7 ᠳ᠋ᠤᠭᠠᠷ ᠰᠠᠷ᠎ᠠ ᠶᠢᠨ 26 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤᠰᠤᠨ ᠤ ᠲᠥᠰᠥᠪ ᠤᠨ | ᠬᠠᠮᠢᠶᠠᠷᠤᠯᠲᠠ ᠶᠢᠨ 10 ᠲᠤᠷᠰᠢᠯᠲᠠ ᠶᠢᠨ ᠭᠠᠵᠠᠷ ᠣᠷᠣᠨ ᠢ ᠨᠡᠶᠢᠲᠡᠯᠡᠪᠡ᠂ ᠡᠭᠦᠨ ᠳᠤ ᠮᠤᠵᠢ ᠶᠢᠨ ᠬᠡᠪᠴᠢᠶᠡᠨ ᠤ | ᠲᠤᠷᠰᠢᠯᠲᠠ ᠶᠢᠨ ᠴᠡᠭ 1᠂ ᠬᠤᠲᠠ ᠶᠢᠨ ᠬᠡᠪᠴᠢᠶᠡᠨ ᠤ ᠲᠤᠷᠰᠢᠯᠲᠠ ᠶᠢᠨ ᠴᠡᠭ 6᠂ ᠰᠢᠶᠠᠨ ᠤ ᠬᠡᠪᠴᠢᠶᠡᠨ ᠤ | ᠲᠤᠷᠰᠢᠯᠲᠠ ᠶᠢᠨ ᠴᠡᠭ 2᠂ ᠰᠠᠪᠠ ᠭᠠᠵᠠᠷ ᠤᠨ ᠲᠤᠷᠰᠢᠯᠲᠠ ᠶᠢᠨ ᠴᠡᠭ 1 ᠪᠠᠶᠢᠵᠤ᠂ ᠮᠠᠨ ᠤ ᠣᠷᠣᠨ ᠤ ᠦᠬᠠᠢ | ᠬᠤᠲᠠ ᠨᠢ ᠬᠤᠲᠠ ᠶᠢᠨ ᠬᠡᠪᠴᠢᠶᠡᠨ ᠤ ᠲᠤᠷᠰᠢᠯᠲᠠ ᠶᠢᠨ ᠴᠡᠭ ᠢᠶᠠᠷ ᠰᠣᠩᠭᠤᠭᠳᠠᠪᠠ᠃ ︵ᠤᠰᠤᠨ ᠠᠰᠢᠭᠯᠠᠯᠲᠠ ᠶᠢᠨ | ᠲᠢᠩᠬᠢᠮ᠂ ᠦᠬᠠᠢ ᠬᠤᠳᠠ ᠶᠢᠨ ᠵᠠᠰᠠᠭ ᠤᠨ ᠣᠷᠳᠣᠨ︶ | 7 ᠳ᠋ᠤᠭᠠᠷ ᠰᠠᠷ᠎ᠠ ᠶᠢᠨ 28 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 200 ᠳ᠋ᠦᠩᠰᠢᠭᠤᠷ | ᠲᠥᠭᠦᠷᠢᠭ ᠤᠨ 50GWh ᠨᠠᠲᠷᠢ ᠢᠶᠤᠨᠲᠤ ᠴᠡᠨᠡᠭ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ | ᠬᠦᠷᠢᠶᠡᠯᠡᠩ ᠤᠨ ᠲᠦᠷᠦᠯ ᠵᠦᠢᠯ ᠪᠠᠷᠢᠯᠭ᠎ᠠ ᠡᠬᠢᠯᠡᠵᠦ ᠪᠦᠲᠦᠭᠡᠨ ᠪᠠᠶᠢᠭᠤᠯᠪᠠ᠃ ᠲᠥᠷᠥᠯ ᠵᠦᠢᠯ ᠨᠢ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ᠂ ᠪᠦᠬᠦᠨ ᠢᠶᠠᠷ ᠢᠶᠠᠨ | ᠦᠢᠯᠡᠳᠪᠦᠷᠢᠯᠡᠬᠦ ᠨᠥᠬᠦᠴᠡᠯ ᠳᠤ ᠬᠦᠷᠴᠦ ᠳᠡᠶᠢᠯᠬᠦ ᠳᠤ ᠬᠦᠷᠪᠡᠯ ᠵᠢᠯ ᠤᠨ ᠦᠢᠯᠡᠳᠬᠦᠨ ᠤ ᠥᠷᠲᠡᠭ ᠢ 500 | ᠳ᠋ᠦᠩᠰᠢᠭᠤᠷ ᠲᠥᠭᠦᠷᠢᠭ ᠪᠡᠶᠡᠯᠡᠭᠦᠯᠵᠦ ᠪᠣᠯᠬᠤ ᠪᠥᠭᠡᠳ 1500 ᠬᠥᠮᠥᠨ ᠠᠴᠠ ᠳᠡᠭᠡᠭᠰᠢᠬᠢ ᠬᠥᠮᠥᠨ ᠤ ᠠᠵᠢᠯ | ᠣᠯᠭᠤᠯᠲᠠ ᠶᠢ ᠳᠠᠶᠢᠴᠢᠯᠠᠬᠤ ᠪᠣᠯᠣᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶ | 7 ᠳ᠋ᠤᠭᠠᠷ ᠰᠠᠷ᠎ᠠ ᠶᠢᠨ 26 ᠤ ᠡᠳᠦᠷ᠂ ᠤᠯᠠᠭᠠᠨᠬᠠᠳᠠ ᠬᠤᠲᠠ ᠪᠡᠭᠡᠵᠢᠩ ᠤᠨ ᠰᠢᠨ ᠹᠠ ᠲᠠᠷᠢᠶᠠᠯᠠᠩ ᠣᠶ | ᠰᠢᠭᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠶᠡᠷᠦᠩᠬᠡᠢ ᠪᠡᠯᠡ ᠣᠷᠤᠭᠤᠯᠤᠯᠲᠠ ᠨᠢ 50 ᠳ᠋ᠦᠩᠰᠢᠭᠤᠷ | ᠲᠥᠭᠦᠷᠢᠭ ᠢ ᠪᠡᠶᠡᠯᠡᠭᠦᠯᠦᠭᠰᠡᠨ ᠤᠯᠠᠭᠠᠨᠬᠠᠳᠠ ᠬᠤᠲᠠ ᠶᠢᠨ ᠣᠲᠣ ᠦᠶ᠎ᠡ ᠶᠢᠨ ᠲᠠᠷᠢᠶᠠᠯᠠᠩ — ᠪᠢᠯᠢᠭᠲᠦ ᠳᠡᠯᠳᠡᠦ | ᠮᠦᠭᠦᠨ ᠤ ᠠᠵᠤ ᠦᠢᠯᠡᠰ ᠤᠨ ᠠᠭᠤᠰᠤᠯᠴᠠᠯ ᠤᠨ ᠲᠥᠷᠥᠯ ᠵᠦᠢᠯ ᠤᠨ ᠭᠡᠷ᠎ᠡ ᠶᠢ ᠲᠣᠭᠲᠠᠪᠠ᠃ ︵ᠤᠯᠠᠭᠠᠨᠬᠠᠳᠠ | ᠬᠤᠲᠠ ᠶᠢᠨ ᠵᠠᠰᠠᠭ ᠤᠨ ᠣᠷᠳᠣᠨ︶ |