ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ ︽ᠰᠢᠯᠢ ᠶᠢᠨ ᠭᠤᠣᠯ ᠠᠶᠢᠮᠠᠭ ᠤᠨ ᠭᠤᠣᠯᠳᠠᠯᠭ᠎ᠠ ᠲᠠᠢ ᠠᠵᠢᠯ | ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ | ᠠᠶᠢᠮᠠᠭ ᠤᠨ ᠵᠠᠬᠢᠷᠭ᠎ᠠ ᠠᠴᠠ 2023 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2023 ᠣᠨ ᠤ 1 ᠳ᠋ᠦ᠋ᠭᠡᠷ ᠰᠠᠷ᠎ᠠ ᠶᠢᠨ 9 ᠤ ᠡᠳᠦᠷ | ᠰᠢᠯᠢ ᠶᠢᠨ ᠭᠤᠣᠯ ᠠᠶᠢᠮᠠᠭ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ | ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ | ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ | ᠦᠢᠯᠡᠰ ᠤᠨ ᠠᠭᠤᠰᠤᠯᠳᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠪᠠ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ | ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ | ᠳᠡᠭᠡᠭᠰᠢᠯᠡᠭᠦᠯᠬᠦ ᠶᠢᠨ ᠲᠥᠯᠥᠭᠡ᠂ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠰᠢᠯᠢ ᠵᠠᠬᠢᠷᠭ᠎ᠠ ᠲᠠᠷᠬᠠᠭᠠᠭᠰᠠᠨ ﹇2019﹈ | 31 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠵᠢᠷᠤᠮᠵᠢᠭᠤᠨ ᠪᠤᠰᠤ ᠪᠠᠶᠢᠳᠠᠯ ᠢ | ᠳᠢᠭᠯᠡᠨ᠂ ᠵᠢᠵᠢᠭ ᠲᠠᠷᠠᠬᠠᠢ ᠠᠵᠤ ᠠᠬᠤᠶᠢᠯᠠᠯ ᠢ ᠴᠡᠭᠴᠡᠯᠡᠬᠦ ᠶᠢ ᠪᠠᠷᠢᠮᠲᠠᠯᠠᠨ᠂ ᠬᠦᠴᠦᠨ ᠢᠶᠠᠨ ᠲᠥᠪᠯᠡᠷᠡᠭᠦᠯᠦᠨ ᠪᠥᠬᠦ | ᠠᠶᠢᠮᠠᠭ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ | ᠴᠢᠨᠠᠷᠲᠠᠢ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠣᠨᠴᠣᠭᠤᠶᠢᠯᠠᠨ ᠲᠣᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠬᠠᠷᠢᠶ᠎ᠠ ᠭᠠᠵᠠᠷ ᠲᠤᠨᠢ ᠳᠠᠩᠰᠠᠯᠠᠭᠤᠯᠬᠤ ᠶᠢ ᠵᠣᠷᠢᠭᠵᠢᠭᠤᠯᠤᠨ᠎ᠠ | 