︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ᠢ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/7/30

    7 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ︵ᠳᠣᠷᠣᠭᠰᠢ ︽ᠳᠦᠷᠢᠮ︾ ᠭᠡᠵᠦ

ᠲᠣᠪᠴᠢᠯᠠᠨ᠎ᠠ︶ ᠤᠨ ᠬᠠᠮᠢᠶ᠎ᠠ ᠪᠦᠬᠦᠢ ᠲᠣᠭᠲᠠᠭᠠᠯ ᠢ ᠲᠥᠪᠯᠡᠷᠡᠭᠦᠯᠦᠨ ᠨᠡᠶᠢᠲᠡᠯᠡᠵᠦ᠂ ︽ᠳᠦᠷᠢᠮ︾ ᠢ ᠤᠬᠠᠭᠤᠯᠤᠨ

ᠲᠠᠶᠢᠯᠪᠤᠷᠢᠯᠠᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠵᠤ᠂ ᠪᠦᠭᠦ ᠨᠡᠶᠢᠭᠡᠮ ᠤᠨ ᠦᠨᠡᠨᠴᠢ

ᠢᠲᠡᠭᠡᠮᠵᠢ ᠶᠢᠨ ᠤᠬᠠᠮᠰᠠᠷ ᠪᠠ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠶᠢ ᠵᠣᠷᠢᠪᠠ᠃

    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ

ᠵᠥᠪᠯᠡᠯ ᠤᠨ ᠬᠠᠷᠢᠭᠤᠴᠠᠯᠭᠠᠲᠠᠨ ᠨᠥᠬᠦᠳ ᠶᠡᠷᠦᠩᠬᠡᠢ ᠳᠤᠨᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ᠂ ᠡᠳ᠋ ᠤᠨ ᠵᠠᠰᠠᠭ ᠠᠵᠤ

ᠠᠬᠤᠢ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂

ᠬᠠᠤᠯᠢ ᠴᠠᠭᠠᠵᠠ ᠶᠢᠨ ᠲᠢᠩᠬᠢᠮ ᠤᠨ ᠬᠠᠷᠢᠭᠤᠴᠠᠯᠭᠠᠲᠠᠨ ︽ᠳᠦᠷᠢᠮ︾ ᠤᠨ ᠭᠢᠯᠠᠰ ᠴᠡᠭ᠂ ︽ᠳᠦᠷᠢᠮ︾ ᠤᠨ

ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠪᠠ ᠢᠲᠡᠭᠡᠮᠵᠢ ᠶᠢᠨ ᠦᠢᠯᠡᠴᠢᠯᠡᠭᠡᠨ ᠤ ᠠᠵᠢᠯ

ᠲᠥᠷᠥᠯ ᠤᠨ ᠵᠢᠷᠤᠮᠵᠢᠯ ᠬᠢᠭᠡᠳ ᠬᠥᠭᠵᠢᠯᠲᠡ ᠶᠢᠨ ᠲᠤᠬᠠᠢ ᠲᠣᠭᠲᠠᠭᠠᠯ ᠵᠡᠷᠭᠡ ᠠᠭᠤᠯᠭ᠎ᠠ ᠶᠢᠨ ᠲᠤᠬᠠᠢ

ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ

ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃

    ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠤᠭᠰᠠᠨ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ

ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ

ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠡᠨᠴᠢ ᠢᠲᠡᠭᠡᠮᠵᠢ ᠶᠢᠨ

ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠪᠦᠭᠦ ᠲᠠᠯ᠎ᠠ ᠪᠠᠷ

ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠤᠯᠢ ᠲᠣᠭᠲᠠᠭᠠᠬᠤ ᠪᠠᠷ ᠳᠠᠮᠵᠢᠭᠤᠯᠤᠨ ᠮᠠᠨ ᠤ ᠣᠷᠣᠨ ᠤ

ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂

ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠠᠤᠯᠢ ᠪᠠᠷ ᠵᠠᠰᠠᠬᠤ

ᠪᠠᠲᠤᠯᠠᠭ᠎ᠠ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠳᠦᠷᠢᠮ︾ ᠢ 2024 ᠣᠨ ᠤ ᠭᠤᠣᠯᠳᠠᠯᠭ᠎ᠠ ᠲᠠᠢ ᠬᠠᠤᠯᠢ

ᠲᠣᠭᠲᠠᠭᠠᠬᠤ ᠲᠥᠷᠥᠯ ᠵᠦᠢᠯ ᠢᠶᠠᠷ ᠲᠣᠭᠲᠠᠭᠠᠪᠠ᠃ 7 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ

ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠠᠷᠪᠠᠨ ᠨᠢᠭᠡᠳᠦᠭᠡᠷ ᠬᠤᠷᠠᠯ ᠠᠴᠠ ᠲᠣᠰ ︽ᠳᠦᠷᠢᠮ︾ ᠢ ᠪᠠᠲᠤᠯᠠᠪᠠ᠃ ︽ᠳᠦᠷᠢᠮ︾ ᠨᠢ ᠨᠡᠶᠢᠲᠡ 8

ᠪᠦᠯᠦᠭ 51 ᠵᠦᠢᠯ ᠢᠶᠠᠷ ᠪᠦᠷᠢᠯᠳᠦᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ᠂ ᠨᠡᠶᠢᠭᠡᠮ ᠤᠨ

ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ

ᠢᠲᠡᠭᠡᠮᠵᠢ ᠪᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ

ᠬᠠᠮᠠᠭᠠᠯᠠᠬᠤ᠂ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠯ ᠬᠢᠭᠡᠳ ᠬᠥᠭᠵᠢᠯᠲᠡ᠂ ᠬᠠᠤᠯᠢ

ᠴᠠᠭᠠᠵᠠ ᠶᠢᠨ ᠬᠠᠷᠢᠭᠤᠴᠠᠯᠭ᠎ᠠ ᠵᠡᠷᠭᠡ ᠶᠢᠨ ᠲᠤᠬᠠᠢ ᠲᠣᠭᠲᠠᠭᠠᠯ ᠭᠠᠷᠭᠠᠵᠤ᠂2024 ᠣᠨ ᠤ 9 ᠰᠠᠷ᠎ᠠ ᠶᠢᠨ 1 ᠤ

ᠡᠳᠦᠷ ᠠᠴᠠ ᠡᠬᠢᠯᠡᠨ ᠬᠡᠷᠡᠭᠵᠢᠭᠦᠯᠦᠨ᠎ᠡ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号