ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠤᠳᠤᠷᠢᠳᠤᠯᠭ᠎ᠠ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠲᠣᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/30

    ᠵᠢᠭᠠᠰᠤ ᠤᠰᠤᠨ ᠤ ᠵᠤᠵᠠᠭᠠᠨ ᠬᠠᠶᠢᠷ᠎ᠠ᠂ ᠴᠡᠷᠢᠭ ᠠᠷᠠᠳ ᠨᠢᠭᠡ ᠭᠡᠷ  ᠤᠨ ᠬᠥᠮᠥᠰ᠃ ︽8 · 1︾ ᠤ ᠴᠡᠷᠢᠭ

ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ

ᠠᠵᠢᠯᠯᠠᠬᠤ ᠬᠤᠷᠢᠶ᠎ᠠ ᠶᠢᠨ ᠱᠦᠵᠢ ᠴᠢᠶᠣᠤ ᠵᠢᠶᠠᠨ ᠴᠢᠶᠠᠩ᠂ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂

ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ᠂ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂

ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠠᠩ ᠰᠢᠤᠸᠠᠢ ᠯᠢᠨ ᠲᠣᠰ ᠲᠣᠰ 93277 ᠴᠡᠷᠢᠭ ᠠᠩᠭᠢ ᠶᠢᠨ

77 ᠬᠤᠪᠢᠶᠠᠷᠢ ᠠᠩᠭᠢ᠂ ᠵᠡᠪᠰᠡᠭᠲᠦ ᠴᠠᠭᠳᠠᠭ᠎ᠠ ᠶᠢᠨ ᠤᠯᠠᠭᠠᠢ ᠳᠤᠮᠳᠠ ᠠᠩᠭᠢ ᠵᠢᠴᠢ 32107 ᠴᠡᠷᠢᠭ

ᠠᠩᠭᠢ ᠶᠢᠨ 41 ᠬᠤᠪᠢᠶᠠᠷᠢ ᠠᠩᠭᠢ ᠳᠤ ᠬᠦᠷᠴᠦ᠂ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠳᠠᠷᠤᠭ᠎ᠠ

ᠪᠠᠶᠢᠯᠳᠤᠭᠴᠢᠳ ᠤᠨ ᠪᠠᠶᠠᠷ ᠤᠨ ᠡᠳᠦᠷ ᠤᠨ ᠵᠥᠩᠨᠡᠯ ᠪᠠ ᠬᠠᠯᠠᠮᠵᠢᠯᠠᠯ ᠢ ᠬᠦᠷᠭᠡᠪᠡ᠃

    93277 ᠴᠡᠷᠢᠭ ᠠᠩᠭᠢ ᠶᠢᠨ 77 ᠬᠤᠪᠢᠶᠠᠷᠢ ᠠᠩᠭᠢ ᠳᠤ᠂ ᠴᠢᠶᠣᠤ ᠵᠢᠶᠠᠨ ᠴᠢᠶᠠᠩ ᠳᠠᠷᠤᠭ᠎ᠠ

ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠳᠠᠷᠤᠭ᠎ᠠ ᠪᠠᠶᠢᠯᠳᠤᠭᠴᠢᠳ ᠤᠨ ᠡᠳᠦᠷ ᠲᠤᠲᠤᠮ ᠤᠨ ᠠᠵᠢᠯ

ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠴᠢᠶᠣᠤ ᠵᠢᠶᠠᠨ ᠴᠢᠶᠠᠩ᠂ ᠥᠷᠭᠡᠨ ᠤᠯᠠᠨ ᠳᠠᠷᠤᠭ᠎ᠠ

ᠪᠠᠶᠢᠯᠳᠤᠭᠴᠢᠳ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ

ᠪᠠᠳᠠᠷᠠᠭᠤᠯᠵᠤ᠂ ᠡᠷᠡᠯᠬᠡᠭ ᠪᠠᠭᠠᠲᠤᠷᠯᠢᠭ᠂ ᠠᠶᠤᠯ ᠲᠦᠭᠰᠢᠭᠦᠷᠢ ᠠᠴᠠ ᠠᠶᠤᠬᠤ ᠦᠭᠡᠢ ᠠᠵᠢᠯ ᠤᠨ ᠰᠤᠷᠲᠠᠯ ᠢᠶᠠᠨ

ᠢᠮᠠᠭᠲᠠ ᠪᠠᠷᠢᠮᠲᠠᠯᠠᠵᠤ᠂ ᠡᠳᠦᠷ ᠳᠤᠳᠤᠮ ᠤᠨ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠭᠠᠵᠠᠷ ᠣᠷᠣᠨ ᠤ

ᠠᠮᠤᠷ ᠲᠦᠪᠰᠢᠨ ᠢ ᠰᠠᠬᠢᠨ ᠬᠠᠮᠠᠭᠠᠯᠠᠬᠤ ᠬᠡᠷᠡᠭᠲᠡᠢ ᠭᠡᠵᠦ ᠢᠯᠡᠳᠬᠡᠪᠡ᠃ ᠬᠠᠮᠢᠶᠠᠷᠤᠯᠲᠠ ᠶᠢᠨ ᠣᠷᠣᠨ ᠴᠡᠷᠢᠭ ᠠᠩᠭᠢ

ᠪᠠ ᠣᠷᠣᠨ ᠨᠤᠲᠤᠭ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠴᠡᠷᠢᠭ

ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠡᠶ᠎ᠡ

ᠵᠣᠬᠢᠴᠠᠯ ᠲᠠᠢ ᠲᠣᠭᠲᠠᠭᠤᠨ ᠴᠡᠷᠢᠭ ᠠᠷᠠᠳ ᠤᠨ ᠬᠠᠷᠢᠴᠠᠭ᠎ᠠ ᠶᠢ ᠴᠢᠷᠮᠠᠶᠢᠨ ᠪᠠᠶᠢᠭᠤᠯᠵᠤ᠂ ᠠᠭᠤᠰᠤᠯᠴᠠᠨ ᠬᠥᠭᠵᠢᠬᠦ

ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃

    ᠵᠡᠪᠰᠡᠭᠲᠦ ᠴᠠᠭᠳᠠᠭ᠎ᠠ ᠶᠢᠨ ᠤᠯᠠᠭᠠᠢ ᠳᠤᠮᠳᠠ ᠠᠩᠭᠢ ᠳᠤ᠂ ᠴᠠᠩ ᠱᠧᠩ ᠳᠠᠷᠤᠭ᠎ᠠ ᠪᠠᠶᠢᠯᠳᠤᠭᠴᠢᠳ ᠤᠨ

ᠪᠠᠶᠢᠷᠢ᠂ ᠰᠤᠷᠤᠯᠴᠠᠬᠤ ᠲᠠᠰᠤᠭ᠂ ᠨᠣᠮ ᠤᠨ ᠥᠷᠥᠭᠡ᠂ ᠵᠢᠵᠢᠭᠦᠷᠯᠡᠬᠦ ᠲᠠᠰᠤᠭ ᠵᠡᠷᠭᠡ ᠭᠠᠵᠠᠷ ᠢᠶᠠᠷ ᠲᠣᠭᠤᠷᠢᠨ

ᠦᠵᠡᠭᠰᠡᠨ ᠪᠥᠭᠡᠳ ᠳᠠᠷᠤᠭ᠎ᠠ ᠪᠠᠶᠢᠯᠳᠤᠭᠴᠢᠳ ᠤᠨ ᠠᠵᠢᠯ ᠠᠮᠢᠳᠤᠷᠠᠯ᠂ ᠡᠳᠦᠷ ᠲᠤᠲᠤᠮ ᠤᠨ ᠪᠣᠯᠪᠠᠰᠤᠷᠠᠯ ᠵᠢᠴᠢ

ᠴᠡᠷᠢᠭ ᠠᠩᠭᠢ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠴᠠᠩ ᠱᠧᠩ᠂ ᠬᠠᠮᠢᠶᠠᠷᠤᠯᠲᠠ ᠶᠢᠨ

