X505 ᠱᠤᠭᠤᠮ ᠤᠨ ᠰᠧᠯᠢᠴᠢᠨ ᠶᠡᠭᠡ ᠬᠥᠭᠦᠷᠭᠡ᠂ ᠬᠤᠰᠢᠭᠤᠨ ᠰᠦᠮ᠎ᠡ ᠶᠡᠭᠡ ᠬᠥᠭᠦᠷᠭᠡ ᠶᠢ ᠪᠠᠶᠢᠴᠠᠭᠠᠨ ᠰᠢᠯᠭᠠᠬᠤ ᠬᠤᠭᠤᠴᠠᠭᠠᠨ ᠳᠠᠬᠢ ᠲᠦᠷ ᠴᠠᠭ ᠤᠨ ᠵᠠᠮ ᠬᠠᠭᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/7/31

    ᠰᠧᠯᠢᠴᠢᠨ ᠶᠡᠭᠡ ᠬᠥᠭᠦᠷᠭᠡ X505 ᠱᠤᠭᠤᠮ ᠤᠨ K65450 ᠭᠠᠵᠠᠷ ᠲᠤ ᠪᠠᠶᠢᠷᠢᠯᠠᠵᠤ᠂ ᠬᠤᠰᠢᠭᠤᠨ

ᠰᠦᠮ᠎ᠡ‌ᠶᠡᠭᠡ ᠬᠥᠭᠦᠷᠭᠡ X502 ᠱᠤᠭᠤᠮ ᠤᠨ K101 002 ᠭᠠᠵᠠᠷ ᠲᠤ ᠪᠠᠶᠢᠷᠢᠯᠠᠵᠤ᠂ ᠳᠡᠭᠡᠷ᠎ᠡ

ᠳᠤᠷᠠᠳᠤᠭᠰᠠᠨ ᠬᠤᠶᠠᠷ ᠬᠥᠭᠦᠷᠭᠡ ᠶᠢᠨ ᠪᠠᠶᠢᠴᠠᠭᠠᠨ ᠰᠢᠯᠭᠠᠬᠤ ᠢᠨᠵᠧᠨᠧᠷᠢᠩ ᠠᠴᠠ ᠬᠡᠷᠡᠭᠵᠢᠭᠦᠯᠵᠦ᠂ ᠪᠠᠶᠢᠴᠠᠭᠠᠨ

ᠰᠢᠯᠭᠠᠭᠰᠠᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠵᠢᠴᠢ ᠪᠠᠶᠢᠴᠠᠭᠠᠨ ᠰᠢᠯᠭᠠᠬᠤ ᠲᠤᠬᠠᠢ ᠶᠢᠨ ᠲᠠᠯᠠᠪᠤᠷ ᠤᠨ

ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠪᠠᠭ᠎ᠠ

ᠬᠤᠭᠤᠴᠠᠭᠠᠨ ᠳᠤ ᠬᠥᠭᠦᠷᠭᠡ ᠶᠢᠨ ᠪᠠᠶᠢᠭ᠎ᠠ ᠵᠠᠮ ᠤᠨ ᠬᠡᠰᠡᠭ ᠢ ᠲᠦᠷ ᠴᠠᠭ ᠪᠢᠲᠡᠭᠦᠮᠵᠢᠯᠡᠵᠦ᠂ ᠪᠠᠶᠢᠴᠠᠭᠠᠨ ᠰᠢᠯᠭᠠᠬᠤ

ᠬᠤᠭᠤᠴᠠᠭᠠᠨ ᠳᠤ ᠬᠥᠭᠦᠷᠭᠡ ᠶᠢᠨ ᠪᠠᠶᠢᠭ᠎ᠠ ᠭᠠᠵᠠᠷ ᠤᠨ ᠬᠡᠰᠡᠭ ᠢ ᠲᠦᠷ ᠴᠠᠭ ᠪᠢᠲᠡᠭᠦᠮᠵᠢᠯᠡᠨ᠎ᠡ᠃

ᠪᠢᠲᠡᠭᠦᠮᠵᠢᠯᠡᠬᠦ ᠴᠠᠭ ᠵᠢᠴᠢ ᠪᠢᠲᠡᠭᠦᠮᠵᠢᠯᠡᠬᠦ ᠬᠦᠷᠢᠶ᠎ᠡ ᠬᠡᠪᠴᠢᠶ᠎ᠡ᠄

1.2024 ᠣᠨ ᠤ 7 ᠰᠠᠷ᠎ᠠ ᠶᠢᠨ 27 ᠤ ᠡᠳᠦᠷ ᠤᠨ 23 ᠴᠠᠭ ᠠᠴᠠ ᠳᠠᠷᠠᠭ᠎ᠠ ᠡᠳᠦᠷ ᠤᠨ ᠥᠷᠯᠥᠭᠡ ᠶᠢᠨ 3

ᠴᠠᠭ ᠪᠣᠯᠲᠠᠯ᠎ᠠ᠂ X502 ᠱᠤᠭᠤᠮ ᠤᠨ K99300 - K1070 ᠵᠠᠮ ᠤᠨ ᠬᠡᠰᠡᠭ ᠲᠤ ᠵᠠᠮ ᠢ ᠪᠢᠲᠡᠭᠦᠮᠵᠢᠯᠡᠵᠦ᠂

ᠬᠥᠭᠦᠷᠭᠡ ᠶᠢᠨ ᠰᠢᠯᠭᠠᠨ ᠪᠠᠶᠢᠴᠠᠭᠠᠯᠲᠠ ᠬᠢᠨ᠎ᠡ᠃ ᠨᠡᠶᠢᠲᠡ 4 ᠴᠠᠭ᠃

2.2024 ᠣᠨ ᠤ 7 ᠰᠠᠷ᠎ᠠ ᠶᠢᠨ 28 ᠤ ᠡᠳᠦᠷ ᠤᠨ 23 ᠴᠠᠭ ᠠᠴᠠ ᠳᠠᠷᠠᠭ᠎ᠠ ᠡᠳᠦᠷ ᠤᠨ ᠥᠷᠯᠥᠭᠡ ᠶᠢᠨ 3

ᠴᠠᠭ ᠪᠣᠯᠲᠠᠯ᠎ᠠ᠂ X505 ᠱᠤᠭᠤᠮ ᠤᠨ K65 000-K66 000 ᠵᠠᠮ ᠤᠨ ᠬᠡᠰᠡᠭ ᠲᠤ ᠵᠠᠮ ᠢ

ᠪᠢᠲᠡᠭᠦᠮᠵᠢᠯᠡᠵᠦ᠂ ᠬᠥᠭᠦᠷᠭᠡ ᠶᠢᠨ ᠰᠢᠯᠭᠠᠨ ᠪᠠᠶᠢᠴᠠᠭᠠᠯᠲᠠ ᠬᠢᠨ᠎ᠡ᠃ ᠨᠡᠶᠢᠲᠡ 4 ᠴᠠᠭ᠃

ᠵᠠᠮ ᠨᠡᠪᠲᠡᠷᠡᠯᠭᠡ ᠶᠢᠨ ᠠᠷᠭ᠎ᠠ ᠬᠡᠮᠵᠢᠶ᠎ᠡ

1.ᠵᠠᠮ ᠢ ᠪᠢᠲᠡᠭᠦᠮᠵᠢᠯᠡᠬᠦ ᠬᠤᠭᠤᠴᠠᠭᠠᠨ ᠳᠤ ᠲᠣᠰ ᠪᠠᠶᠢᠴᠠᠭᠠᠨ ᠰᠢᠯᠭᠠᠬᠤ ᠲᠥᠷᠥᠯ ᠵᠦᠢᠯ ᠤᠨ ᠪᠠᠷᠢᠯᠭ᠎ᠠ ᠶᠢᠨ

ᠲᠡᠷᠭᠡ ᠬᠥᠰᠬᠡ ᠶᠢ ᠭᠠᠷᠭᠠᠪᠠᠯ᠂ ᠪᠤᠶ ᠪᠦᠬᠦᠢ ᠲᠡᠷᠭᠡ ᠬᠥᠰᠬᠡ ᠶᠢ ᠪᠢᠲᠡᠭᠦᠮᠵᠢᠯᠡᠭᠰᠡᠨ ᠵᠠᠮ ᠤᠨ ᠬᠡᠰᠡᠭ ᠲᠤ ᠨᠡᠪᠲᠡᠷᠡᠵᠦ

ᠪᠣᠯᠬᠤ ᠦᠭᠡᠢ᠃

2. ᠣᠷᠢᠶᠠᠨ ᠶᠠᠪᠤᠭᠤᠯᠬᠤ ᠲᠥᠰᠥᠯ᠄

    7 ᠰᠠᠷ᠎ᠠ ᠶᠢᠨ 27 ᠤ ᠡᠳᠦᠷ ᠤᠨ 23 ᠴᠠᠭ ᠠᠴᠠ ᠳᠠᠷᠠᠭ᠎ᠠ ᠡᠳᠦᠷ ᠤᠨ ᠥᠷᠯᠥᠭᠡ ᠶᠢᠨ 3 ᠴᠠᠭ ᠪᠣᠯᠲᠠᠯ᠎ᠠ

X502 ᠱᠤᠭᠤᠮ ᠤᠨ K99300-K10700 ᠬᠦᠷᠬᠦ ᠵᠠᠮ ᠤᠨ ᠲᠡᠷᠭᠡ ᠬᠥᠰᠬᠡ ᠶᠢ ᠪᠢᠲᠡᠭᠦᠮᠵᠢᠯᠡᠵᠦ᠂

X502 ᠱᠤᠭᠤᠮ ᠤᠨ 98 ᠺᠢᠯᠣᠮᠧᠲᠷ ᠠᠴᠠ X505 ᠱᠤᠭᠤᠮ ᠳᠤ ᠰᠢᠯᠵᠢᠭᠦᠯᠦᠨ ᠣᠷᠣᠭᠤᠯᠵᠤ᠂ X505

ᠱᠤᠭᠤᠮ ᠤᠨ 47 ᠺᠢᠯᠣᠮᠧᠲᠷ ᠠᠴᠠ C923 ᠱᠤᠭᠤᠮ ᠳᠤ ᠰᠢᠯᠵᠢᠭᠦᠯᠦᠨ ᠣᠷᠣᠭᠤᠯᠵᠤ᠂C923 ᠱᠤᠭᠤᠮ ᠤᠨ

8 ᠺᠢᠯᠣᠮᠧᠲᠷ ᠤᠨ 100 ᠮᠧᠲᠷ ᠠᠴᠠ C925 ᠱᠤᠭᠤᠮ ᠳᠤ ᠰᠢᠯᠵᠢᠭᠦᠯᠦᠨ ᠣᠷᠣᠭᠤᠯᠵᠤ᠂ C925

ᠱᠤᠭᠤᠮ ᠤᠨ 9 ᠺᠢᠯᠣᠮᠧᠲᠷ ᠤᠨ 900 ᠮᠧᠲᠷ ᠠᠴᠠ X502 ᠱᠤᠭᠤᠮ ᠤᠨ 600 ᠮᠧᠲᠷ ᠲᠤ ᠰᠢᠯᠵᠢᠭᠦᠯᠦᠨ

ᠣᠷᠣᠭᠤᠯᠬᠤ ᠪᠣᠯᠣᠨ᠎ᠠ᠃

    7 ᠰᠠᠷ᠎ᠠ ᠶᠢᠨ 28 ᠤ ᠡᠳᠦᠷ ᠤᠨ 23 ᠴᠠᠭ ᠠᠴᠠ ᠳᠠᠷᠠᠭ᠎ᠠ ᠡᠳᠦᠷ ᠤᠨ ᠥᠷᠯᠥᠭᠡ ᠶᠢᠨ 3 ᠴᠠᠭ ᠪᠣᠯᠲᠠᠯ᠎ᠠ᠂

X505 ᠱᠤᠭᠤᠮ ᠤᠨ K65 000-K66 000 ᠵᠠᠮ ᠤᠨ ᠬᠡᠰᠡᠭ ᠤᠨ ᠲᠡᠷᠭᠡ ᠬᠥᠰᠬᠡ ᠶᠢ ᠪᠢᠲᠡᠭᠦᠮᠵᠢᠯᠡᠵᠦ᠂

ᠵᠠᠮ ᠬᠠᠷᠢᠯᠴᠠᠭᠠᠨ ᠤ ᠳᠠᠷᠤᠯᠲᠠ ᠶᠢ ᠪᠠᠭᠠᠰᠬᠠᠬᠤ ᠶᠢᠨ ᠲᠥᠯᠥᠭᠡ᠂ ᠬᠠᠭᠠᠰ ᠴᠠᠭ ᠠᠯᠤᠰᠯᠠᠬᠤ ᠪᠤᠶᠤ 1 ᠴᠠᠭ ᠲᠤ

ᠨᠢᠭᠡ ᠤᠳᠠᠭ᠎ᠠ ᠲᠠᠯᠪᠢᠵᠤ ᠪᠣᠯᠣᠨ᠎ᠠ᠃

3. ᠪᠠᠶᠢᠴᠠᠭᠠᠨ ᠬᠡᠮᠵᠢᠬᠦ ᠬᠤᠭᠤᠴᠠᠭᠠᠨ ᠳᠤ᠂ ᠨᠠᠰᠢ ᠴᠠᠰᠢ ᠥᠩᠭᠡᠷᠡᠬᠦ ᠲᠡᠷᠭᠡ ᠪᠣᠯᠣᠨ ᠶᠠᠪᠠᠭᠠᠨ ᠬᠥᠮᠥᠨ ᠪᠦᠬᠦᠨ

ᠡᠷᠬᠡᠪᠰᠢ ᠲᠤᠬᠠᠢ ᠶᠢᠨ ᠲᠠᠯᠠᠪᠠᠶ ᠶᠢᠨ ᠬᠥᠮᠥᠰ ᠤᠨ ᠵᠢᠯᠣᠭᠤᠳᠤᠯᠭ᠎ᠠ ᠶᠢ ᠳᠠᠭᠠᠵᠤ᠂ ᠲᠤᠬᠠᠢ ᠶᠢᠨ ᠲᠠᠯᠠᠪᠠᠶ ᠶᠢᠨ ᠵᠠᠮ

ᠬᠠᠷᠢᠯᠴᠠᠭᠠᠨ ᠤ ᠬᠠᠮᠢᠶᠠᠷᠤᠯᠲᠠ ᠶᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠢ᠃ ᠥᠷᠭᠡᠨ ᠣᠯᠠᠨ ᠬᠥᠮᠥᠨ ᠵᠢᠴᠢ

ᠵᠢᠯᠣᠭᠤᠴᠢ ᠵᠠᠮ ᠬᠠᠷᠢᠯᠴᠠᠭᠠᠨ ᠤ ᠶᠠᠪᠤᠵᠤ ᠰᠠᠭᠤᠬᠤ ᠴᠠᠭ ᠪᠠ ᠱᠤᠭᠤᠮ ᠢᠶᠠᠨ ᠤᠷᠢᠳᠴᠢᠯᠠᠨ ᠰᠣᠩᠭᠤᠨ

ᠲᠣᠬᠢᠷᠠᠭᠤᠯᠵᠤ᠂ ᠠᠯᠢ ᠴᠢᠳᠠᠬᠤ ᠪᠠᠷ ᠪᠤᠰᠤᠳ ᠵᠠᠮ ᠬᠠᠷᠢᠯᠴᠠᠭᠠᠨ ᠤ ᠱᠤᠭᠤᠮ ᠢ ᠰᠣᠩᠭᠤᠨ ᠲᠣᠭᠤᠷᠢᠵᠤ᠂

ᠪᠠᠶᠢᠴᠠᠭᠠᠨ ᠰᠢᠯᠭᠠᠬᠤ ᠠᠵᠢᠯ ᠨᠢ ᠲᠠᠨ ᠳᠤ ᠳᠥᠭᠦᠮ ᠦᠭᠡᠢ ᠪᠣᠯᠤᠭᠰᠠᠨ ᠢ ᠠᠰᠠᠭᠤᠨ ᠣᠶᠢᠯᠭᠠᠵᠤ ᠳᠡᠮᠵᠢᠯᠭᠡ

ᠦᠵᠡᠭᠦᠯᠦᠭᠡᠷᠡᠢ᠃

    ᠤᠯᠠᠭᠠᠢ ᠬᠠᠮᠢᠶᠠᠷᠤᠯᠲᠠ ᠶᠢᠨ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ

    2024 ᠣᠨ ᠤ 7 ᠰᠠᠷ᠎ᠠ ᠶᠢᠨ 26 ᠤ ᠡᠳᠦᠷ

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号