ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠬᠠᠯᠠᠭᠠᠶᠢᠲᠤ ᠲᠠᠷᠢᠶᠠᠯᠠᠩ ᠬᠦᠷᠢᠶᠡᠯᠡᠩ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/30

    7 ᠰᠠᠷ᠎ᠠ ᠶᠢᠨ 29 ᠤ ᠡᠳᠦᠷ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ

ᠢᠦᠢ ᠸᠠᠨ ᠬᠠᠢ ᠨᠥᠬᠦᠷ ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠢ ᠳᠤ ᠭᠦᠨᠵᠡᠭᠡᠶᠢᠷᠡᠨ 2024 ᠣᠨ ᠤ

ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ

ᠪᠠᠶᠢᠴᠠᠭᠠᠨ ᠰᠤᠳᠤᠯᠵᠤ ᠵᠢᠯᠣᠭᠤᠳᠪᠠ᠂ ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠷᠢᠭᠤᠴᠠᠭᠴᠢ ᠨᠠᠷ

ᠨᠠᠷᠢᠨ ᠲᠣᠳᠣᠷᠬᠠᠢ ᠮᠡᠳᠡᠭᠦᠯᠦᠯᠲᠡ ᠬᠢᠪᠡ᠃ 2024 ᠣᠨ ᠳᠤ ᠬᠠᠯᠠᠭᠠᠶᠢᠲᠤ ᠲᠠᠷᠢᠶᠠᠯᠠᠩ ᠤᠨ ᠶᠡᠷᠦᠩᠬᠡᠶᠢᠯᠡᠭᠰᠡᠨ

ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠡᠯᠡ ᠣᠷᠣᠭᠤᠯᠤᠯᠲᠠ 1620

ᠲᠦᠮᠡᠨ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ

ᠳᠡᠮᠵᠢᠯᠭᠡ 500 ᠲᠦᠮᠡᠨ ᠲᠥᠭᠦᠷᠢᠭ ᠲᠤ ᠬᠦᠷᠪᠡ᠃ ᠬᠤᠪᠢᠰᠬᠠᠯᠲᠤ ᠰᠣᠶᠣᠯ ᠤᠨ ᠵᠣᠷᠢᠭ ᠰᠠᠨᠠᠭ᠎ᠠ ᠪᠠᠷ ᠰᠠᠭᠤᠷᠢ

ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠬᠠᠷᠠᠯᠲᠠ ᠪᠣᠯᠭᠠᠵᠤ‌‍ᠬᠥ᠋ᠳᠡᠭᠡ ᠲᠣᠰᠬᠤᠨ ᠤ

ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ

ᠦᠵᠡᠭᠦᠯᠬᠦ ᠣᠷᠣᠨ᠂ ᠬᠤᠪᠢᠰᠬᠠᠯ ᠤᠨ ᠰᠣᠶᠣᠯ ᠤᠨ ᠪᠡᠶᠡᠴᠢᠯᠡᠨ ᠣᠶᠢᠯᠠᠭᠠᠬᠤ ᠣᠷᠣᠨ᠂ ᠴᠢᠨᠠᠷ ᠰᠠᠶᠢᠲᠠᠢ ᠦᠷ᠎ᠡ ᠶᠢᠨ

ᠮᠠᠯ ᠤᠨ ᠭᠠᠷᠤᠯᠲᠠ ᠶᠢᠨ ᠣᠷᠣᠨ ᠢ ᠨᠢᠭᠡ ᠴᠣᠭᠴᠠᠵᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ

ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃

    ᠪᠠᠶᠢᠴᠠᠭᠠᠨ ᠰᠤᠳᠤᠯᠤᠯᠲᠠ ᠶᠢ ᠭᠤᠣᠯᠳᠠᠭᠤ ᠲᠥᠷᠥᠯ ᠵᠦᠢᠯ ᠤᠨ ᠭᠠᠵᠠᠷ ᠰᠣᠩᠭᠤᠬᠤ᠂ ᠪᠦᠲᠦᠭᠡᠨ ᠪᠠᠶᠢᠭᠤᠯᠬᠤ

ᠠᠭᠤᠯᠭ᠎ᠠ᠂ ᠳᠠᠭᠠᠭᠠᠴᠢᠯᠠᠯᠲᠠ ᠵᠠᠷᠯᠠᠬᠤ ᠲᠠᠰ ᠳᠠᠷᠠᠭᠠᠯᠠᠯ᠂ ᠪᠡᠯᠡ ᠮᠥᠩᠭᠦ ᠶᠢᠨ ᠬᠠᠮᠢᠶᠠᠷᠤᠯᠲᠠ᠂ ᠦᠷ᠎ᠡ ᠠᠰᠢᠭ ᠤᠨ

ᠬᠤᠪᠢᠶᠠᠷᠢᠯᠠᠯᠲᠠ ᠵᠡᠷᠭᠡ ᠲᠠᠯ᠎ᠠ ᠪᠠᠷ ᠥᠷᠨᠢᠭᠦᠯᠦᠨ᠎ᠡ᠃ ᠪᠠᠶᠢᠴᠠᠭᠠᠨ ᠰᠤᠳᠤᠯᠤᠯᠲᠠ ᠶᠢᠨ ᠳᠤᠮᠳᠠ ᠡᠳ᠋ ᠤᠨ ᠵᠠᠰᠠᠭ ᠤᠨ

ᠲᠣᠪᠴᠢᠶᠠᠨ ᠤ ᠳᠠᠷᠤᠭ᠎ᠠ ᠢᠦᠢ ᠸᠠᠨ ᠬᠠᠢ ᠨᠥᠬᠦᠷ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠳᠤ ᠳᠠᠭᠠᠭᠠᠴᠢᠯᠠᠯᠲᠠ ᠵᠠᠷᠯᠠᠬᠤ ᠲᠠᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ᠰᠢᠨ᠎ᠡ ᠶᠢ ᠡᠭᠦᠳᠬᠦ

ᠣᠶᠢᠯᠠᠭᠠᠭᠳᠠᠬᠤᠨ ᠢ ᠲᠣᠪᠤᠶᠢᠯᠭᠠᠨ᠂ ᠣᠨᠴᠠᠯᠢᠭᠲᠤ ᠵᠢᠭᠤᠯᠴᠢᠯᠠᠯ ᠤᠨ ᠦᠢᠯᠡᠰ᠂ ᠰᠣᠳᠣᠨ ᠲᠠᠷᠢᠶᠠᠯᠠᠩ ᠮᠠᠯ ᠠᠵᠤ

ᠠᠬᠤᠢ ᠶᠢ ᠪᠣᠶ ᠪᠣᠯᠭᠠᠬᠤ ᠬᠡᠷᠡᠭᠲᠡᠢ᠃ ᠲᠣᠰ ᠵᠢᠯ ᠤᠨ ᠲᠥᠷᠥᠯ ᠵᠦᠢᠯ ᠤᠨ ᠴᠢᠨᠠᠷ ᠰᠠᠶᠢᠲᠠᠢ ᠪᠡᠶᠡᠯᠡᠭᠳᠡᠬᠦ ᠶᠢ ᠦᠨᠡᠨ

ᠬᠦ ᠪᠠᠲᠤᠯᠠᠬᠤ ᠶᠢᠨ ᠬᠠᠮᠲᠤ᠂ ᠲᠠᠷᠠᠭᠠᠴᠢ ᠶᠢᠨ ᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠲᠡᠬᠡᠨ

ᠲᠥᠯᠥᠪᠯᠡᠵᠦ᠂ ᠲᠠᠷᠠᠭᠠᠴᠢ ᠶᠢᠨ ᠵᠢᠯ ᠤᠨ ᠳᠡᠭᠡᠳᠦ ᠱᠠᠲᠤᠨ ᠤ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠴᠢᠷᠮᠠᠶᠢᠨ

ᠣᠯᠬᠤ ᠪᠠᠷ ᠴᠢᠷᠮᠠᠶᠢᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号