ᠣᠷᠣᠨ ᠥᠩᠭᠡᠷᠡᠭᠰᠡᠨ ᠲᠠᠢ ᠪᠠᠨ ᠠᠳᠠᠯᠢ ᠪᠠᠷ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠶᠢᠨ ᠪᠦᠲᠦᠭᠡᠨ

ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠦᠲᠦᠭᠡᠨ ᠪᠠᠶᠢᠭᠤᠯᠤᠭᠰᠠᠨ ᠦᠷ᠎ᠡ

ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠥᠷᠭᠡᠨ ᠣᠯᠠᠨ ᠳᠠᠷᠤᠭ᠎ᠠ

ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠵᠢᠯ

ᠠᠮᠢᠳᠤᠷᠠᠯ ᠤᠨ ᠨᠠᠩ ᠰᠠᠶᠢᠨ ᠣᠷᠴᠢᠨ ᠲᠣᠭᠤᠷᠢᠨ ᠢ ᠪᠣᠶ ᠪᠣᠯᠭᠠᠨ᠎ᠠ ᠭᠡᠵᠦ ᠢᠯᠡᠳᠬᠡᠪᠡ᠃

    32107 ᠴᠡᠷᠢᠭ ᠠᠩᠭᠢ ᠶᠢᠨ 41 ᠬᠤᠪᠢᠶᠠᠷᠢ ᠠᠩᠭᠢ ᠳᠤ᠂ ᠴᠠᠩ ᠰᠢᠤᠸᠠᠢ ᠯᠢᠨ ᠳᠠᠷᠤᠭ᠎ᠠ

ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠣᠯᠪᠠᠰᠤᠷᠠᠯ ᠠᠮᠢᠳᠤᠷᠠᠯ ᠤᠨ ᠪᠠᠶᠢᠳᠠᠯ ᠢ ᠭᠦᠨᠵᠡᠭᠡᠢ

ᠣᠶᠢᠯᠠᠭᠠᠪᠠ᠃ ᠴᠠᠩ ᠰᠢᠤᠸᠠᠢ ᠯᠢᠨ ᠲᠡᠳᠡᠨ ᠤ ᠪᠠᠭ᠎ᠠ ᠭᠡᠷ ᠢᠶᠠᠨ ᠬᠠᠶᠠᠵᠤ ᠣᠯᠠᠨ ᠢ ᠬᠠᠷᠠᠭᠠᠯᠵᠠᠬᠤ᠂ ᠬᠢᠯᠢ ᠪᠠᠨ

ᠦᠨᠡᠨᠴᠢ ᠰᠢᠳᠤᠷᠭᠤ ᠪᠠᠷ ᠰᠠᠬᠢᠬᠤ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠲᠡᠷᠡ

ᠢᠯᠡᠷᠬᠡᠶᠢᠯᠡᠭᠰᠡᠨ ᠨᠢ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ

ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠪᠣᠯᠣᠨ

ᠨᠡᠶᠢᠭᠡᠮ ᠤᠨ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠂ ᠬᠠᠮᠢᠶᠠᠷᠤᠯᠲᠠ ᠶᠢᠨ

ᠣᠷᠣᠨ ᠦᠷᠭᠦᠯᠵᠢᠯᠡᠨ ᠴᠡᠷᠢᠭ ᠠᠩᠭᠢ ᠶᠢᠨ ᠪᠠᠲᠤ ᠴᠢᠩᠭ᠎ᠠ ᠲᠦᠰᠢᠭ ᠪᠣᠯᠵᠤ᠂ ᠦᠢᠯᠡᠴᠢᠯᠡᠭᠡ ᠪᠠᠲᠤᠯᠠᠭ᠎ᠠ ᠶᠢ

ᠰᠠᠶᠢᠲᠤᠷ ᠬᠢᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ

ᠭᠦᠨ ᠵᠤᠵᠠᠭᠠᠨ ᠨᠥᠬᠦᠷᠯᠡᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠦᠨ᠎ᠡ᠃

    ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠠᠷᠠᠳ ᠤᠨ ᠶᠠᠪᠤᠳᠠᠯ ᠤᠨ ᠲᠣᠪᠴᠢᠶ᠎ᠠ᠂

ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ

ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号