠᠮᠲᠤᠷᠠᠯᠴᠠᠭᠠᠨ ᠤ | ᠬᠠᠮᠤᠭ ᠤᠨ ᠶᠡᠭᠡ ᠤᠯᠤᠰ ᠲᠦᠷᠦ ᠶᠢᠨ ᠪᠠᠲᠤᠯᠠᠭ᠎ᠠ ᠪᠣᠯᠤᠭᠰᠠᠨ ᠪᠠᠶᠢᠨ᠎ᠠ᠃ | ᠪᠢᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ᠂ ᠬᠠᠮᠵᠢᠯᠴᠠᠨ ᠬᠥᠭᠵᠢᠵᠦ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭᠠᠨ ᠤ ᠰᠢᠨ᠎ᠡ ᠰᠢᠯᠢᠳᠡᠭ ᠠᠮᠵᠢᠯᠲᠠ ᠶᠢ ᠡᠭᠦᠳᠪᠡ᠃ ᠨᠢᠳᠤᠨᠤᠨ᠂ ᠳᠤᠮᠳᠠᠳᠤ ᠺᠠᠽᠠᠬᠰᠲ᠋ᠠᠨ ᠤ ᠬᠤᠶᠠᠷ | ᠲᠠᠯ᠎ᠠ ᠶᠢᠨ ᠠᠷᠠᠯᠵᠢᠶᠠᠨ ᠤ ᠬᠡᠮᠵᠢᠶ᠎ᠡ 410 ᠳ᠋ᠦᠩᠰᠢᠭᠤᠷ ᠳ᠋ᠣᠯᠯᠠᠷ ᠤᠨ ᠲᠡᠮᠳᠡᠭᠯᠡᠯ ᠢ ᠡᠭᠦᠳᠪᠡ᠃ ᠳᠤᠮᠳᠠᠳᠤ ᠤᠯᠤᠰ | ᠺᠠᠽᠠᠬᠰᠲ᠋ᠠᠨ ᠤ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠤᠯᠤᠰ᠂ ᠨᠢᠭᠡᠳᠦᠭᠡᠷ ᠲᠣᠮᠣ ᠭᠠᠳᠠᠭᠠᠳᠤ ᠳᠤ ᠭᠠᠷᠭᠠᠬᠤ | ᠬᠠᠷᠠᠯᠲᠠᠲᠤ ᠤᠯᠤᠰ ᠪᠣᠯᠪᠠ᠃ ᠽᠨᠨᠠᠲ᠋ᠠᠰ ᠰᠠᠯᠬᠢᠨ ᠬᠦᠴᠦᠨ ᠤ ᠴᠠᠭᠢᠯᠭᠠᠨ ᠦᠷᠳᠡᠭᠡ᠂ ᠲᠦᠷᠭᠦᠰᠦᠨ ᠤᠰᠤᠨ ᠴᠠᠭᠢᠯᠭᠠᠨ ᠤ | ᠦᠷᠳᠡᠭᠡ᠂ ᠴᠢᠮᠦᠺᠧᠨᠲ᠋ᠧ ᠪᠤᠯᠪᠠᠰᠤᠷᠠᠭᠤᠯᠬᠤ ᠦᠢᠯᠡᠳᠪᠦᠷᠢ ᠶᠢᠨ ᠣᠳᠣᠬᠢᠴᠢᠯᠠᠭᠰᠠᠨ ᠥᠭᠡᠷᠡᠴᠢᠯᠡᠯᠲᠡ ᠵᠡᠷᠭᠡ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠲᠦᠷᠦᠯ ᠵᠦᠢᠯ ᠤᠷᠤᠭᠰᠢᠲᠠᠢ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠳᠤᠮᠳᠠᠳᠤ | ᠺᠠᠽᠠᠬᠰᠲ᠋ᠠᠨ ᠤ ᠲᠦᠭᠦᠬᠡᠢ ᠴᠢᠯᠠᠭᠤᠨ ᠲᠤᠰᠤᠨ ᠤ ᠬᠤᠭᠤᠯᠠᠢ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠠᠮᠤᠷ | ᠲᠦᠪᠰᠢᠨ ᠲᠣᠭᠲᠠᠭᠤᠨ ᠢᠶᠠᠷ ᠡᠵᠡᠩᠨᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠲᠦᠷᠭᠡᠨ ᠢᠶᠠᠷ ᠪᠣᠭᠤᠮᠲᠠ ᠥᠩᠭᠡᠷᠡᠬᠦ ︽ | ᠰᠠᠭᠠᠳ ᠦᠭᠡᠢ ᠨᠡᠪᠲᠡᠷᠡᠬᠦ ᠵᠠᠮ︾ ᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠵᠦ᠂ ᠺᠠᠽᠠᠬᠰᠲ᠋ᠠᠨ ᠤ ᠨᠡᠩ ᠤᠯᠠᠨ ᠴᠢᠨᠠᠷ | ᠰᠠᠶᠢᠲᠠᠢ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ | ᠣᠷᠣᠵᠤ ᠢᠷᠡᠬᠦ ᠪᠣᠯᠪᠠ᠃ ᠬᠤᠶᠠᠷ ᠤᠯᠤᠰ ᠤᠨ ᠰᠢᠨ᠎ᠡ ᠡᠨᠧᠷᠭᠢ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠵᠡᠷᠭᠡ | ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠲᠠᠰᠤᠷᠠᠯᠲᠠ ᠦᠭᠡᠢ ᠨᠡᠮᠡᠭᠳᠡᠵᠦ᠂ ᠰᠢ ᠠᠨ ᠤ ᠡᠬᠡ ᠬᠠᠭᠤᠷᠠᠢ ᠶᠢᠨ | ᠭᠠᠷᠠᠮ ᠪᠠᠶᠢᠭᠤᠯᠤᠭᠳᠠᠵᠤ ᠠᠰᠢᠭᠯᠠᠯᠲᠠ ᠳᠤ ᠣᠷᠣᠵᠤ᠂ ᠪᠠᠷᠠᠭᠤᠨ ᠡᠸᠦ᠋ᠷᠦᠫᠡ — ᠤᠷᠤᠰ — ᠺᠠᠽᠠᠬᠰᠲ᠋ᠠᠨ — | ᠲᠤᠮᠳᠠᠳᠤ ᠤᠯᠤᠰ ᠤᠨ ᠪᠠᠷᠠᠭᠤᠨ ᠣᠷᠣᠨ ᠤ ᠵᠠᠰᠠᠮᠠᠯ ᠵᠠᠮ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ | ᠰᠠᠭᠠᠳ ᠦᠭᠡᠢ ᠨᠡᠪᠲᠡᠷᠡᠵᠦ᠂ ᠬᠤᠶᠠᠷ ᠤᠯᠤᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠴᠢᠳᠠᠪᠤᠷᠢ ᠨᠡᠮᠡᠷᠢᠯᠡᠪᠡ᠃ | | ᠪᠢᠳᠡ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ᠂ ᠰᠣᠶᠣᠯ ᠢᠷᠭᠡᠨᠰᠢᠯ ᠤᠨ | ᠰᠣᠯᠢᠯᠴᠠᠭᠠᠨ ᠤ ᠰᠢᠨ᠎ᠡ ᠥᠷᠨᠢᠯᠲᠡ ᠭᠠᠷᠭᠠᠪᠠ᠃ ᠳᠤᠮᠳᠠᠳᠤ ᠺᠠᠽᠠᠬᠰᠲ᠋ᠠᠨ ᠬᠠᠷᠢᠯᠴᠠᠨ ᠰᠣᠶᠣᠯ ᠤᠨ ᠲᠥᠪ ᠪᠠᠶᠢᠭᠤᠯᠬᠤ | ᠬᠡᠯᠡᠯᠴᠡᠭᠡᠷ ᠲᠤ ᠠᠮᠵᠢᠯᠲᠠ ᠲᠠᠢ ᠪᠠᠷ ᠭᠠᠷ ᠤᠨ ᠦᠰᠦᠭ ᠵᠢᠷᠤᠵᠤ᠂ ︽ᠬᠥᠭᠵᠢᠮᠴᠢᠨ︾ ᠭᠡᠬᠦ ᠺᠢᠨᠣ᠋ ᠶᠢ ᠠᠩᠬ᠎ᠠ ᠤᠳᠠᠭ᠎ᠠ | ᠬᠠᠮᠲᠤᠷᠠᠨ ᠰᠡᠭᠦᠳᠡᠷᠯᠡᠵᠡᠢ᠃ ᠳᠤᠮᠳᠠᠳᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠺᠠᠽᠠᠬᠰᠲ᠋ᠠᠨ ᠳᠠᠬᠢ ᠬᠤᠪᠢᠶᠠᠷᠢ | ᠰᠤᠷᠭᠠᠭᠤᠯᠢ᠂ ᠯᠦ ᠪᠠᠨ ᠦᠢᠯᠡᠳᠬᠡᠯ ᠤᠨ ᠭᠠᠵᠠᠷ᠂ ᠳᠤᠮᠳᠠᠳᠤ ᠤᠯᠤᠰ ᠤᠨ ᠤᠯᠠᠮᠵᠢᠯᠠᠯᠲᠤ ᠠᠨᠠᠭᠠᠬᠤ ᠤᠬᠠᠭᠠᠨ ᠤ ᠲᠥᠪ | ᠵᠡᠷᠭᠡ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠲᠦᠷᠦᠯ ᠵᠦᠢᠯ ᠦᠯᠦ ᠪᠠᠶᠢᠭᠰᠠᠨ ᠠᠴᠠ ᠪᠠᠨ ᠪᠠᠶᠢᠬᠤ ᠪᠣᠯᠵᠤ᠂ | ᠪᠠᠶᠢᠭᠰᠠᠨ ᠠᠴᠠ ᠪᠠᠨ ᠤᠯᠠᠮ ᠰᠢᠯᠢᠳᠡᠭ ᠪᠣᠯᠵᠠᠢ᠃ ᠬᠠᠷᠢᠯᠴᠠᠨ ᠦᠯᠤ ᠸᠢᠰᠠᠯᠠᠬᠤ ᠨᠢ ᠬᠤᠶᠠᠷ ᠤᠯᠤᠰ ᠤᠨ ᠠᠷᠠᠳ | ᠲᠦᠮᠡᠨ ᠤ ᠰᠠᠳᠤᠨ ᠲᠥᠷᠥᠯ ᠰᠢᠭ ᠦᠷᠭᠦᠯᠵᠢ ᠶᠠᠪᠤᠯᠴᠠᠬᠤ ᠶᠢ ᠪᠡᠶᠡᠯᠡᠭᠦᠯᠵᠦ᠂ ᠨᠢᠳᠤᠨᠤᠨ ᠬᠤᠶᠠᠷ ᠤᠯᠤᠰ ᠤᠨ | ᠬᠥᠮᠥᠰ ᠤᠨ ᠶᠠᠪᠤᠯᠴᠠᠭ᠎ᠠ 60 ᠲᠦᠮᠡ ᠰᠢᠬᠠᠮ ᠬᠥᠮᠥᠨ ᠤᠳᠠᠭ᠎ᠠ ᠳᠤ ᠬᠦᠷᠴᠦ᠂ ᠡᠨᠡ ᠵᠢᠯ ᠤᠨ ᠲᠦᠷᠦᠭᠦᠦ 3 ᠰᠠᠷ᠎ᠠ ᠳᠤ | ᠨᠢᠭᠡᠨᠲᠡ 20 ᠲᠦᠮᠡᠨ ᠬᠥᠮᠥᠨ ᠤᠳᠠᠭ᠎ᠠ ᠶᠢ ᠳᠠᠪᠠᠵᠤ᠂ ᠳᠠᠬᠢᠨᠲᠠ ᠰᠢᠨ᠎ᠡ ᠲᠡᠮᠳᠡᠭᠯᠡᠯ ᠢ ᠡᠭᠦᠳᠬᠦ ᠪᠣᠯᠣᠮᠵᠢ ᠲᠠᠢ ᠪᠣᠯᠪᠠ᠃ | ᠣᠷᠣᠨ ᠨᠤᠲᠤᠭ ᠤᠨ ᠬᠠᠮᠲᠤᠷᠠᠯᠴᠠᠭ᠎ᠠ ᠥᠷᠨᠢᠨ ᠬᠥᠭᠵᠢᠵᠦ᠂ ᠨᠥᠭᠦᠷᠰᠡᠭ ᠮᠤᠵᠢ ᠵᠧᠦ ᠬᠤᠳᠠ 26 ᠬᠤᠣᠰ ᠪᠣᠯᠣᠨ | ᠨᠡᠮᠡᠭᠳᠡᠪᠡ᠃ ᠳᠤᠮᠳᠠᠳᠤ ᠤᠯᠤᠰ ᠤᠨ ᠡᠪᠡᠳᠴᠢᠲᠡᠨ ᠤ ᠥᠷᠭᠡᠨ ᠳᠡᠯᠭᠡᠷ ᠬᠠᠶᠢᠷ᠎ᠠ ᠬᠦᠨᠳᠦᠳᠬᠡᠯ ᠢ ᠣᠯᠣᠭᠰᠠᠨ ᠨᠢᠳᠦᠨ ᠤ | ᠰᠠᠯᠠᠭᠠᠨ ᠤ ᠲᠤᠰᠬᠠᠢ ᠮᠡᠷᠭᠡᠵᠢᠯᠲᠡᠨ ᠺᠠᠫᠧᠶᠢᠯᠠᠪᠢᠶᠧᠺᠧᠹ᠂ ︽ᠮᠠᠯᠤᠷ ᠥᠲᠡᠭᠡ ᠵᠢᠷᠤᠮᠲᠤ ᠪᠠᠭᠠᠲᠤᠷ︾ ᠬᠡᠮᠡᠭᠳᠡᠭᠰᠡᠨ ᠢᠷᠠᠭᠤ | ᠠᠯᠳᠠᠷ ᠲᠠᠢ ᠴᠢᠰᠤ ᠪᠠᠨ ᠬᠠᠨᠳᠢᠪᠯᠡᠭ᠌ᠰᠠᠨ ᠰᠠᠶᠢᠨ ᠳᠤᠷᠠᠴᠢᠨ ᠯᠦᠰᠯᠠᠨ᠂ ᠶᠡᠭᠡ ᠮᠥᠷᠡᠨ ᠤ ᠡᠮᠦᠨ᠎ᠡ ᠤᠮᠠᠷ᠎ᠠ ᠶᠢ | ᠳᠣᠩᠰᠣᠯᠭᠠᠭᠰᠠᠨ ᠺᠠᠽᠠᠬᠰᠲ᠋ᠠᠨ ᠤ ᠳᠠᠭᠤᠴᠢᠨ ᠳ᠋ᠢᠮᠠᠰᠢ ᠵᠡᠷᠭᠡ ᠨᠢ ᠰᠢᠨ᠎ᠡ ᠴᠠᠭ ᠦᠶ᠎ᠡ ᠶᠢᠨ ᠳᠤᠮᠳᠠᠳᠤ ᠺᠠᠽᠠᠬᠰᠲ᠋ᠠᠨ ᠤ | ᠨᠥᠬᠦᠷᠯᠡᠯ ᠤᠨ ᠡᠯᠴᠢ ᠪᠣᠯᠤᠭᠰᠠᠨ ᠪᠠᠶᠢᠨ᠎ᠠ᠃ | ᠪᠢᠳᠡ ᠪᠦᠯᠬᠦᠮᠳᠡᠨ ᠬᠠᠮᠵᠢᠯᠴᠠᠵᠤ᠂ ᠥᠷᠢᠰᠦᠯᠳᠦᠭᠡᠨ ᠢ ᠬᠠᠮᠲᠤ ᠪᠠᠷ ᠤᠭᠲᠤᠵᠤ᠂ ᠤᠯᠠᠨ ᠤᠯᠤᠰ ᠤᠨ | ᠬᠠᠮᠵᠢᠯᠴᠠᠭᠠᠨ ᠤ ᠰᠢᠨ᠎ᠡ ᠪᠣᠳᠠᠲᠤ ᠦᠷ᠎ᠡ ᠪᠦᠲᠦᠮᠵᠢ ᠶᠢ ᠣᠯᠪᠠ᠃ ᠳᠤᠮᠳᠠᠳᠤ ᠺᠠᠽᠠᠬᠰᠲ᠋ᠠᠨ ᠤ ᠳᠡᠯᠡᠬᠡᠢ ᠶᠢᠨ ᠪᠠ ᠭᠠᠵᠠᠷ | ᠣᠷᠣᠨ ᠤ ᠬᠡᠷᠡᠭ ᠶᠠᠪᠤᠳᠠᠯ ᠳᠠᠬᠢ ᠵᠣᠭᠰᠣᠯᠲᠠ ᠠᠳᠠᠯᠢᠪᠲᠤᠷ᠂ ᠪᠦᠷ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ | ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠬᠦ ᠶᠢ ᠰᠠᠨᠠᠭᠠᠴᠢᠯᠠᠵᠤ᠂ ᠪᠦᠷ ᠳᠡᠯᠡᠬᠡᠢ ᠶᠢᠨ ᠡᠩᠬᠡ | ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ | ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠤᠯᠬᠤ ᠪᠠᠷ ᠴᠢᠷᠮᠠᠶᠢᠵᠤ ᠪᠠᠶᠢᠨ᠎ᠠ᠃ ᠪᠢᠳᠡ ᠳᠤᠮᠳᠠᠳᠤ ᠤᠯᠤᠰ — | ᠳᠤᠮᠳᠠᠳᠤ ᠠᠽᠢᠶ᠎ᠠ ᠶᠢᠨ ᠲᠣᠭᠲᠠᠴᠠ ᠶᠢ ᠬᠠᠮᠲᠤ ᠪᠠᠷ ᠡᠭᠦᠳᠦᠨ ᠪᠠᠶᠢᠭᠤᠯᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠽᠢᠶ᠎ᠠ ᠲᠢᠪ ᠤᠨ ᠬᠠᠷᠢᠯᠴᠠᠨ ᠬᠠᠮᠵᠢᠯᠴᠠᠬᠤ | ᠪᠠ ᠢᠲᠡᠭᠡᠯᠴᠡᠬᠦ ᠠᠷᠭ᠎ᠠ ᠬᠡᠮᠵᠢᠶᠡᠨ ᠤ ᠬᠤᠷᠠᠯ ᠵᠡᠷᠭᠡ ᠤᠯᠠᠨ ᠲᠠᠯᠠᠲᠤ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ | ᠳᠣᠲᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠬᠠᠷᠢᠯᠴᠠᠨ ᠳᠤᠷᠠᠳᠤᠭᠰᠠᠨ ᠪᠦᠲᠦᠭᠡᠯᠴᠢ ᠴᠢᠨᠠᠷᠲᠠᠢ ᠤᠯᠠᠨ ᠤᠯᠤᠰ ᠤᠨ | ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠵᠦ᠂ ᠬᠤᠶᠠᠷ ᠤᠯᠤᠰ ᠤᠨ ᠬᠠᠮᠲᠤ ᠶᠢᠨ ᠪᠠᠶᠢᠯᠳᠤᠬᠤ ᠪᠣᠳᠣᠯᠭ᠎ᠠ | ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠪᠠ᠃ | ᠢᠷᠡᠭᠡᠳᠦᠢ ᠶᠢ ᠪᠠᠷᠠᠯᠠᠬᠤᠶ᠎ᠠ᠂ ᠳᠤᠮᠳᠠᠳᠤ ᠺᠠᠽᠠᠬᠰᠲ᠋ᠠᠨ ᠤ ᠬᠠᠮᠲᠤᠷᠠᠯᠴᠠᠭ᠎ᠠ ᠶᠡᠭᠡ ᠡᠷᠡᠮᠡᠯᠵᠡᠯ ᠲᠠᠢ ᠪᠥᠭᠡᠳ ᠯᠠᠪᠲᠠᠢ | ᠶᠡᠭᠡ ᠦᠢᠯᠡᠰ ᠪᠦᠲᠦᠭᠡᠵᠦ ᠴᠢᠳᠠᠨ᠎ᠠ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠲᠠᠮᠵᠢᠨ ᠶᠡᠷᠦᠩᠬᠡᠶᠢᠯᠡᠭᠴᠢ | ᠲᠦᠸᠧᠺᠠᠶᠧᠹ ᠯᠦᠭᠡ ᠬᠠᠮᠲᠤ ᠪᠠᠷ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠪᠦᠭᠦ ᠲᠠᠯ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠢᠷᠡᠭᠡᠳᠦᠢ ᠳᠤ ᠰᠢᠨ᠎ᠡ | ᠪᠠᠶᠢᠷᠢᠯᠠᠭᠤᠯᠤᠯᠲᠠ ᠰᠢᠨ᠎ᠡ ᠲᠥᠯᠦᠪᠵᠢᠭᠦᠯᠭᠡ ᠬᠢᠵᠦ᠂ ᠳᠤᠮᠳᠠᠳᠤ ᠺᠠᠽᠠᠬᠰᠲ᠋ᠠᠨ ᠤ ᠡᠭᠦᠷᠢᠳᠡ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠶᠢ ᠬᠦᠰᠡᠵᠦ ᠪᠠᠶᠢᠨ᠎ᠠ᠃ | ᠨᠢᠭᠡ ᠳᠤ᠂ ᠬᠠᠷᠢᠯᠴᠠᠨ ᠳᠡᠮᠵᠢᠬᠦ ᠤᠯᠤᠰ ᠲᠥᠷᠥ ᠶᠢᠨ ᠤᠯᠠᠮᠵᠢᠯᠠᠯ ᠢᠶᠠᠨ ᠪᠠᠬᠢᠵᠢᠭᠦᠯᠦᠶ᠎ᠡ᠃ ︽ᠨᠠᠶᠢᠵᠠᠯᠠᠪᠠᠯ | ᠬᠡᠯᠡᠭᠰᠡᠨ ᠳᠡᠭᠡᠨ ᠬᠦᠷᠬᠦ ᠬᠡᠷᠡᠭᠲᠡᠢ︾᠃ ᠳᠤᠮᠳᠠᠳᠤ ᠤᠯᠤᠰ ᠦᠷᠭᠦᠯᠵᠢᠯᠡᠨ ᠺᠠᠽᠠᠬᠰᠲ᠋ᠠᠨ ᠤ ᠬᠢᠨ ᠲᠠᠢ ᠦᠨᠡᠨᠴᠢ ᠪᠠᠷ | ᠬᠠᠨᠳᠤᠵᠤ᠂ ᠢᠲᠡᠭᠡᠯ ᠲᠠᠢ ᠬᠠᠷᠢᠯᠴᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ ᠪᠠᠬᠢᠵᠢᠭᠦᠯᠵᠦ᠂ | ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ | ᠬᠤᠯᠪᠣᠭᠳᠠᠬᠤ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠨ᠎ᠡ᠃ ᠳᠤᠮᠳᠠᠳᠤ | ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠺᠠᠽᠠᠬᠰᠲ᠋ᠠᠨ ᠤ ᠬᠢᠨ ᠤ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ᠂ | ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠲᠡᠮᠵᠢᠵᠥ᠂ ᠺᠠᠽᠠᠬᠰᠲ᠋ᠠᠨ ᠤ ᠬᠢᠨ ᠤ ᠲᠤᠰ | ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ ᠺᠠᠽᠠᠬᠰᠲ᠋ᠠᠨ ᠤ ᠬᠢᠨ ᠤ | ᠤᠯᠤᠰ ᠤᠨ ᠬᠥᠭᠵᠢᠯ ᠴᠡᠴᠡᠭᠯᠡᠯ ᠳᠤ ᠬᠠᠨᠳᠤᠭᠤᠯᠤᠨ ᠠᠪᠤᠭᠰᠠᠨ ᠡᠯ᠎ᠡ ᠵᠦᠢᠯ ᠤᠨ ᠳᠣᠲᠣᠭᠠᠳᠤ ᠭᠠᠳᠠᠭᠠᠳᠤ ᠲᠦᠷᠦ ᠶᠢᠨ | ᠪᠣᠳᠣᠯᠭ᠎ᠠ ᠶᠢ ᠲᠡᠮᠵᠢᠵᠥ᠂ ᠶᠠᠮᠠᠷᠪᠠ ᠭᠠᠳᠠᠭᠠᠳᠤ ᠶᠢᠨ ᠬᠦᠴᠦᠨ ᠤ ᠺᠠᠽᠠᠬᠰᠲ᠋ᠠᠨ ᠤ ᠳᠣᠲᠣᠭᠠᠳᠤ ᠵᠠᠰᠠᠭ ᠲᠤ ᠭᠠᠷ | ᠲᠦᠷᠦᠭᠦ ᠶᠢ ᠡᠰᠡᠷᠭᠦᠴᠡᠨ᠎ᠡ᠃ ᠪᠢᠳᠡ ᠬᠠᠷᠢᠯᠴᠠᠨ ᠬᠦᠨᠳᠦᠳᠬᠡᠬᠦ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ | ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠡᠨᠡ ᠬᠦ 4 | ᠬᠠᠮᠲᠤᠷᠠᠯᠴᠠᠭᠠᠨ ᠤ ᠡᠷᠳᠡᠨᠢ ᠶᠢ ᠰᠠᠶᠢᠲᠤᠷ ᠤᠯᠠᠮᠵᠢᠯᠠᠨ ᠪᠠᠳᠠᠷᠠᠭᠤᠯᠵᠤ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ | ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ᠃ | ᠬᠤᠶᠠᠷ ᠲᠤ᠂ ᠬᠠᠷᠢᠯᠴᠠᠨ ᠠᠰᠢᠭᠲᠠᠢ ᠪᠠᠶᠢᠵᠤ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠰᠠᠶᠢᠨ ᠠᠷᠭ᠎ᠠ ᠶᠢ | ᠰᠠᠶᠢᠲᠤᠷ ᠬᠡᠷᠡᠭᠯᠡᠶ᠎ᠡ᠃ ᠳᠤᠮᠳᠠᠳᠤ ᠺᠠᠽᠠᠬᠰᠲ᠋ᠠᠨ ᠤ ᠡᠬᠢ ᠪᠠᠶᠠᠯᠢᠭ ᠤᠨ ᠳᠠᠪᠠᠭᠤᠯᠢᠭ ᠠᠳᠠᠯᠢ ᠪᠤᠰᠤ᠂ ᠠᠵᠤ ᠠᠬᠤᠢ ᠠᠵᠤ | ᠦᠢᠯᠡᠰ ᠲᠤᠰ ᠲᠤᠰ ᠤᠨ ᠢᠶᠠᠨ ᠣᠨᠴᠠᠯᠢᠭ ᠲᠠᠢ᠂ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠯᠡᠷᠬᠡᠢ᠂ ᠬᠠᠮᠲᠤᠷᠠᠯᠴᠠᠭᠠᠨ ᠤ | ᠲᠠᠯᠳᠠ ᠬᠦᠴᠦᠨ ᠯᠤᠲᠤ ᠶᠡᠭᠡ ᠶᠤᠮ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ︽ᠲᠥᠪ ᠭᠤᠣᠯᠴᠢ ᠺᠠᠽᠠᠬᠰᠲ᠋ᠠᠨ︾ ᠤ ᠠᠵᠤ ᠠᠬᠤᠢ ᠶᠢᠨ | ᠲᠦᠷᠦ ᠶᠢᠨ ᠪᠣᠳᠣᠯᠭ᠎ᠠ ᠲᠠᠢ ᠭᠦᠨᠵᠡᠭᠡᠢ ᠵᠣᠯᠭᠠᠭᠤᠯᠬᠤ ᠶᠢ ᠲᠦᠷᠭᠡᠳᠬᠡᠨ ᠠᠬᠢᠭᠤᠯᠵᠤ᠂ ᠺᠠᠽᠠᠬᠰᠲ᠋ᠠᠨ ᠤ ᠲᠠᠯ᠎ᠠ ᠳᠤ | ᠳᠤᠮᠳᠠᠳᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢ ᠴᠢᠨᠠᠭᠰᠢᠳᠠ ᠨᠡᠭᠡᠭᠡᠵᠦ᠂ ᠳᠤᠮᠳᠠᠳᠤ ᠤᠯᠤᠰ ᠤᠨ | ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠨ᠎ᠡ᠃ ᠪᠢᠳᠡ ᠠᠵᠤ ᠠᠬᠤᠢ ᠠᠷᠠᠯᠵᠢᠶ᠎ᠠ᠂ ᠦᠢᠯᠡᠳᠪᠦᠷᠢᠯᠡᠯ ᠤᠨ | ᠴᠢᠳᠠᠪᠤᠷᠢ᠂ ᠪᠡᠯᠡ ᠣᠷᠣᠭᠤᠯᠤᠯᠲᠠ᠂ ᠡᠨᠧᠷᠭᠢ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ | ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ | ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ ᠠᠵᠢᠯᠯᠠᠭᠠᠨ ᠪᠣᠯᠣᠨ ᠺᠠᠰᠫᠢ ᠲᠠᠩᠭᠢᠰ ᠢ | ᠰᠤᠨᠳᠠᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠰᠤᠭ᠎ᠠ | ᠴᠣᠭᠴᠠᠲᠤ ᠤᠯᠠᠨ ᠡᠰᠢᠵᠢᠭᠰᠡᠨ ᠥᠨᠳᠥᠷ ᠪᠦᠲᠦᠮᠵᠢᠲᠡᠢ ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ ᠲᠡᠭᠦᠯᠳᠡᠷᠵᠢᠭᠦᠯᠦᠨ᠎ᠡ᠃ | ᠰᠢᠨ᠎ᠡ ᠡᠨᠧᠷᠭᠢ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ ᠳᠡᠭᠡᠳᠦ ᠮᠡᠷᠭᠡᠵᠢᠯ ᠤᠨ ᠬᠦᠷᠢᠶᠡᠨ ᠤ ᠬᠠᠮᠲᠤᠷᠠᠯᠴᠠᠭᠠᠨ ᠤ | ᠳᠠᠯᠳᠠ ᠬᠦᠴᠦᠨ ᠢ ᠭᠦᠢᠴᠡᠳ ᠠᠭᠤᠳᠠᠯᠵᠤ᠂ ᠥᠨᠳᠥᠷ ᠨᠡᠮᠡᠯᠲᠡ ᠥᠷᠲᠡᠭᠲᠦ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢ ᠴᠣᠭᠴᠠᠯᠠᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠳᠤ ᠨᠠᠩ ᠣᠯᠠᠨ ᠰᠢᠨ᠎ᠡ ᠬᠥᠳᠡᠯᠭᠡᠬᠦ | ᠡᠨᠧᠷᠭᠢ ᠨᠡᠮᠡᠷᠢᠯᠡᠶ᠎ᠡ᠃ | ᠭᠤᠷᠪᠠ ᠳᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ | ᠳᠤᠮᠳᠠᠳᠤ ᠺᠠᠽᠠᠬᠰᠲ᠋ᠠᠨ ᠤ ᠨᠥᠬᠦᠷᠯᠡᠯ ᠢ ᠭᠦᠨᠵᠡᠭᠡᠶᠢᠷᠡᠭᠦᠯᠬᠦ ᠪᠣᠯ ᠬᠤᠶᠠᠷ ᠤᠯᠤᠰ ᠤᠨ ᠠᠷᠠᠳ ᠤᠨ ᠰᠡᠳᠬᠢᠯ ᠤᠨ | ᠬᠠᠨᠳᠤᠰᠢ᠂ ᠠᠷᠠᠳ ᠤᠨ ᠬᠦᠰᠡᠯ ᠡᠷᠡᠮᠡᠯᠵᠡᠯ ᠮᠥᠨ᠃ ᠪᠢᠳᠡ ᠡᠨᠡ ᠬᠦ ᠨᠥᠭᠦᠷᠰᠡᠭ ᠬᠠᠶᠢᠷ᠎ᠠ ᠰᠡᠳᠬᠢᠯᠭᠡ ᠪᠠᠨ ᠰᠠᠶᠢᠲᠤᠷ | ᠤᠯᠠᠮᠵᠢᠯᠠᠨ ᠵᠠᠯᠭᠠᠮᠵᠢᠯᠠᠵᠤ᠂ ᠪᠠᠶᠠᠯᠢᠭ ᠰᠠᠶᠢᠬᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ | ᠬᠤᠶᠠᠷ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠴᠢᠨᠠᠭᠰᠢᠳᠠ | ᠠᠬᠢᠭᠤᠯᠤᠨ᠎ᠠ᠃ ᠯᠦ ᠪᠠᠨ ᠦᠢᠯᠡᠳᠬᠡᠯ ᠤᠨ ᠭᠠᠵᠠᠷ᠂ ᠺᠦᠩᠽᠢ ᠳᠡᠭᠡᠳᠦ ᠰᠤᠷᠭᠠᠭᠤᠯᠢ᠂ ᠪᠠᠷᠠᠭᠤᠨ ᠬᠤᠶᠢᠲᠤ ᠶᠢᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠺᠠᠽᠠᠬᠰᠲ᠋ᠠᠨ ᠤ ᠬᠤᠪᠢᠶᠠᠷᠢ ᠰᠤᠷᠭᠠᠭᠤᠯᠢ ᠶᠢ ᠬᠠᠮᠲᠤ ᠪᠠᠷ ᠰᠠᠶᠢᠲᠤᠷ ᠡᠷᠭᠢᠯᠡᠵᠦ᠂ | ᠳᠤᠮᠳᠠᠳᠤ ᠺᠠᠽᠠᠬᠰᠲ᠋ᠠᠨ ᠤ ᠨᠥᠭᠦᠷᠰᠡᠭ ᠦᠢᠯᠡᠰ ᠤᠨ ᠨᠡᠩ ᠤᠯᠠᠨ ᠵᠠᠯᠭᠠᠮᠵᠢᠯᠠᠭᠴᠢ ᠶᠢ ᠬᠥᠮᠥᠵᠢᠭᠦᠯᠦᠶ᠎ᠡ᠃ ᠬᠤᠶᠠᠷ | ᠤᠯᠤᠰ ᠤᠨ ᠶᠡᠭᠡ ᠳᠡᠭᠡᠳᠦ ᠰᠤᠷᠭᠠᠭᠤᠯᠢ᠂ ᠤᠶᠤᠨ ᠤ ᠬᠥᠮᠥᠷᠭᠡ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠬᠠᠮᠲᠤᠷᠠᠨ ᠰᠤᠷᠭᠠᠭᠤᠯᠢ ᠡᠷᠭᠢᠯᠡᠭᠦ᠂ ᠬᠠᠮᠲᠤᠷᠠᠨ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠶᠢ | ᠪᠠᠶᠠᠷᠯᠠᠨ ᠤᠭᠲᠤᠵᠤ᠂ ᠬᠤᠶᠠᠷ ᠤᠯᠤᠰ ᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠣᠯᠢᠯᠴᠠᠭ᠎ᠠ ᠪᠠᠨ ᠨᠡᠮᠡᠭᠳᠡᠭᠦᠯᠬᠦ ᠶᠢ | ᠳᠡᠮᠵᠢᠵᠦ᠂ ᠬᠤᠶᠠᠷ ᠤᠯᠤᠰ ᠤᠨ ᠨᠡᠩ ᠤᠯᠠᠨ ᠭᠠᠵᠠᠷ ᠣᠷᠣᠨ ᠤ ᠮᠤᠵᠢ ᠵᠧᠦ ᠬᠤᠲᠠ ᠶᠢᠨ ᠬᠢᠨ ᠰᠠᠶᠢᠲᠤᠷ ᠪᠦᠯᠬᠦᠮᠳᠡᠵᠦ᠂ | ᠰᠤᠷᠭᠠᠨ ᠬᠥᠮᠦᠵᠢᠯ᠂ ᠵᠢᠭᠤᠯᠴᠢᠯᠠᠯ᠂ ᠬᠠᠭᠤᠴᠢ ᠰᠤᠳᠤᠯᠤᠯ᠂ ᠤᠷᠠᠯᠢᠭ᠂ ᠵᠠᠭᠤᠴᠢᠯᠠᠭᠤᠷ ᠵᠡᠷᠭᠡ ᠬᠦᠷᠢᠶᠡᠨ ᠤ | ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ᠭᠦᠨᠴᠡ ᠪᠠ | ᠥᠷᠭᠡᠴᠡ ᠪᠠᠨ ᠥᠷᠭᠡᠳᠬᠡᠬᠦ ᠶᠢ ᠵᠣᠷᠢᠭᠵᠢᠭᠤᠯᠤᠶ᠎ᠠ᠃ | ᠳᠥᠷᠪᠡ ᠳᠤ᠂ ᠲᠦᠷᠭᠡᠨ ᠤᠯᠠᠷᠢᠨ ᠬᠤᠪᠢᠰᠬᠤ ᠵᠠᠭᠤᠨ ᠵᠢᠯ ᠤᠨ ᠬᠤᠪᠢᠰᠤᠯᠲᠠ ᠲᠠᠢ ᠵᠣᠬᠢᠴᠠᠶ᠎ᠠ᠃ ᠳᠡᠯᠡᠬᠡᠢ ᠶᠢᠨ | ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠪᠣᠯᠵᠤ᠂ ᠳᠤᠮᠳᠠᠳᠤ ᠺᠠᠽᠠᠬᠰᠲ᠋ᠠᠨ ᠤ ᠪᠦᠭᠦ ᠲᠠᠯ᠎ᠠ ᠶᠢᠨ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠰᠢᠨ᠎ᠡ ᠰᠦᠷᠳᠡᠭᠦᠯᠦᠯ ᠰᠢᠨ᠎ᠡ ᠥᠷᠢᠰᠦᠯᠳᠦᠭᠡᠨ ᠳᠤ ᠲᠤᠯᠭᠠᠷᠠᠵᠤ ᠪᠠᠶᠢᠬᠤ ᠪᠠᠷ ᠪᠠᠷᠠᠬᠤ ᠦᠭᠡᠢ ᠪᠠᠰᠠ | ᠰᠢᠨ᠎ᠡ ᠠᠵᠠ ᠲᠣᠭᠢᠶᠠᠯ ᠰᠢᠨ᠎ᠡ ᠣᠷᠣᠨ ᠵᠠᠢ ᠶᠢ ᠤᠭᠲᠤᠨ ᠠᠪᠴᠢᠷᠠᠪᠠ᠃ ᠳᠤᠮᠳᠠᠳᠤᠴᠤᠳ ᠠᠶᠤᠯ ᠲᠦᠭᠰᠢᠭᠦᠷᠢ ᠪᠣᠯᠣᠨ | ᠠᠵᠠ ᠲᠣᠭᠢᠶᠠᠯ ᠬᠡᠵᠢᠶᠡᠳᠡ ᠬᠠᠷᠢᠯᠴᠠᠨ ᠨᠥᠬᠦᠴᠡᠯᠳᠦᠵᠦ᠂ ᠠᠶᠤᠯ ᠲᠦᠭᠰᠢᠭᠦᠷᠢ ᠶᠢᠨ ᠳᠤᠮᠳᠠ ᠠᠵᠠ ᠲᠣᠭᠢᠶᠠᠯ ᠣᠷᠣᠰᠢᠵᠤ | ᠂ ᠠᠶᠤᠯ ᠲᠦᠭᠰᠢᠭᠦᠷᠢ ᠶᠢ ᠠᠵᠠ ᠲᠤᠭᠢᠶᠠᠯ ᠪᠣᠯᠭᠠᠨ ᠬᠤᠪᠢᠷᠠᠭᠤᠯᠵᠤ ᠪᠣᠯᠣᠨ᠎ᠠ ᠭᠡᠵᠦ ᠬᠡᠯᠡᠳᠡᠭ᠃ ᠳᠤᠮᠳᠠᠳᠤ ᠶᠢᠨ | ᠲᠠᠯ᠎ᠠ ᠶᠢᠨ ᠬᠢᠨ ᠳᠤᠷᠠᠲᠠᠶ᠎ᠠ ᠺᠠᠽᠠᠬᠰᠲ᠋ᠠᠨ ᠤ ᠲᠠᠯ᠎ᠠ ᠲᠠᠢ ᠭᠠᠷ ᠬᠤᠯᠪᠣᠯᠴᠠᠨ ᠳᠡᠯᠡᠬᠡᠢ ᠶᠢᠨ ᠬᠤᠪᠢᠷᠠᠯᠲᠠ᠂ ᠴᠠᠭ | ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢ ᠠᠷᠭᠠᠴᠠᠭᠠᠵᠤ᠂ ᠬᠢᠮᠤᠷᠠᠯ ᠤᠨ ᠳᠤᠮᠳᠠ ᠰᠢᠨ᠎ᠡ ᠠᠵᠠ ᠲᠣᠭᠢᠶᠠᠯ ᠢ | ᠪᠤᠢ ᠪᠤᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠦᠷᠦ᠂ ᠯᠡᠭᠧᠷ ᠤᠨ ᠡᠰᠡᠷᠭᠦᠴᠡᠯᠳᠦᠯ ᠢ | ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠡ ᠪᠣᠯᠣᠨ ᠲᠦᠭᠡᠮᠡᠯ ᠬᠠᠷᠠᠭᠠᠯᠵᠠᠯᠲᠤ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠬᠤ ᠳᠤ ᠨᠡᠩ ᠤᠯᠠᠨ ᠢᠳᠡᠪᠬᠢ ᠬᠦᠴᠦᠨ ᠪᠣᠯᠣᠨ ᠲᠣᠭᠲᠠᠭᠤᠨ ᠴᠢᠨᠠᠷ ᠨᠡᠮᠡᠷᠢᠯᠡᠵᠦ᠂ ᠳᠤᠮᠳᠠᠳᠤ ᠺᠠᠽᠠᠬᠰᠲ᠋ᠠᠨ ᠤ | ᠨᠡᠩ ᠤᠯᠠᠨ ᠬᠤᠪᠢ ᠨᠡᠮᠡᠷᠢ ᠶᠢ ᠦᠵᠡᠭᠦᠯᠦᠶ᠎ᠡ᠃ | ᠮᠢᠨᠤ ᠡᠨᠡ ᠤᠳᠠᠭ᠎ᠠ ᠶᠢᠨ ᠺᠠᠽᠠᠬᠰᠲ᠋ᠠᠨ ᠳᠠᠬᠢ ᠪᠠᠰᠠ ᠨᠢᠭᠡᠨ ᠴᠢᠬᠤᠯᠠ ᠵᠥᠪᠯᠡᠬᠦ ᠵᠦᠢᠯ ᠪᠣᠯ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠠᠪᠤᠳᠠᠯ ᠪᠣᠯᠣᠨ᠎ᠠ᠃ | ᠺᠠᠽᠠᠬᠰᠲ᠋ᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ | ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ᠂ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠵᠦ᠂ ᠲᠤᠰ ᠵᠣᠬᠢᠶᠠᠨ | ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠢ ᠥᠷᠭᠡᠳᠬᠡᠪᠡ᠂ ᠳᠤᠮᠳᠠᠳᠤ ᠶᠢᠨ ᠲᠠᠯ᠎ᠠ ᠶᠢᠨ ᠬᠢᠨ ᠡᠭᠦᠨ ᠢ ᠳᠡᠭᠡᠳᠦ | ᠬᠡᠮᠵᠢᠶ᠎ᠡ ᠪᠠᠷ ᠦᠨᠡᠯᠡᠵᠦ ᠪᠠᠶᠢᠨ᠎ᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠠᠰᠲ᠋ᠠᠨᠠ ᠶᠢᠨ ᠲᠦᠷᠦᠭᠦᠴᠦᠳ ᠤᠨ | ᠬᠤᠷᠠᠯ ᠯᠠᠪᠲᠠᠢ ᠲᠡᠭᠦᠰ ᠠᠮᠵᠢᠯᠲᠠ ᠣᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠡᠭᠡ ᠭᠡᠷ | ᠪᠦᠯᠢ ᠶᠢ ᠴᠢᠨᠠᠭᠰᠢᠳᠠ ᠨᠢᠭᠲᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ | ᠨᠡᠭᠡᠭᠡᠬᠦ ᠶᠢ ᠢᠲᠡᠭᠡᠵᠦ ᠪᠠᠶᠢᠨ᠎ᠠ᠃ | ᠳᠤᠮᠳᠠᠳᠤ ᠤᠯᠤᠰ ᠤᠨ ᠡᠷᠲᠡᠨ ᠤ ᠦᠭᠡᠨ ᠳᠤ᠄ ︽ᠳᠡᠭᠡᠳᠦ ᠳᠣᠣᠷᠠᠳᠤ ᠪᠠᠷ ᠢᠶᠠᠨ ᠰᠡᠳᠬᠢᠯ ᠨᠢᠭᠡᠳᠪᠡᠯ ᠢᠯᠠᠯᠲᠠ | ᠣᠯᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠬᠴᠢᠳ ᠢᠯᠠᠯᠲᠠ ᠣᠯᠣᠨ᠎ᠠ︾ ᠭᠡᠳᠡᠭ᠃ ᠬᠠᠰᠠᠭ ᠦᠨᠳᠦᠰᠦᠲᠡᠨ | ︽ᠲᠠᠪᠤᠨ ᠬᠤᠷᠤᠭᠤ ᠨᠡᠶᠢᠯᠡᠪᠡᠯ ᠨᠢᠳᠤᠷᠭ᠎ᠠ ᠪᠣᠯᠵᠤ᠂ ᠲᠦᠮᠡᠨ ᠠᠷᠠᠳ ᠰᠡᠳᠬᠢᠯ ᠨᠢᠭᠡᠲᠡᠢ︾ ᠭᠡᠵᠦ ᠬᠡᠯᠡᠳᠡᠭ᠃ ᠳᠤᠮᠳᠠᠳᠤ | ᠤᠯᠤᠰ ᠳᠤᠷᠠᠲᠠᠶ᠎ᠠ ᠺᠠᠽᠠᠬᠰᠲ᠋ᠠᠨ ᠤ ᠬᠢᠨ ᠲᠠᠢ ᠤᠯᠤᠰ ᠤᠨ ᠬᠥᠭᠵᠢᠯ ᠴᠡᠴᠡᠭᠯᠡᠯ ᠢ ᠪᠡᠶᠡᠯᠡᠭᠦᠯᠬᠦ ᠠᠶᠠᠨ ᠳᠤ ᠭᠠᠷ | ᠬᠤᠯᠪᠣᠯᠴᠠᠨ ᠴᠢᠷᠮᠠᠶᠢᠵᠤ᠂ ᠮᠥᠷᠥ ᠵᠡᠷᠭᠡᠴᠡᠨ ᠤᠷᠤᠭᠰᠢᠯᠠᠵᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠰᠢᠨ᠎ᠡ ᠵᠢᠷᠤᠭ | ᠲᠥᠰᠥᠪ ᠢ ᠵᠢᠷᠤᠭᠯᠠᠵᠤ᠂ ᠳᠤᠮᠳᠠᠳᠤ ᠺᠠᠽᠠᠬᠰᠲ᠋ᠠᠨ ᠤ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ | |