ᠥᠪᠥᠷ ᠮᠣᠩᠭᠤᠯ ᠤᠨ ᠨᠢᠭᠡᠳᠦᠭᠡᠷ ᠠᠵᠤ ᠦᠢᠯᠡᠰ ᠤᠨ ︽ᠬᠠᠭᠠᠰ ᠵᠢᠯ ᠤᠨ ᠮᠡᠳᠡᠭᠦᠯᠦᠯᠲᠡ︾ ᠲᠣᠭᠲᠠᠭᠤᠨ | ᠪᠠᠲᠤᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ | ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 387 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ ᠪᠦᠭᠦ | ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 1.6 ᠬᠤᠪᠢ ᠥᠨᠳᠥᠷ ᠪᠣᠯᠵᠤ᠂ | GDP ᠳᠤ ᠡᠵᠡᠯᠡᠬᠦ ᠬᠤᠪᠢ ᠶᠢᠨ ᠵᠢᠩ ᠨᠢ 3.3% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ ᠵᠠᠭᠤᠨ ᠤ | ᠬᠠᠷᠢᠴᠠᠯ ᠢᠶᠠᠷ 0.2 ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ | ᠨᠣᠷᠮ᠎ᠠ ᠨᠢ 3.7% ᠳᠤ ᠭᠦᠷᠪᠡ᠃ | ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠠᠬᠢ ᠦᠷᠭᠦᠯᠵᠢᠯᠡᠨ ᠴᠢᠩᠭᠠᠷᠠᠭᠰᠠᠨ ᠲᠣᠭᠲᠠᠯ ᠬᠦᠴᠦᠨ᠂ ᠬᠥᠳᠡᠯᠭᠡᠬᠦ | ᠬᠦᠴᠦᠨ᠂ ᠠᠮᠢᠵᠢᠷᠠᠯ ᠤᠨ ᠬᠦᠴᠦᠨ ᠢ ᠲᠤᠭ᠎ᠠ ᠪᠠᠷᠢᠮᠲᠠ ᠭᠦᠢᠴᠡᠳ ᠢᠯᠡᠷᠡᠭᠦᠯᠪᠡ᠃ | ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠭᠰᠡᠨ ᠨᠢ ᠶᠠᠭᠤ ᠶᠢ ᠬᠠᠷᠠᠭᠤᠯᠵᠤ ᠪᠠᠶᠢᠬᠤ ᠪᠤᠶ︖ | ᠡᠨᠡ ᠬᠦ 5.1% ᠶᠢᠨ ᠨᠡᠮᠡᠭᠳᠡᠯ ᠨᠢ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ | ᠲᠠᠯᠪᠢᠵᠤ ᠥᠭᠭᠦᠭᠰᠡᠨ ᠢ ᠬᠠᠷᠠᠭᠤᠯᠵᠤ ᠪᠠᠶᠢᠨ᠎ᠠ᠃ ᠣᠷᠣᠨ ᠳᠠᠶᠠᠭᠠᠷ ᠢᠶᠠᠨ ᠲᠠᠷᠢᠮᠠᠯ ᠤᠨ ᠲᠠᠯᠠᠪᠠᠶ ᠪᠠᠨ | ᠲᠣᠭᠲᠠᠪᠤᠷᠢᠵᠢᠭᠤᠯᠬᠤ᠂ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ᠂ ᠦᠢᠯᠡᠴᠢᠯᠡᠭᠡ ᠪᠠᠨ ᠰᠢᠯᠢᠳᠡᠭᠵᠢᠭᠦᠯᠬᠦ᠂ | ᠲᠥᠷᠥ ᠶᠢᠨ ᠪᠣᠳᠣᠯᠭ᠎ᠠ ᠪᠠᠨ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ᠂ ᠠᠮᠤ ᠪᠤᠳᠠᠭᠠᠨ ᠤ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠰᠠᠶᠢᠨ ᠦᠷ᠎ᠡ᠂ ᠰᠠᠶᠢᠨ ᠮᠡᠷᠭᠡᠵᠢᠯ᠂ ᠰᠠᠶᠢᠨ ᠲᠠᠷᠢᠶ᠎ᠠ᠂ | ᠰᠠᠶᠢᠨ ᠮᠠᠰᠢᠨ᠂ ᠰᠠᠶᠢᠨ ᠳᠦᠷᠢᠮ︾ ᠢ ᠭᠦᠨᠵᠡᠭᠡᠢ ᠠᠭᠤᠰᠤᠯᠴᠠᠭᠤᠯᠤᠨ ᠬᠦᠴᠦᠯᠡᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠤᠪᠢᠰᠤᠯᠲᠠ ᠳᠤ ᠬᠠᠳᠠᠭᠠᠯᠠᠭᠳᠠᠵᠤ ᠪᠠᠶᠢᠭ᠎ᠠ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠡᠪᠡ᠃ | ᠡᠨᠡ ᠬᠦ 5.1% ᠶᠢᠨ ᠨᠡᠮᠡᠭᠳᠡᠯ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠤ ᠳᠤᠮᠳᠠ | ᠰᠠᠶᠢᠵᠢᠷᠠᠬᠤ ᠬᠠᠨᠳᠤᠰᠢ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ ᠡᠨᠡ ᠵᠢᠯ ᠠᠴᠠ ᠨᠠᠭᠠᠰᠢ᠂ ᠥᠪᠥᠷ ᠮᠣᠩᠭᠤᠯ | ᠡᠪᠡᠰᠦ ᠪᠣᠷᠳᠤᠭ᠎ᠠ ᠶᠢ ᠲᠣᠬᠢᠷᠠᠭᠤᠯᠤᠨ ᠲᠡᠭᠡᠭᠡᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠂ ᠰᠠᠭᠤᠷᠢ ᠡᠬᠡ ᠮᠠᠯ ᠪᠠ | ᠦᠷ᠎ᠡ ᠶᠢᠨ ᠮᠠᠯ ᠢ ᠰᠠᠶᠢᠲᠤᠷ ᠬᠠᠮᠠᠭᠠᠯᠠᠪᠠ᠃ ᠪᠦᠭᠦ ᠣᠷᠣᠨ ᠳᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ | ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ 17 ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠨᠤᠲᠤᠭ | ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ | ᠶᠡᠷᠦᠩᠬᠡᠢ ᠲᠤᠭ᠎ᠠ ᠶᠢ 5 ᠪᠤᠯᠭᠠᠵᠤ᠂ ᠲᠥᠬᠦᠭᠡᠷᠦᠮᠵᠢᠲᠦ ᠮᠠᠯ ᠠᠵᠤ ᠠᠬᠤᠢ᠂ ᠬᠠᠰᠢᠶᠠᠯᠠᠨ ᠲᠡᠵᠢᠭᠡᠵᠦ ᠠᠷᠠᠴᠢᠯᠠᠬᠤ | ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠡᠨᠡ ᠬᠦ 5.1% ᠶᠢᠨ ᠨᠡᠮᠡᠭᠳᠡᠯ ᠨᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠡᠷᠡᠰ ᠵᠣᠷᠢᠭ ᠢ | ᠬᠠᠷᠠᠭᠤᠯᠵᠤ ᠪᠠᠶᠢᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠤᠯᠪᠠᠰᠤᠷᠠᠭᠤᠯᠬᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ 167 ᠠᠵᠤ ᠦᠢᠯᠡᠰ ᠤᠨ ᠵᠢᠱᠢᠶ᠎ᠡ ᠦᠵᠡᠭᠦᠯᠭᠦ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 7 ᠵᠦᠢᠯ ᠤᠨ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢᠨ ᠲᠠᠰᠤᠷᠬᠠᠢ ᠴᠡᠭ ᠪᠠ ᠲᠦᠭᠵᠢᠷᠡᠯ ᠠᠰᠠᠭᠤᠳᠠᠯ ᠢ ᠲᠦᠷᠭᠡᠳᠬᠡᠨ ᠨᠥᠬᠦᠪᠦᠷᠢᠯᠡᠪᠡ᠃ | ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠡᠵᠡᠩᠨᠡᠨ | ᠪᠣᠷᠣᠯᠠᠭᠤᠯᠬᠤ ᠲᠥᠪ ᠢ 11 ᠪᠦᠲᠦᠭᠡᠨ ᠪᠠᠶᠢᠭᠤᠯᠬᠤ ᠶᠢ ᠠᠬᠢᠭᠤᠯᠵᠤ᠂ 18 ᠲᠥᠪᠯᠡᠷᠡᠩᠭᠦᠢ ᠬᠥᠮᠥᠷᠭᠡ᠂ ᠪᠡᠯᠡᠳᠬᠡᠯ | ᠬᠥᠮᠥᠷᠭᠡ ᠶᠢ ᠪᠠᠶᠢᠷᠢᠯᠠᠭᠤᠯᠤᠨ ᠡᠵᠡᠩᠨᠡᠵᠦ᠂ ︽ᠥᠪᠥᠷ ᠮᠣᠩᠭᠤᠯ ᠤᠨ ᠦᠨᠦᠷ ᠠᠮᠲᠠ︾ ᠶᠢ ᠪᠦᠭᠦ ᠤᠯᠤᠰ ᠲᠤ | ᠬᠠᠩᠬᠤᠯᠤᠭᠤᠯᠤᠭᠰᠠᠨ ᠪᠠᠶᠢᠨ᠎ᠠ᠃ | ᠠᠵᠤ ᠠᠬᠤᠢ ᠶᠢᠨ ᠬᠥᠭᠵᠢᠯᠲᠡ ᠶᠢ ᠠᠵᠢᠭᠯᠠᠬᠤ ᠳᠤ ︽ᠲᠤᠭ᠎ᠠ︾ ᠶᠢ ᠦᠵᠡᠬᠦ ᠪᠥᠭᠡᠳ ᠪᠠᠰᠠ ︽ᠢᠷᠡᠭᠡᠳᠦᠢ︾ | ᠶᠢ ᠦᠵᠡᠬᠦ ᠬᠡᠷᠡᠭᠲᠡᠢ᠃ ᠠᠮᠢᠵᠢᠷᠠᠯ ᠤᠨ ᠬᠦᠴᠦᠨ ᠢ ᠬᠥᠭᠵᠢᠭᠡᠬᠦ ᠭᠦᠢᠴᠡᠳᠬᠡᠯ ᠲᠤᠭ᠎ᠠ᠂ ᠬᠥᠬᠡᠷᠡᠨ ᠨᠣᠭᠤᠭᠠᠷᠠᠭᠰᠠᠨ | ᠲᠠᠷᠢᠶᠠᠨ ᠭᠠᠵᠠᠷ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠮᠠᠯᠵᠢᠯ ᠤᠨ ᠲᠠᠯᠠᠪᠠᠢ ᠨᠢ ᠥᠪᠥᠷ ᠮᠣᠩᠭᠤᠯ ᠤᠨ ᠮᠠᠯ | ᠠᠵᠤ ᠠᠬᠤᠢ ᠲᠠᠷᠢᠶᠠᠯᠠᠩ ᠤᠨ ᠲᠣᠭᠲᠠᠭᠤᠨ ᠤ ᠳᠤᠮᠳᠠ ᠰᠠᠶᠢᠵᠢᠷᠠᠬᠤ ᠠᠮᠢᠳᠤᠯᠢᠭ ᠵᠢᠷᠤᠭ ᠳᠦᠷᠰᠦ ᠶᠢ | ᠪᠦᠷᠢᠯᠳᠦᠭᠦᠯᠵᠡᠢ᠃ | ᠵᠤᠨ ᠤ ᠤᠯᠠᠷᠢᠯ ᠤᠨ ᠬᠠᠮᠢᠶᠠᠷᠤᠯᠲᠠ ᠶᠢᠨ ᠠᠵᠢᠯ ᠢᠳᠡ ᠭᠦᠭ ᠲᠠᠢ ᠶᠠᠪᠤᠭᠳᠠᠵᠤ᠂ ᠲᠦᠩᠯᠢᠶᠣᠣ ᠬᠤᠳᠠ ᠶᠢᠨ | ᠨᠠᠢᠮᠠᠨ ᠬᠤᠰᠢᠭᠤᠨ ᠤ ᠮᠢᠩ ᠷᠧᠨ ᠰᠤᠮᠤ ᠶᠢᠨ ᠲᠠᠷᠢᠶᠠᠨ ᠭᠠᠵᠠᠷ ᠲᠤ ᠲᠣᠮᠣ ᠭᠡᠯᠪᠡᠷᠢ ᠶᠢᠨ ᠲᠠᠷᠢᠶᠠᠯᠠᠩ ᠤᠨ ᠮᠠᠰᠢᠨ | ᠲᠠᠷᠢᠶᠠᠨ ᠳᠤᠮᠳᠠᠭᠤᠷ ᠨᠠᠭᠠᠰᠢ ᠴᠠᠭᠠᠰᠢ ᠰᠦᠯᠵᠢᠯᠳᠦᠨ ᠡᠪᠡᠰᠦ ᠠᠷᠢᠯᠭᠠᠵᠤ ᠶᠠᠭᠠᠷᠠᠨ᠎ᠠ᠃ ᠣᠳᠣᠬᠠᠨ ᠳᠤ᠂ ᠨᠠᠢᠮᠠᠨ | ᠬᠤᠰᠢᠭᠤᠨ ᠤ ᠲᠠᠷᠢᠶᠠᠯᠠᠩ ᠤᠨ ᠮᠠᠰᠢᠨ ᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 90.7% ᠳᠤ ᠬᠦᠷᠴᠦ᠂ | ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ 110 ᠳᠤ ᠬᠦᠷᠴᠦ᠂ ᠲᠠᠷᠢᠶᠠᠯᠠᠩ ᠤᠨ ᠦᠢᠯᠡᠳᠪᠦᠷᠢᠯᠡᠯ ᠤᠨ | ︽ᠠᠰᠠᠷᠠᠭᠴᠢ ᠮᠠᠶ᠋ᠢᠭ︾ ᠤᠨ ᠪᠦᠭᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ᠂ ︽ᠲᠣᠪᠶᠤᠭ ᠮᠠᠶ᠋ᠢᠭ︾ ᠤᠨ ᠣᠯᠠᠨ | ᠭᠤᠭᠴᠤᠭ᠎ᠠ ᠶᠢᠨ ᠨᠠᠶᠢᠳᠠᠨ ᠬᠠᠮᠢᠶᠠᠷᠤᠭᠤᠯᠬᠤ ᠪᠠ ︽ᠵᠠᠬᠢᠶᠠᠯᠠᠭ᠎ᠠ ᠶᠢᠨ ᠮᠠᠶ᠋ᠢᠭ︾ ᠤᠨ ᠳ᠋ᠠᠩ ᠭᠤᠭᠴᠤᠭ᠎ᠠ ᠶᠢᠨ | ᠨᠠᠶᠢᠳᠠᠨ ᠬᠠᠮᠢᠶᠠᠷᠤᠭᠤᠯᠬᠤ ᠵᠡᠷᠭᠡ ᠣᠯᠠᠨ ᠡᠰᠢᠵᠢᠭᠰᠡᠨ ᠦᠢᠯᠡᠴᠢᠯᠡᠭᠡ ᠨᠢ ᠲᠠᠷᠢᠶᠠᠯᠠᠩ ᠤᠨ ᠦᠢᠯᠡᠳᠪᠦᠷᠢᠯᠡᠯ ᠤᠨ | ᠭᠡᠪᠴᠢᠶᠡᠵᠢᠯᠲᠡ ᠪᠠ ᠣᠳᠣᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠃ | ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠩ ᠾᠧ ᠮᠠᠯ ᠠᠵᠤ ᠠᠬᠤᠢ ᠲᠠᠷᠢᠶᠠᠯᠠᠩ ᠤᠨ ᠲᠤᠰᠬᠠᠢ | ᠬᠤᠷᠰᠢᠶ᠎ᠡ ᠳᠤ᠂ ᠦᠬᠡᠷ ᠲᠡᠵᠢᠭᠡᠬᠦ ᠣᠳᠣᠬᠢᠴᠢᠯᠠᠭᠰᠠᠨ ᠫᠧᠩ ᠰᠠᠷᠠᠪᠴᠢ ᠨᠤᠭᠤᠳ ᠲᠡᠷᠢ ᠲᠡᠭᠰᠢ ᠵᠢᠭᠰᠠᠵᠤ᠂ | ᠪᠣᠷᠳᠤᠭ᠎ᠠ ᠢᠳᠡᠵᠦ ᠪᠠᠶᠢᠭ᠎ᠠ ᠰᠢᠮᠧᠨ᠋ᠳᠡᠷ ᠮᠢᠬᠠᠨ ᠤ ᠦᠬᠡᠷ ᠲᠠᠷᠭᠤ ᠬᠦᠴᠦ ᠰᠠᠶᠢᠲᠠᠢ ᠬᠠᠷᠠᠭᠳᠠᠨ᠂ ᠲᠡᠵᠢᠭᠡᠨ | ᠦᠷᠡᠵᠢᠭᠦᠯᠬᠦ ᠠᠵᠢᠯᠲᠠᠳ ᠤᠨ ᠨᠢᠮᠪᠠᠢ ᠲᠣᠬᠢᠷᠠᠭᠤᠯᠤᠭᠰᠠᠨ ︽ᠲᠡᠵᠢᠭᠡᠯ ᠰᠠᠶᠢᠲᠠᠢ ᠪᠣᠷᠳᠤᠭ᠎ᠠ︾ ᠨᠢ ᠮᠢᠬᠠᠨ ᠤ | ᠦᠬᠡᠷ ᠤᠨ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠪᠠᠰᠠ ᠥᠰᠦᠯᠲᠡ ᠶᠢᠨ | ᠬᠤᠷᠳᠤᠴᠠ ᠶᠢ ᠨᠢ ᠳᠡᠭᠡᠭᠰᠢᠯᠡᠭᠦᠯᠵᠦ ᠴᠢᠳᠠᠨ᠎ᠠ᠃ ᠮᠢᠬᠠᠨ ᠤ ᠦᠬᠡᠷ ᠲᠡᠵᠢᠭᠡᠨ ᠦᠷᠡᠵᠢᠭᠦᠯᠬᠦ ᠳᠤ ᠬᠠᠰᠢᠶᠠᠯᠠᠨ | ᠲᠡᠵᠢᠭᠡᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠨᠤᠲᠤᠭ ᠪᠡᠯᠴᠢᠭᠡᠷ ᠢ ᠬᠠᠮᠠᠭᠠᠯᠠᠵᠤ᠂ ᠠᠮᠢ ᠠᠬᠤᠢ ᠣᠷᠴᠢᠨ | ᠲᠣᠭᠤᠷᠢᠨ ᠢ ᠰᠠᠶᠢᠵᠢᠷᠠᠭᠤᠯᠬᠤ ᠳᠤ ᠠᠰᠢᠭᠲᠠᠢ ᠪᠥᠭᠡᠳ ᠮᠢᠬᠠᠨ ᠤ ᠦᠬᠡᠷ ᠤᠨ ᠦᠷᠡᠵᠢᠯᠲᠡ ᠶᠢᠨ ᠨᠣᠷᠮ᠎ᠠ᠂ | ᠪᠣᠷᠣᠯᠠᠭᠤᠯᠤᠯᠲᠠ ᠶᠢᠨ ᠨᠣᠷᠮ᠎ᠠ ᠶᠢ ᠳᠡᠭᠡᠭᠰᠢᠯᠡᠭᠦᠯᠭᠦ ᠳᠤ ᠠᠰᠢᠭᠲᠠᠢ ᠪᠠᠶᠢᠵᠤ᠂ ᠣᠯᠠᠨ ᠲᠠᠯ᠎ᠠ ᠪᠠᠷ ᠬᠠᠮᠲᠤ ᠪᠠᠷ ᠠᠰᠢᠭ | ᠭᠦᠷᠳᠡᠭᠦ ᠪᠣᠯᠪᠠ᠃ | ᠣᠶᠢᠷ᠎ᠠ ᠳᠤ᠂ ᠤᠯᠤᠰ ᠤᠨ ᠳᠣᠲᠣᠭᠠᠳᠤ ᠳᠤ ᠠᠩᠬ᠎ᠠ ᠡᠭᠦᠳᠦᠭᠰᠡᠨ ᠲᠥᠮᠥᠰᠥ ᠶᠢᠨ ᠲᠦᠭᠦᠬᠡᠢ ᠡᠭᠡᠳᠡᠩ ᠤᠨ | ᠮᠠᠨᠲᠠᠤ ᠶᠢ ᠤᠯᠠᠭᠠᠨᠴᠠᠪ ᠬᠤᠲᠠ ᠳᠤ ᠪᠠᠶᠢᠭ᠎ᠠ ᠥᠪᠥᠷ ᠮᠣᠩᠭᠤᠯ ᠤᠨ ᠰᠢ ᠰᠧᠨ ᠢᠳᠡᠭᠡᠨ ᠤ ᠬᠢᠵᠠᠭᠠᠷᠲᠤ | ᠺᠤᠮᠫᠠᠨᠢ ᠳᠤ ᠠᠮᠵᠢᠯᠲᠠ ᠲᠠᠢ ᠲᠤᠷᠰᠢᠨ ᠦᠢᠯᠡᠳᠪᠦᠷᠢᠯᠡᠪᠡ᠃ ᠣᠳᠣᠬᠠᠨ ᠳᠤ᠂ ᠤᠯᠠᠭᠠᠨᠴᠠᠪ ᠬᠤᠲᠠ ᠶᠢᠨ | ᠲᠥᠮᠥᠰᠥ ᠶᠢᠨ ᠠᠵᠤ ᠦᠢᠯᠡᠰ ᠢ ᠪᠣᠶᠢᠵᠢᠭᠤᠯᠬᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠦᠢᠯᠡᠳᠪᠦᠷᠢᠯᠡᠯ | ᠲᠠᠷᠢᠮᠠᠯ ᠡᠷᠴᠢᠮᠯᠢᠭ ᠥᠨᠳᠥᠷ ᠪᠦᠲᠦᠮᠵᠢᠲᠡᠶ ᠪᠣᠯᠵᠤ᠂ ᠡᠳ᠋ᠰᠢᠭᠦᠯᠵᠦ ᠪᠣᠷᠣᠯᠠᠭᠤᠯᠬᠤ ᠠᠵᠢᠯ ᠳᠡᠭᠡᠳᠦ ᠲᠠᠰ ᠵᠦᠭ | ᠬᠥᠭᠵᠢᠵᠦ᠂ ᠨᠢᠭᠡᠨᠲᠡ ᠪᠣᠶᠢᠵᠢᠭᠤᠯᠬᠤ᠂ ᠦᠷᠡᠵᠢᠭᠦᠯᠬᠦ᠂ ᠳᠠᠷᠢᠬᠤ᠂ ᠪᠤᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ | ᠴᠣᠭᠴᠠᠵᠢᠭᠤᠯᠤᠭᠰᠠᠨ ᠲᠥᠮᠥᠰᠥ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠦᠷᠢᠯᠳᠦᠭᠦᠯᠪᠡ᠃ | ᠲᠤᠭ᠎ᠠ ᠪᠠᠷᠢᠮᠲᠠ ᠪᠣᠯ ᠬᠥᠭᠵᠢᠯᠲᠡ ᠶᠢᠨ ᠦᠷ᠎ᠡ ᠪᠦᠲᠦᠮᠵᠢ ᠶᠢᠨ ᠬᠡᠮᠵᠢᠭᠦᠷ ᠮᠥᠨ᠂ ᠪᠠᠰᠠ ᠴᠤ | ᠬᠥᠭᠵᠢᠯᠲᠡ ᠶᠢᠨ ᠰᠡᠳᠬᠢᠴᠡ ᠶᠢ ᠲᠠᠶᠢᠯᠪᠤᠷᠢᠯᠠᠬᠤ ᠲᠦᠯᠬᠢᠭᠦᠷ ᠮᠥᠨ᠃ ᠳᠡᠭᠡᠷ᠎ᠡ ᠬᠠᠭᠠᠰ ᠵᠢᠯ ᠳᠤ᠂ ᠥᠪᠥᠷ | ᠮᠣᠩᠭᠤᠯ ᠤᠨ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 102.2 ᠲᠦᠮᠡᠨ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ︔ ᠦᠨᠢᠶᠡᠨ ᠰᠦ ᠶᠢᠨ ᠭᠠᠷᠤᠯᠲᠠ 2.6% ᠪᠠᠷ | ᠨᠡᠮᠡᠭᠳᠡᠪᠡ᠃ ᠬᠤᠶᠠᠳᠤᠭᠠᠷ ᠤᠯᠠᠷᠢᠯ ᠤᠨ ᠰᠡᠭᠦᠯᠴᠢ ᠪᠠᠷ᠂ ᠪᠦᠭᠦ ᠣᠷᠣᠨ ᠤ ᠭᠠᠭ᠋ᠠᠢ ᠶᠢᠨ ᠲᠤᠭ᠎ᠠ 641.3 | ᠲᠦᠮᠡ ᠳᠤ ᠬᠦᠷᠴᠦ᠂ 1.5% ᠪᠠᠷ ᠨᠡᠮᠡᠭᠳᠡᠪᠡ︔ ᠦᠬᠡᠷ ᠤᠨ ᠲᠤᠭ᠎ᠠ 971.2 ᠲᠦᠮᠡ ᠳᠤ ᠬᠦᠷᠴᠦ᠂ 6.3% | ᠨᠡᠮᠡᠭᠳᠡᠪᠡ︔ ᠬᠤᠨᠢ ᠶᠢᠨ ᠲᠤᠭ᠎ᠠ 6793.6 ᠲᠦᠮᠡ ᠳᠤ ᠬᠦᠷᠴᠦ᠂ 1.0% ᠨᠡᠮᠡᠭᠳᠡᠪᠡ᠃ | ᠬᠠᠭᠠᠰ ᠵᠢᠯ ᠤᠨ ᠠᠮᠵᠢᠯᠲᠠ ᠪᠦᠲᠦᠮᠵᠢ ᠭᠢᠯᠪᠠᠷ ᠪᠤᠰᠤ ᠪᠠᠷ ᠢᠷᠡᠭᠰᠡᠨ ᠶᠤᠮ᠃ ᠥᠪᠥᠷ ᠮᠣᠩᠭᠤᠯ ᠢᠮᠠᠭᠲᠠ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠥᠪᠥᠷ ᠮᠣᠩᠭᠤᠯ ᠤᠨ ︽ᠮᠠᠯ ᠠᠵᠤ ᠠᠬᠤᠢ | ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠶᠠᠪᠤᠳᠠᠯ | ᠪᠠ ᠨᠢᠭᠡᠳᠦᠭᠡᠷ ᠢᠨᠵᠧᠨᠧᠷᠢᠩ ᠪᠣᠯᠭᠠᠨ ᠠᠳᠬᠤᠵᠤ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ | ᠳᠡᠭᠡᠭᠰᠢᠯᠡᠭᠦᠯᠭᠦ᠂ ᠤᠨᠠᠯᠲᠠ ᠭᠠᠷᠤᠯᠲᠠ ᠶᠢ ᠨᠡᠮᠡᠭᠳᠡᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠦᠨ ᠣᠨᠢᠨ ᠳᠡᠭᠡᠷ᠎ᠡ ᠨᠢ | ᠬᠦᠴᠦᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠲᠠᠭᠤᠨ ᠳᠤ ᠬᠦᠴᠦᠲᠡᠢ | ᠲᠤᠯᠭᠠᠭᠤᠷᠢᠯᠠᠯ ᠬᠠᠩᠭᠠᠪᠠ᠃ | — ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠶᠢ ᠠᠬᠢᠭᠤᠯᠵᠤ᠂ ᠨᠠᠩ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠪᠡ᠃ ᠰᠦ ᠶᠢᠨ ᠦᠢᠯᠡᠰ᠂ ᠡᠷᠳᠡᠨᠢ ᠰᠢᠰᠢ᠂ ᠮᠢᠬᠠᠨ ᠤ ᠦᠬᠡᠷ᠂ ᠮᠢᠬᠠᠨ ᠤ ᠬᠤᠨᠢ᠂ ᠢᠮᠠᠭᠠᠨ | ᠨᠣᠣᠯᠣᠭᠤᠷ᠂ ᠲᠥᠮᠥᠰᠥ᠂ ᠲᠡᠵᠢᠭᠡᠯ ᠡᠪᠡᠰᠦ ᠵᠡᠷᠭᠡ ᠮᠠᠯ ᠠᠵᠤ ᠠᠬᠤᠢ ᠲᠠᠷᠢᠶᠠᠯᠠᠩ ᠤᠨ ᠭᠤᠣᠯᠳᠠᠯᠭ᠎ᠠ ᠲᠠᠢ 7 ᠲᠣᠮᠣ | ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠠᠷᠢᠮᠤ ᠶᠢᠨ | ᠤᠯᠤᠰ ᠤᠨ ᠲᠠᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠠᠮᠵᠢᠯᠲᠠ ᠲᠠᠢ ᠡᠭᠦᠳᠦᠨ | ᠪᠠᠶᠢᠭᠤᠯᠵᠤ᠂ ᠲᠠᠶᠢᠫᠤᠰᠧ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ ᠤᠯᠤᠰ ᠤᠨ | ᠲᠠᠰ ᠤᠨ 2 ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ᠂ ᠮᠣᠷᠢᠨᠳᠠᠪᠠᠭ᠎ᠠ ᠬᠤᠰᠢᠭᠤᠨ ᠤ ᠲᠡᠭᠷᠢ ᠪᠠᠯᠭᠠᠰᠤ | ᠵᠡᠷᠭᠡ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ 8 ᠪᠠᠶᠢᠭᠤᠯᠵᠤ᠂ ᠠᠵᠤ | ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠠᠯᠬᠤᠮ ᠠᠯᠬᠤᠮ ᠢᠶᠠᠷ | ᠲᠣᠪᠣᠶᠢᠮ᠎ᠠ ᠪᠣᠯᠪᠠ᠃ | — ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠠᠬᠢᠭᠤᠯᠵᠤ᠂ ᠨᠡᠩ ᠴᠢᠬᠤᠯᠠ ᠬᠥᠭᠵᠢᠯᠲᠡ ᠶᠢ | ᠪᠡᠶᠡᠯᠡᠭᠦᠯᠪᠡ᠃ ᠦᠷ᠎ᠡ ᠡᠳ᠋ ᠤᠨ ᠡᠬᠢ ᠪᠠᠶᠠᠯᠢᠭ ᠤᠨ ᠪᠠᠶᠢᠳᠠᠯ ᠢ ᠪᠦᠭᠦ ᠲᠠᠯ᠎ᠠ ᠪᠠᠷ ᠣᠶᠢᠯᠠᠭᠠᠵᠤ᠂ 3 ᠤᠯᠤᠰ ᠤᠨ | ᠲᠡᠰ ᠤᠨ ᠪᠠ 6 ᠥᠪᠡᠷᠲᠡᠭᠡᠨ ᠵᠠᠰᠠᠬᠤ ᠣᠷᠣᠨ ᠤ ᠲᠡᠰ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ︵ | ᠬᠦᠷᠢᠶᠡᠯᠡᠩ︶ ᠶᠢ ᠪᠠᠶᠢᠭᠤᠯᠵᠤ᠂ ᠤᠯᠤᠰ ᠤᠨ ᠲᠡᠰ ᠤᠨ ᠦᠷ᠎ᠡ ᠪᠣᠶᠢᠵᠢᠭᠤᠯᠬᠤ ᠲᠣᠮᠣ ᠰᠢᠶᠠᠨ ᠪᠠ ᠣᠷᠣᠨ | ᠪᠦᠰᠡ ᠶᠢᠨ ᠴᠢᠨᠠᠷᠲᠠᠢ ᠰᠠᠶᠢᠨ ᠦᠷᠡᠵᠢᠭᠦᠯᠬᠦ ᠰᠠᠭᠤᠷᠢᠨ ᠢ 9 ᠡᠭᠦᠳᠦᠨ ᠪᠠᠶᠢᠭᠤᠯᠵᠤ᠂ ᠤᠯᠤᠰ ᠤᠨ ᠲᠡᠰ ᠤᠨ ᠮᠠᠯ | ᠵᠢᠭᠦᠷᠲᠡᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠢ ᠶᠢ 23 ᠳᠤ ᠬᠦᠷᠭᠡᠵᠦᠦᠬᠡᠷ ᠬᠤᠨᠢᠨ ᠤ ᠡᠭᠦᠯᠳᠡᠷ | ᠪᠣᠶᠢᠵᠢᠭᠤᠯᠬᠤ ᠭᠤᠣᠯ ᠲᠠᠯᠠᠪᠠᠢ ᠶᠢᠨ ᠲᠤᠭ᠎ᠠ ᠪᠦᠭᠦ ᠤᠯᠤᠰ ᠤᠨ ᠲᠡᠷᠢᠭᠦᠨ ᠳᠤ ᠣᠷᠣᠵᠤ᠂ ᠦᠷ᠎ᠡ ᠶᠢᠨ ᠦᠢᠯᠡᠰ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠨᠠᠩ ᠡᠯᠪᠡᠭ ᠦᠷ᠎ᠡ ᠪᠦᠲᠦᠮᠵᠢ ᠣᠯᠪᠠ᠃ | — ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠵᠤ᠂ ᠬᠥᠳᠡᠯᠭᠡᠬᠦ ᠡᠨᠧᠷᠭᠢ ᠶᠢᠨ ᠨᠠᠩ ᠬᠦᠴᠦᠷᠬᠡᠭ | ᠬᠥᠭᠵᠢᠯᠲᠡ ᠶᠢ ᠪᠡᠶᠡᠯᠡᠭᠦᠯᠪᠡ᠃ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ 5 | ᠵᠦᠢᠯ ᠤᠨ ᠵᠠᠭᠪᠤᠷ ᠢ ᠳ᠋ᠦᠩᠨᠡᠨ ᠳᠡᠯᠭᠡᠷᠡᠭᠦᠯᠵᠦ᠂ 5 ᠬᠤᠰᠢᠭᠤ ᠰᠢᠶᠠᠨ᠂ 20 ᠰᠢᠶᠠᠩ ᠪᠠᠯᠭᠠᠰᠤ᠂ 100 ᠭᠠᠴᠠᠭ᠎ᠠ | ᠲᠣᠰᠬᠤᠨ ᠳᠤ ᠮᠠᠰᠢᠨᠴᠢᠯᠠᠬᠤ᠂ ᠡᠷᠴᠢᠮᠵᠢᠭᠦᠯᠬᠦ᠂ ᠪᠠᠷᠢᠮᠵᠢᠶᠠᠵᠢᠭᠤᠯᠬᠤ ᠨᠣᠭᠤᠭᠠᠨ ᠥᠨᠳᠥᠷ ᠪᠦᠲᠦᠮᠵᠢᠲᠦ ᠣᠲᠣ | ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠲᠥᠪᠯᠡᠷᠡᠭᠦᠯᠦᠨ ᠵᠠᠯᠭᠠᠯᠳᠤᠭᠤᠯᠤᠨ | ᠠᠬᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃ ᠦᠬᠡᠷ | ᠬᠤᠨᠢ ᠲᠡᠵᠢᠭᠡᠨ ᠦᠷᠡᠵᠢᠭᠦᠯᠬᠦ 47 ᠲᠣᠮᠣ ᠰᠢᠶᠠᠨ ᠤ ᠮᠠᠯ ᠤᠨ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ | ᠠᠬᠢᠭᠤᠯᠬᠤ ᠶᠢ ᠳᠡᠮᠵᠢᠵᠦ᠂ 17 ᠬᠤᠰᠢᠭᠤ ᠰᠢᠶᠠᠨ ᠢ ᠨᠥᠯᠥᠭᠡᠯᠡᠨ ᠳᠠᠶᠢᠴᠢᠯᠠᠵᠤ ᠪᠠᠶᠢᠭᠠᠳ ᠮᠠᠯ ᠤᠨ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢ ᠪᠡᠶ᠎ᠡ ᠪᠠᠨ ᠳᠠᠭᠠᠭᠠᠨ ᠬᠡᠷᠡᠭᠵᠢᠭᠦᠯᠵᠦ᠂ ᠪᠦᠭᠦ ᠣᠷᠣᠨ ᠤ 70% ᠶᠢᠨ ᠦᠬᠡᠷ | ᠬᠤᠨᠢ ᠲᠡᠵᠢᠭᠡᠨ ᠦᠷᠡᠵᠢᠭᠦᠯᠬᠦ ᠣᠷᠣᠨ ᠢ ᠬᠠᠮᠤᠷᠴᠤ᠂ ᠮᠠᠯ ᠠᠵᠤ ᠠᠬᠤᠢ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ | — ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠨᠡᠩ ᠥᠨᠳᠥᠷ ᠪᠦᠲᠦᠮᠵᠢᠲᠠᠢ | ᠬᠥᠭᠵᠢᠯᠲᠡ ᠶᠢ ᠪᠡᠶᠡᠯᠡᠭᠦᠯᠪᠡ᠃ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠨᠠᠶᠢᠳᠠᠪᠤᠷᠢᠵᠢᠭᠤᠯᠤᠨ᠂ ᠨᠠᠷᠢᠯᠢᠭ ᠡᠳ᠋ᠰᠢᠭᠦᠯᠬᠦ ᠪᠠ | ᠳᠠᠭᠠᠯᠲᠠ ᠪᠦᠲᠦᠭᠡᠭᠳᠡᠬᠦᠨ ᠢ ᠥᠨᠳᠥᠷ ᠥᠷᠲᠡᠭ ᠲᠠᠢ ᠪᠣᠯᠭᠠᠨ ᠪᠣᠯᠭᠠᠨ ᠠᠰᠢᠭᠯᠠᠬᠤ ᠶᠢ ᠶᠡᠭᠡ ᠪᠠᠷ ᠬᠥᠭᠵᠢᠭᠦᠯᠵᠦ᠂ | 2023 ᠣᠨ ᠤ ᠪᠡᠯᠡᠨ ᠨᠣᠭᠤᠭ᠎ᠠ ᠶᠢᠨ13 ᠳᠠᠭᠠᠭᠤᠯᠤᠭᠴᠢ ᠠᠵᠤ ᠠᠬᠤᠶᠢᠯᠠᠯ᠂ ᠣᠨᠴᠠᠯᠢᠭᠲᠤ ᠲᠥᠷᠥᠯ | ᠲᠡᠮᠳᠡᠭᠲᠦ12 ᠠᠵᠤ ᠠᠬᠤᠶᠢᠯᠠᠯ᠂ ᠰᠦᠯᠵᠢᠶᠡᠨ ᠳᠡᠭᠡᠷ᠎ᠡ ᠪᠣᠷᠣᠯᠠᠭᠤᠯᠬᠤ 5 ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠰᠢᠯᠭᠠᠷᠠᠭᠤᠯᠵᠤ᠂ ᠬᠤᠨᠢᠨ ᠠᠷᠠᠰᠤ ᠶᠢ ᠢᠳᠡᠭᠡᠨ ᠪᠣᠯᠭᠠᠨ ᠪᠤᠯᠪᠠᠰᠤᠷᠠᠭᠤᠯᠬᠤ 9 ᠠᠵᠤ ᠠᠬᠤᠶᠢᠯᠠᠯ ᠢ | ᠳᠡᠮᠵᠢᠨ ᠪᠣᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠪᠠ᠃ | — ᠨᠣᠭᠤᠭᠠᠨ ᠦᠢᠯᠡᠳᠪᠦᠷᠢᠯᠡᠯ ᠢ ᠠᠬᠢᠭᠤᠯᠵᠤ᠂ ᠨᠡᠩ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠪᠡ᠃ | ᠬᠢᠮᠢ ᠶᠢᠨ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠨ ᠡᠮ ᠢ ᠬᠢᠵᠠᠭᠠᠷᠯᠠᠨ ᠬᠥᠨᠥᠭᠡᠯ ᠢ | ᠪᠠᠭᠠᠰᠬᠠᠬᠤ ᠠᠵᠢᠯᠯᠠᠭ᠎ᠠ ᠥᠷᠨᠢᠭᠦᠯᠵᠦ︽ᠲᠠᠷᠢᠶᠠᠨ ᠴᠢᠬᠢ ᠶᠢ ᠦᠵᠡᠵᠦ ᠪᠣᠷᠳᠣᠭᠤᠷ ᠰᠣᠩᠭᠤᠬᠤ︾32 ᠲᠠᠪᠴᠠᠩ᠂ | ︽ᠡᠪᠡᠳᠴᠢᠨ ᠳᠤᠨᠢ ᠲᠣᠬᠢᠷᠠᠭᠤᠯᠤᠨ ᠡᠮ ᠰᠣᠩᠭᠤᠬᠤ︾ 15 ᠵᠢᠱᠢᠶ᠎ᠡ ᠦᠵᠡᠭᠦᠯᠭᠦ ᠣᠷᠣᠨ ᠪᠠ ︽ᠤᠯᠠ ᠪᠣᠷᠳᠣᠭᠤᠷ | ᠦᠭᠡᠢ︾ ᠮᠡᠷᠭᠡᠵᠢᠯ ᠤᠨ 33 ᠭᠤᠣᠯᠯᠠᠬᠤ ᠲᠤᠷᠰᠢᠯᠲᠠ ᠶᠢᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠵᠤ᠂ | ᠨᠣᠭᠤᠭᠠᠨ ᠰᠡᠷᠭᠡᠶᠢᠯᠡᠨ ᠡᠵᠡᠮᠳᠡᠬᠦ ᠲᠠᠷᠢᠶᠠᠨ ᠭᠠᠵᠠᠷ ᠤᠨ ᠲᠠᠯᠠᠪᠠᠢ ᠶᠢ 5879 ᠲᠦᠮᠡᠨ ᠮᠦ ᠬᠡᠷᠡᠭᠵᠢᠭᠦᠯᠵᠦ᠂ | 5738 ᠲᠦᠮᠡᠨ ᠮᠦ ᠶᠢ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠵᠤ᠂ ᠲᠠᠷᠢᠶᠠᠯᠠᠩ ᠤᠨ ᠦᠢᠯᠡᠳᠪᠦᠷᠢᠯᠡᠯ ᠢ ᠨᠠᠩ | ᠪᠣᠬᠢᠷᠳᠤᠯ ᠦᠭᠡᠢ ᠪᠣᠯᠭᠠᠪᠠ᠃ | ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠲᠣᠭᠲᠠᠭᠤᠨ ᠪᠣᠯ ᠪᠦᠭᠦ ᠲᠠᠯ᠎ᠠ ᠶᠢᠨ ᠬᠥᠭᠵᠢᠯᠲᠡ | ᠲᠣᠭᠲᠠᠭᠤᠨ︔ ᠮᠠᠯ ᠠᠵᠤ ᠠᠬᠤᠢ ᠲᠠᠷᠢᠶᠠᠯᠠᠩ ᠤᠨ ᠦᠢᠯᠡᠰ ᠬᠥᠭᠵᠢᠪᠡᠯ ᠪᠦᠭᠦ ᠦᠢᠯᠡᠰ ᠬᠥᠭᠵᠢᠨ᠎ᠡ᠃ ᠦᠨᠡᠨ | ᠪᠣᠳᠠᠲᠠᠢ ᠠᠷᠭ᠎ᠠ ᠬᠡᠮᠵᠢᠶ᠎ᠡ ᠠᠪᠴᠤ᠂ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ᠂ ᠴᠡᠭ ᠢᠶᠠᠷ ᠨᠡᠶᠢᠳᠡᠮ ᠢ ᠳᠠᠶᠢᠴᠢᠯᠠᠨ | ᠵᠢᠱᠢᠶ᠎ᠡ ᠦᠵᠡᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ | ᠲᠠᠰ ᠳᠡᠪᠰᠢᠭᠦᠯᠬᠦ ᠶᠢ ᠠᠬᠢᠭᠤᠯᠬᠤ ᠲᠠᠯ᠎ᠠ ᠪᠠᠷ ᠥᠪᠥᠷ ᠮᠣᠩᠭᠤᠯ ᠶᠠᠭ ᠮᠠᠯ ᠠᠵᠤ ᠠᠬᠤᠢ ᠲᠠᠷᠢᠶᠠᠯᠠᠩ ᠤᠨ ᠴᠢᠨᠠᠷ | ᠰᠠᠶᠢᠲᠠᠢ ᠥᠨᠳᠥᠷ ᠪᠦᠲᠦᠮᠵᠢᠲᠡᠶ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ | ᠮᠠᠯᠴᠢᠨ ᠲᠠᠷᠢᠶᠠᠴᠢᠨ ᠪᠠᠶᠠᠵᠢᠯ ᠤᠨ ᠰᠢᠨ᠎ᠡ ᠬᠠᠭᠤᠳᠠᠰᠤ ᠶᠢ ᠪᠦᠭᠦ ᠬᠦᠴᠦᠨ ᠢᠶᠠᠷ ᠢᠶᠠᠨ ᠪᠢᠴᠢᠭᠯᠡᠵᠦ ᠪᠤᠶ᠃ |