ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/7/30

    7 ᠰᠠᠷ᠎ᠠ ᠶᠢᠨ 29 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ

ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ᠂ ᠬᠤᠷᠠᠯ 3 ᠡᠳᠦᠷ ᠶᠠᠪᠤᠭᠳᠠᠨ᠎ᠠ᠃

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠠᠩᠬᠠᠳᠤᠭᠠᠷ

ᠤᠳᠠᠭ᠎ᠠ ᠶᠢᠨ ᠪᠦᠭᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ‌ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠪᠦᠭᠦᠳᠡ ᠬᠤᠷᠠᠯ ᠳᠤ ᠠᠵᠢᠯ ᠢᠶᠠᠨ

ᠮᠡᠳᠡᠭᠦᠯᠦᠭᠰᠡᠨ ᠪᠥᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ

ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ

︵ᠶᠠᠷᠢᠯᠴᠠᠬᠤ ᠨᠣᠣᠷᠠᠭ︶︾ ᠤᠨ ᠲᠤᠬᠠᠢ ᠲᠣᠳᠣᠷᠬᠠᠶᠢᠯᠠᠯᠲᠠ ᠬᠢᠪᠡ᠃ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ

ᠸᠠᠩ ᠯᠢ ᠰᠢᠶᠠ ᠬᠤᠷᠠᠯ ᠳᠤ ᠣᠷᠣᠯᠴᠠᠵᠠᠢ᠃

     ᠡᠨᠡ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠡᠭᠦᠷᠭᠡ ᠪᠣᠯ᠄ ᠨᠠᠮ ᠤᠨ ᠬᠤᠷᠢᠳᠤᠭᠠᠷ ᠬᠤᠭᠤᠴᠠᠭᠠᠨ ᠤ

ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ

ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ ᠤᠨ ᠠᠵᠢᠯ ᠢ

ᠲᠣᠬᠢᠷᠠᠭᠤᠯᠤᠨ ᠪᠠᠶᠢᠷᠢᠯᠠᠭᠤᠯᠬᠤ ᠪᠣᠯᠣᠨ᠎ᠠ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号