1. ᠢᠯᠴᠢ ᠶᠢᠨ ᠴᠠᠬᠢᠯᠭᠠᠨ ᠭᠠᠷᠭᠠᠬᠤ ᠲᠥᠷᠥᠯ ᠵᠦᠢᠯ ᠤᠨ ᠲᠥᠬᠦᠭᠡᠷᠦᠮᠵᠢ ᠶᠢᠨ ᠠᠵᠢᠯᠯᠠᠭᠠᠨ ᠤ | ᠬᠠᠮᠠᠭᠠᠯᠠᠯᠲᠠ᠂ ᠨᠡᠭᠦᠷᠡᠰᠦ᠂ ᠥᠩᠭᠡᠲᠦ ᠲᠡᠮᠦᠷᠯᠢᠭ ᠤᠨ ᠠᠭᠤᠷᠬᠠᠢ ᠮᠠᠯᠲᠠᠬᠤ᠂ ᠪᠣᠷᠣᠯᠠᠭᠤᠯᠬᠤ᠂ ᠮᠠᠰᠢᠨ | ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ᠂ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠬᠢᠵᠢᠭ | ᠭᠡᠮ ᠢ ᠰᠡᠷᠭᠡᠶᠢᠯᠡᠨ ᠵᠠᠰᠠᠬᠤ᠂ ᠡᠪᠡᠰᠦ ᠪᠣᠷᠳᠤᠭ᠎ᠠ ᠨᠥᠭᠡᠴᠡᠯᠡᠬᠦ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠵᠢᠴᠢ | ᠳᠡᠭᠡᠷᠡᠬᠢ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠯᠤᠭ᠎ᠠ ᠬᠤᠯᠪᠣᠭ᠎ᠠ ᠲᠠᠢ ᠵᠢᠷᠤᠭ | ᠲᠥᠯᠥᠪᠯᠡᠭᠡ ᠶᠢᠨ ᠯᠠᠪᠯᠠᠯᠲᠠ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠠᠷᠤ ᠲᠠᠯ᠎ᠠ ᠶᠢᠨ ᠪᠠᠲᠤᠯᠠᠭ᠎ᠠ ᠵᠡᠷᠭᠡ | ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠠᠬᠤᠶᠢᠯᠠᠯ ᠢ ᠴᠢᠨᠠᠷ ᠰᠠᠶᠢᠲᠠᠢ ᠬᠥᠭᠵᠢᠭᠦᠯᠬᠦ ᠶᠢ ᠳᠡᠮᠵᠢᠵᠦ᠂ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠂ ᠰᠢᠯᠢ ᠶᠢᠨ ᠭᠤᠣᠯ ᠳᠤ ᠰᠠᠭᠤᠭ᠎ᠠ | ᠬᠤᠶᠠᠳᠤᠭᠠᠷ ᠳᠡᠰ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠢ ᠳᠠᠩᠰᠠᠯᠠᠭᠤᠯᠤᠭᠰᠠᠨ ᠡᠳᠦᠷ ᠠᠴᠠ ᠡᠬᠢᠯᠡᠨ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠷᠣᠨ ᠨᠤᠲᠤᠭ ᠤᠨ GDP᠂ ᠭᠠᠶᠢᠯᠢ ᠲᠠᠲᠠᠪᠤᠷᠢ᠂ | ᠠᠵᠢᠯ ᠣᠯᠭᠤᠯᠲᠠ ᠵᠡᠷᠭᠡ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠶᠡᠷᠦᠩᠬᠡᠶᠢᠯᠡᠭᠰᠡᠨ ᠬᠤᠪᠢ ᠨᠡᠮᠡᠷᠢ ᠶᠢ | ᠦᠨᠳᠦᠰᠦᠯᠡᠨ᠂ ᠵᠣᠬᠢᠬᠤ ᠪᠡᠯᠡ ᠮᠥᠩᠭᠦᠨ ᠤ ᠱᠠᠩᠨᠠᠯ ᠣᠯᠭᠤᠨ᠎ᠠ᠃ ᠠᠵᠤ ᠠᠬᠤᠶᠢᠯᠠᠯ ᠨᠢ ᠬᠠᠷᠢᠶ᠎ᠠ ᠭᠠᠵᠠᠷ ᠲᠠᠭᠠᠨ | ᠳᠠᠩᠰᠠᠯᠠᠭᠤᠯᠤᠭᠰᠠᠨ ᠤ ᠳᠠᠷᠠᠭ᠎ᠠ ᠡᠵᠡᠩᠨᠡᠯᠲᠡ ᠶᠢᠨ ᠣᠷᠣᠯᠭ᠎ᠠ ᠣᠯᠬᠤ ᠶᠢᠨ ᠬᠠᠮᠲᠤ ᠲᠣᠭᠲᠠᠭᠠᠯ ᠶᠣᠰᠣᠭᠠᠷ | ᠭᠠᠶᠢᠯᠢ ᠪᠠᠨ ᠲᠤᠰᠢᠶᠠᠪᠠᠯ᠂ ᠭᠡᠷ᠎ᠡ ᠲᠣᠭᠲᠠᠭᠰᠠᠨ ᠮᠥᠩᠭᠦᠨ ᠤ ᠲᠤᠭ᠎ᠠ ᠨᠢ 500 - 2000 ᠲᠦᠮᠡᠨ ᠲᠥᠭᠦᠷᠢᠭ | ︵ᠪᠠᠭᠲᠠᠬᠤ ᠦᠭᠡᠢ︶᠂ 2000 - 5000 ᠲᠦᠮᠡᠨ ᠲᠥᠭᠦᠷᠢᠭ ︵ᠪᠠᠭᠲᠠᠬᠤ ᠦᠭᠡᠢ︶᠂ 5000 - | 10000 ᠲᠦᠮᠡᠨ ᠲᠥᠭᠦᠷᠢᠭ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠠᠵᠤ ᠠᠬᠤᠶᠢᠯᠠᠯ ᠳᠤ ᠲᠣᠰ ᠲᠣᠰ | 20 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠪᠡᠯᠡ ᠮᠥᠩᠭᠦᠨ ᠤ | ᠱᠠᠩᠨᠠᠯ ᠣᠯᠭᠤᠵᠤ᠂ ᠵᠢᠭᠡᠯᠡᠯᠭᠡ ᠶᠢᠨ ᠬᠦᠦ ᠮᠥᠩᠭᠦ᠂ ᠠᠯᠪᠠᠨ ᠠᠵᠢᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ | ᠲᠠᠯᠠᠪᠤᠷ ᠭᠠᠵᠠᠷ ᠲᠦᠷᠢᠶᠡᠰᠦᠯᠡᠬᠦ ᠵᠡᠷᠭᠡ ᠳᠤ ᠬᠡᠷᠡᠭᠯᠡᠵᠦ ᠪᠣᠯᠣᠨ᠎ᠠ᠃ ᠭᠡᠷ᠎ᠡ ᠲᠣᠭᠲᠠᠭᠰᠠᠨ ᠮᠥᠩᠭᠦᠨ ᠤ ᠲᠤᠭ᠎ᠠ ᠨᠢ | ᠣᠨᠴᠣᠭᠤᠢ ᠶᠡᠭᠡ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢᠶᠠᠷ ᠲᠣᠪᠤᠶᠢᠮ᠎ᠠ ᠴᠢᠬᠤᠯᠠ ᠶᠡᠭᠡ ᠲᠥᠷᠥᠯ | ᠵᠦᠢᠯ ᠳᠤ ︽ᠨᠢᠭᠡ ᠶᠠᠪᠤᠳᠠᠯ ᠢ ᠨᠢᠭᠡ ᠵᠥᠪᠯᠡᠬᠦ ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ | [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠡᠷᠡᠭᠵᠢᠭᠦᠯᠬᠦ ᠭᠤᠣᠯ | ᠴᠣᠭᠴᠠ᠄ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ] | ᠬᠤᠶᠠᠷ᠂ ᠳᠦᠷᠢᠮ ᠲᠣᠭᠲᠠᠭᠠᠯ ᠢ ᠳᠡᠰ ᠳᠡᠪᠰᠢᠭᠦᠯᠦᠨ ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠬᠡᠯ | ᠳᠤ ᠣᠷᠣᠭᠤᠯᠬᠤ ᠶᠢ ᠵᠣᠷᠢᠭᠵᠢᠭᠤᠯᠤᠨ᠎ᠠ 2. ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ | ᠬᠡᠪᠴᠢᠶᠡᠵᠢᠯ ᠠᠴᠠ ᠳᠡᠭᠡᠭᠰᠢᠬᠢ ᠪᠠᠷᠢᠮᠵᠢᠶᠠᠨ ᠳᠤ ᠬᠦᠷᠦᠭᠦᠯᠬᠦ ᠶᠢᠨ ᠬᠠᠮᠲᠤ ᠬᠡᠪᠴᠢᠶᠡᠵᠢᠭᠰᠡᠨ ᠠᠵᠤ ᠠᠬᠤᠶᠢᠯᠠᠯ ᠤᠨ | ᠪᠦᠷᠢᠳᠬᠡᠯ ᠳᠤ ᠣᠷᠣᠭᠤᠯᠬᠤ ᠶᠢ ᠪᠡᠶᠡᠯᠡᠭᠦᠯᠵᠦ᠂ 1 ᠵᠢᠯ ᠠᠴᠠ ᠳᠡᠭᠡᠭᠰᠢ ᠲᠣᠭᠲᠠᠭᠤᠨ ᠢᠶᠠᠷ ᠡᠵᠡᠩᠨᠡᠭᠰᠡᠨ | ᠮᠥᠷᠲᠡᠭᠡᠨ ᠡᠵᠡᠩᠨᠡᠯᠲᠡ ᠶᠢᠨ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡᠯ᠂ 50 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ | [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ | ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠡᠷᠡᠭᠵᠢᠭᠦᠯᠬᠦ ᠭᠤᠣᠯ ᠴᠣᠭᠴᠠ᠄ ᠬᠠᠮᠢᠶ᠎ᠠ ᠪᠦᠬᠦᠢ ᠬᠤᠰᠢᠭᠤ | ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ] | ᠭᠤᠷᠪᠠ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠨ᠎ᠡ | 3. ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠬᠡᠯ ᠳᠤ ᠣᠷᠣᠭᠤᠯᠤᠭᠰᠠᠨ ᠠᠵᠤ ᠠᠬᠤᠶᠢᠯᠠᠯ ᠤᠨ | ᠵᠢᠯ ᠤᠨ ᠡᠵᠡᠩᠨᠡᠯᠲᠡ ᠶᠢᠨ ᠣᠷᠣᠯᠭ᠎ᠠ ᠨᠢ 200 - 500 ᠲᠦᠮᠡᠨ ᠲᠥᠭᠦᠷᠢᠭ ︵ᠪᠠᠭᠲᠠᠬᠤ ᠦᠭᠡᠢ︶᠂ 500 - | 1000 ᠲᠦᠮᠡᠨ ᠲᠥᠭᠦᠷᠢᠭ ︵ᠪᠠᠭᠲᠠᠬᠤ ᠦᠭᠡᠢ︶᠂ 1000 - 2000 ᠲᠦᠮᠡᠨ ᠲᠥᠭᠦᠷᠢᠭ ︵ᠪᠠᠭᠲᠠᠬᠤ | ᠦᠭᠡᠢ︶᠂ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠬᠡᠪᠴᠢᠶᠡᠵᠢᠯ ᠠᠴᠠ ᠳᠡᠭᠡᠭᠰᠢᠬᠢ | ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠠᠬᠤᠶᠢᠯᠠᠯ᠂ ᠠᠵᠤ ᠠᠬᠤᠶᠢᠯᠠᠯ ᠤᠨ ᠵᠢᠯ ᠤᠨ | ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ ᠪᠥᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ | ᠳᠤᠮᠳᠠᠴᠢ ᠨᠡᠮᠡᠭᠳᠡᠯ ᠤᠨ ᠬᠤᠷᠳᠤᠴᠠ ᠠᠴᠠ ᠳᠠᠪᠠᠭᠰᠠᠨ ᠪᠠᠶᠢᠪᠠᠯ᠂ ᠲᠣᠰ ᠲᠣᠰ 5 ᠲᠦᠮᠡᠨ ᠲᠥᠭᠦᠷᠢᠭ᠂ 10 | ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠠᠵᠤ | ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ ᠪᠥᠬᠦ ᠠᠶᠢᠮᠠᠭ ᠤᠨ | ᠦᠢᠯᠡᠴᠢᠯᠡᠭᠡᠨ ᠤ ᠦᠢᠯᠡᠰ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢᠨ ᠠᠴᠠ 50% ᠪᠠᠷ ᠳᠠᠪᠠᠭᠰᠠᠨ ᠪᠠᠶᠢᠪᠠᠯ᠂ | ᠲᠣᠰ ᠲᠣᠰ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ | [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ | ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠡᠷᠡᠭᠵᠢᠭᠦᠯᠬᠦ ᠭᠤᠣᠯ ᠴᠣᠭᠴᠠ᠄ ᠬᠠᠮᠢᠶ᠎ᠠ ᠪᠦᠬᠦᠢ ᠬᠤᠰᠢᠭᠤ | ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ] | ᠳᠥᠷᠪᠡ᠂ ᠳᠡᠮᠵᠢᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ | 4. ᠱᠠᠩᠨᠠᠯ ᠤᠨ ᠪᠡᠯᠡ ᠮᠥᠩᠭᠦ ᠶᠢ ︽ᠰᠢᠯᠢ ᠶᠢᠨ ᠭᠤᠣᠯ ᠠᠶᠢᠮᠠᠭ ᠤᠨ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠬᠦᠷᠢᠶᠡᠨ ᠳᠠᠬᠢ ᠠᠶᠢᠮᠠᠭ ᠤᠨ ᠲᠣᠰ ᠱᠠᠲᠤ ᠪᠣᠯᠣᠨ ᠬᠤᠰᠢᠭᠤ ᠰᠢᠶᠠᠨ ᠬᠤᠲᠠ ︵ᠣᠷᠣᠨ︶ ᠶᠢᠨ | ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢᠶᠠᠷ ᠯᠠᠪᠯᠠᠯᠲᠠ ᠪᠣᠯᠭᠠᠵᠤ᠂ ᠲᠠᠰ ᠬᠤᠪᠢᠶᠠᠨ | ᠡᠭᠦᠷᠭᠡᠯᠡᠬᠦ ᠠᠷᠭ᠎ᠠ ᠶᠢ ᠨᠢᠭᠡᠳᠦᠯᠲᠡᠢ ᠬᠡᠷᠡᠭᠵᠢᠭᠦᠯᠵᠦ᠂ ᠠᠶᠢᠮᠠᠭ ᠤᠨ ᠲᠣᠰ ᠱᠠᠲᠤᠨ ᠤ ᠪᠡᠯᠡ ᠮᠥᠩᠭᠦᠨ ᠤ | ᠲᠥᠰᠥᠪ ᠲᠤ ᠲᠣᠬᠢᠷᠠᠭᠤᠯᠤᠭᠰᠠᠨ ᠠᠶᠢᠮᠠᠭ ᠤᠨ ᠱᠠᠲᠤᠨ ᠤ ᠦᠢᠯᠡᠴᠢᠯᠡᠭᠡᠨ ᠤ ᠦᠢᠯᠡᠰ ᠤᠨ ᠬᠥᠲᠥᠯᠥᠨ | ᠵᠢᠯᠤᠭᠤᠳᠬᠤ ᠪᠡᠯᠡ ᠮᠥᠩᠭᠦᠨ ᠤ ᠳᠣᠲᠣᠷ᠎ᠠ ᠠᠴᠠ ᠲᠣᠬᠢᠷᠠᠭᠤᠯᠤᠨ᠎ᠠ᠃ ᠠᠵᠤ ᠠᠬᠤᠶᠢᠯᠠᠯ ᠳᠠᠩᠰᠠᠯᠠᠭᠤᠯᠤᠭᠰᠠᠨ᠂ | ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠬᠡᠯ ᠳᠤ ᠣᠷᠣᠭᠤᠯᠤᠭᠰᠠᠨ ᠡᠳᠦᠷ ᠠᠴᠠ ᠡᠬᠢᠯᠡᠨ 1 ᠵᠢᠯ ︵12 | ᠰᠠᠷ᠎ᠠ︶ ᠠᠴᠠ ᠳᠡᠭᠡᠭᠰᠢ᠂ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠶᠢᠨ ᠭᠤᠶᠤᠴᠢᠯᠠᠯ ᠢᠶᠠᠷ | ᠳᠠᠮᠵᠢᠨ᠂ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠭᠰᠡᠨ᠂ ᠡᠵᠡᠩᠨᠡᠯᠲᠡ ᠶᠢᠨ ᠣᠷᠣᠯᠭ᠎ᠠ᠂ ᠭᠠᠶᠢᠯᠢ ᠪᠠᠨ | ᠲᠤᠰᠢᠶᠠᠭᠰᠠᠨ ᠵᠡᠷᠭᠡ ᠡᠵᠡᠩᠨᠡᠯᠲᠡ ᠶᠢᠨ ᠠᠮᠵᠢᠯᠲᠠ ᠪᠦᠲᠦᠮᠵᠢ ᠶᠢᠨ ᠪᠠᠶᠢᠳᠠᠯ ᠢ ᠦᠨᠳᠦᠰᠦᠯᠡᠨ᠂ ᠠᠶᠢᠮᠠᠭ ᠤᠨ | ᠱᠠᠲᠤᠨ ᠤ ᠡᠳ᠋ ᠤᠨ ᠵᠠᠰᠠᠭ ᠠᠴᠠ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠳᠤ ᠱᠠᠩᠨᠠᠯ ᠤᠨ ᠪᠡᠯᠡ | ᠮᠥᠩᠭᠦ ᠶᠢ ᠪᠣᠳᠠᠲᠠᠶᠢᠵᠢᠭᠤᠯᠵᠤ᠂ ᠡᠯ᠎ᠡ ᠭᠠᠵᠠᠷ ᠣᠷᠣᠨ ᠨᠤᠭᠤᠳ ᠪᠣᠳᠠᠲᠠᠢ ᠱᠠᠩᠨᠠᠬᠤ ᠠᠷᠭ᠎ᠠ ᠲᠣᠭᠲᠠᠭᠠᠬᠤ ᠶᠢ | ᠬᠠᠷᠢᠭᠤᠴᠠᠨ᠂ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠢ ᠵᠣᠭᠤᠰ ᠢ ᠲᠤᠰᠬᠠᠢ | ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ | 5᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠨᠲᠡ ᠲᠣᠭᠲᠠᠭᠠᠭᠰᠠᠨ ᠡᠯ᠎ᠡ ᠵᠦᠢᠯ ᠤᠨ ᠭᠠᠶᠢᠯᠢ | ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠢᠮᠠᠭ ᠤᠨ | ᠳᠣᠲᠣᠷ᠎ᠠ ᠳᠠᠩᠰᠠᠯᠠᠭᠤᠯᠤᠭᠰᠠᠨ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠢ ᠳᠡᠮᠵᠢᠵᠦ᠂ ᠠᠳᠠᠯᠢ ᠨᠥᠬᠦᠴᠡᠯ ᠤᠨ ᠳᠣᠣᠷ᠎ᠠ ᠪᠠᠷᠠᠭᠤᠨ ᠣᠷᠣᠨ ᠢ | ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠢᠴᠢ ᠤᠯᠤᠰ᠂ ᠥᠪᠡᠷᠲᠡᠭᠡᠨ | ᠵᠠᠰᠠᠬᠤ ᠣᠷᠣᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠵᠡᠷᠭᠡ ᠶᠢᠨ ᠲᠤᠬᠠᠢ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠢᠳᠠᠪᠠᠷ | ᠬᠦᠷᠲᠡᠭᠡᠨ᠎ᠡ᠃ | 6᠂ ᠡᠯ᠎ᠡ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠭᠠᠵᠠᠷ | ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠵᠠᠷᠴᠢᠮ ᠳᠤ ᠨᠡᠶᠢᠴᠡᠭᠦᠯᠵᠦ᠂ ᠭᠠᠵᠠᠷ ᠰᠢᠷᠣᠢ ᠶᠢᠨ ᠴᠢᠬᠤᠯᠠ ᠬᠦᠴᠦᠨ | ᠵᠦᠢᠯ ᠨᠢ ᠲᠦᠷᠦᠯ ᠵᠦᠢᠯ ᠢᠶᠠᠨ ᠳᠠᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ | ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠤᠨ ᠲᠦᠷᠦᠯ ᠵᠦᠢᠯ ᠤᠨ ᠭᠠᠵᠠᠷ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠨᠢ ᠬᠢᠨᠠᠨ ᠪᠠᠶᠢᠴᠠᠭᠠᠬᠤ ᠮᠠᠲ᠋ᠧᠷᠢᠶᠠᠯ ᠢᠶᠠᠨ ᠴᠣᠮᠬᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠰᠠᠨᠠᠯ ᠢ ᠨᠢᠭᠡᠳᠦᠯᠲᠡᠢ ᠲᠥᠯᠥᠪᠵᠢᠭᠦᠯᠦᠨ ᠬᠤᠷᠢᠶᠠᠵᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠤᠨ | ᠂ ᠲᠥᠷᠥᠯ ᠵᠦᠢᠯ ᠤᠨ ᠭᠠᠵᠠᠷ ᠰᠣᠩᠭᠤᠬᠤ ᠣᠨᠣᠪᠴᠢ ᠶᠢᠨ ᠬᠡᠮᠵᠢᠶ᠎ᠡ ᠪᠠ ᠰᠢᠨᠵᠢᠯᠡᠬᠦ ᠤᠬᠠᠭᠠᠨᠴᠢ ᠴᠢᠨᠠᠷ ᠢ ᠦᠨᠡᠨᠬᠦ | ᠳᠡᠭᠡᠭᠰᠢᠯᠡᠭᠦᠯᠦᠨ᠎ᠡ᠃ | 7. ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ | ᠴᠢᠨᠠᠷᠲᠠᠢ ᠠᠵᠢᠯ ᠲᠥᠷᠥᠯ ᠤᠨ ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠵᠤ᠂ ᠭᠡᠰᠢᠭᠦᠨ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ | ᠠᠪᠬᠤ ᠲᠠᠪᠴᠠᠩ ᠢ ᠳᠡᠮᠵᠢᠵᠦ᠂ ᠠᠳᠠᠯᠢ ᠨᠥᠬᠦᠴᠡᠯ ᠤᠨ ᠳᠣᠣᠷ᠎ᠠ ᠭᠡᠰᠢᠭᠦᠨ ᠠᠵᠤ ᠠᠬᠤᠶᠢᠯᠠᠯ ᠤᠨ | ᠦᠢᠯᠡᠳᠪᠦᠷᠢᠯᠡᠭᠰᠡᠨ ᠦᠢᠯᠡᠳᠬᠦᠨ ᠪᠠ ᠦᠢᠯᠡᠴᠢᠯᠡᠭᠡ ᠶᠢ ᠤᠷᠢᠳᠠᠪᠠᠷ ᠬᠤᠳᠠᠯᠳᠤᠨ ᠠᠪᠤᠨ᠎ᠠ᠃ | [ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠂ ᠬᠡᠷᠡᠭᠵᠢᠭᠦᠯᠬᠦ ᠭᠤᠣᠯ ᠴᠣᠭᠴᠠ᠄ ᠬᠠᠮᠢᠶ᠎ᠠ | ᠪᠦᠬᠦᠢ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ ] | ᠲᠠᠪᠤ᠂ ᠳᠠᠭᠠᠯᠳᠤᠭᠤᠯᠤᠯ ᠳᠦᠷᠢᠮ ᠠᠶᠢᠮᠠᠭ ᠤᠨ ᠲᠣᠰ ᠱᠠᠲᠤᠨ ᠤ ᠨᠢᠭᠡᠨᠲᠡ ᠲᠣᠭᠲᠠᠭᠠᠭᠰᠠᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠨᠢ ᠲᠣᠰ ᠲᠥᠷᠥ ᠶᠢᠨ ᠪᠣᠳᠣᠯᠭ᠎ᠠ ᠲᠠᠢ ᠨᠢᠭᠡᠳᠦᠯ ᠦᠭᠡᠢ ᠪᠠᠶᠢᠪᠠᠯ᠂ ᠠᠳᠠᠯᠢ ᠨᠢᠭᠡᠨ ᠤᠴᠢᠷ | ᠶᠠᠪᠤᠳᠠᠯ ᠨᠢ ᠣᠯᠠᠨ ᠵᠦᠢᠯ ᠤᠨ ᠲᠤᠰᠠᠯᠠᠵᠤ ᠲᠡᠳᠬᠦᠬᠦ ᠲᠥᠷᠥ ᠶᠢᠨ ᠪᠣᠳᠣᠯᠭ᠎ᠠ ᠳᠤ ᠬᠤᠯᠪᠣᠭᠳᠠᠪᠠᠯ᠂ ᠬᠠᠮᠤᠭ | ᠥᠨᠳᠥᠷ ᠱᠠᠩᠨᠠᠯ ᠤᠨ ᠮᠥᠩᠭᠦ ᠶᠢ ᠨᠢ ᠣᠯᠭᠤᠵᠤ ᠳᠠᠪᠬᠤᠷᠳᠠᠭᠤᠯᠬᠤ ᠦᠭᠡᠢ ᠪᠠᠶᠢᠯᠭᠠᠨ᠎ᠠ᠃ ᠠᠵᠤ ᠠᠬᠤᠶᠢᠯᠠᠯ ᠤᠨ | ᠡᠵᠡᠩᠨᠡᠯᠲᠡ ᠶᠢᠨ ᠪᠠᠶᠢᠳᠠᠯ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠤᠯᠤᠰ ᠤᠨ ᠲᠤᠭ᠎ᠠ ᠪᠦᠷᠢᠳᠬᠡᠯ ᠤᠨ | ᠲᠠᠪᠴᠠᠩ ᠤᠨ ᠪᠠᠲᠤᠯᠠᠨ ᠲᠣᠭᠲᠠᠭᠠᠭᠰᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠬᠤ ᠶᠢᠨ | ᠬᠠᠮᠲᠤ ᠪᠦᠷᠢᠨ ᠲᠡᠭᠦᠯᠳᠡᠷ ᠲᠤᠭ᠎ᠠ ᠪᠦᠷᠢᠳᠬᠡᠯ ᠤᠨ ᠡᠬᠡ ᠲᠠᠩᠰᠠ ᠪᠠ ᠮᠠᠲ᠋ᠧᠷᠢᠶᠠᠯ ᠢᠶᠠᠷ ᠭᠡᠷᠡᠴᠢ ᠪᠣᠯᠭᠠᠬᠤ ᠬᠡᠷᠡᠭᠲᠡᠢ | ᠃ ᠲᠤᠬᠠᠢ ᠶᠢᠨ ᠵᠢᠯ ᠳᠤ ᠠᠶᠤᠯᠭᠦᠢ ᠶᠢᠨ ᠦᠢᠯᠡᠳᠪᠦᠷᠢᠯᠡᠯ᠂ ᠣᠷᠴᠢᠨ ᠲᠣᠭᠤᠷᠢᠨ ᠤ ᠪᠣᠬᠢᠷᠲᠤᠯ ᠵᠡᠷᠭᠡ ᠣᠨᠴᠠ | ᠶᠡᠭᠡ ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠤᠶᠤ ᠡᠯ᠎ᠡ ᠱᠠᠲᠤᠨ ᠤ ᠢᠲᠡᠭᠡᠮᠵᠢ ᠠᠯᠳᠠᠭᠰᠠᠨ ᠬᠠᠷ᠎ᠠ ᠲᠠᠩᠰᠠᠨ ᠳᠤ | ᠵᠢᠭᠰᠠᠭᠠᠭᠳᠠᠭᠰᠠᠨ ᠮᠥᠷᠲᠡᠭᠡᠨ ᠰᠡᠷᠭᠦᠭᠡᠳᠦᠢ ᠠᠵᠤ ᠠᠬᠤᠶᠢᠯᠠᠯ ᠳᠤ ᠲᠣᠰ ᠲᠥᠷᠥ ᠶᠢᠨ ᠪᠣᠳᠣᠯᠭ᠎ᠠ ᠶᠢ ᠬᠦᠷᠲᠡᠭᠡᠬᠦ | ᠦᠭᠡᠢ᠃ ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ | ᠬᠦᠴᠦᠨ ᠪᠦᠬᠦᠢ ᠬᠤᠭᠤᠴᠠᠭ᠎ᠠ ᠨᠢ 2 ᠵᠢᠯ ᠪᠣᠯᠣᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠬᠠᠮᠢᠶ᠎ᠠ ᠪᠦᠬᠦᠢ | ᠲᠣᠭᠲᠠᠭᠠᠯ ᠨᠡᠶᠢᠲᠡᠯᠡᠪᠡᠯ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃ ᠲᠣᠰ ᠠᠷᠭ᠎ᠠ ᠬᠡᠮᠵᠢᠶ᠎ᠡ ᠶᠢ | ᠠᠶᠢᠮᠠᠭ ᠤᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠠᠵᠢᠯ ᠤᠨ ᠳᠤᠭᠤᠶᠢᠯᠠᠩ ᠤᠨ ᠠᠯᠪᠠᠨ | ᠭᠡᠷ ︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ ᠠᠴᠠ ᠬᠠᠷᠢᠭᠤᠴᠠᠨ ᠲᠠᠶᠢᠯᠪᠤᠷᠢᠯᠠᠨ᠎ᠠ᠃ | | |